ᠪᠤᠭᠤᠳᠤ ᠬᠤᠳᠠ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠲᠦᠮᠦᠰᠦ ᠶ᠋ᠢ ᠰᠤᠳᠤᠯᠤᠨ ᠳᠡᠯᠭᠡᠷᠡᠭᠦᠯᠬᠦ ᠲᠦᠪ ᠤ᠋ᠨ ᠬᠢᠨ ᠤᠢᠷ᠎ᠠ ᠳ᠋ᠤ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠳ᠋ᠤ ᠦᠪᠡᠷᠳᠡᠭᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠶ᠋ᠢᠨ ᠴᠢᠬᠤᠯᠠ ᠶᠡᠬᠡ ᠮᠡᠷᠭᠡᠵᠢᠯ ᠢ᠋ ᠬᠠᠮᠵᠢᠯᠴᠠᠭᠤᠯᠤᠨ ᠳᠡᠯᠭᠡᠷᠡᠭᠦᠯᠬᠦ ᠲᠦᠷᠦᠯ ᠵᠦᠢᠯ — ᠲᠦᠮᠦᠰᠤ ᠵᠢᠨ ᠰᠢᠨ᠎ᠠ ᠡᠭᠦᠯᠳᠡᠷ ᠢ᠋ ᠳᠡᠯᠭᠡᠨ ᠦᠵᠡᠬᠦᠯᠬᠦ ᠵᠢᠴᠢ ᠢᠵᠢ ᠪᠦᠷᠢᠳᠦᠭᠦᠯᠦᠨ ᠲᠠᠷᠢᠬᠤ ᠲᠦᠷᠦᠯ ᠵᠦᠢᠯ ᠤ᠋ᠨ ᠡᠯ᠎ᠠ ᠵᠢᠱ᠌ᠢᠶᠠ ᠦᠵᠡᠭᠦᠯᠬᠦ ᠴᠡᠭ ᠤ᠋ᠨ ᠲᠦᠮᠦᠰᠦ ᠲᠠᠷᠢᠬᠤ ᠡᠭᠦᠷᠭᠡ ᠶ᠋ᠢ ᠪᠦᠬᠦ ᠲᠠᠯ᠎ᠠ ᠪᠡᠷ ᠪᠡᠶᠡᠯᠡᠭᠦᠯᠵᠦ᠂ ᠲᠤᠰ ᠲᠦᠷᠦᠯ ᠵᠦᠢᠯ ᠢ᠋ ᠦᠷᠭᠦᠯᠵᠢᠯᠡᠨ ᠬᠡᠷᠡᠭᠵᠢᠭᠦᠯᠬᠦ ᠳ᠋ᠤ ᠪᠠᠳᠤ ᠰᠠᠭᠤᠷᠢ ᠵᠢ ᠲᠠᠯᠪᠢᠪᠠ᠃
ᠲᠦᠷᠦᠯ ᠵᠦᠢᠯ ᠤ᠋ᠨ ᠪᠦᠯᠬᠦᠮ ᠤ᠋ᠨ ᠬᠢᠨ ᠬᠡᠷᠡᠭᠵᠢᠭᠦᠯᠬᠦ ᠲᠦᠰᠦᠯ ᠶᠤᠰᠤᠭᠠᠷ᠂ ᠲᠦᠮᠦᠰᠦ ᠶ᠋ᠢᠨ ᠰᠢᠨ᠎ᠠ ᠡᠭᠦᠯᠳᠡᠷ ᠬᠢᠭᠡᠳ ᠭᠤᠤᠯᠯᠠᠨ ᠳᠡᠯᠭᠡᠷᠡᠭᠦᠯᠬᠦ ᠮᠡᠷᠭᠡᠵᠢᠯ ᠤ᠋ᠨ ᠵᠢᠱ᠌ᠢᠶᠠ ᠦᠵᠡᠭᠦᠯᠬᠦ ᠲᠠᠷᠢᠶ᠎ᠠ ᠶ᠋ᠢᠨ ᠪᠦᠲᠦᠭᠡᠨ ᠪᠠᠢᠭᠤᠯᠤᠯᠳᠠ ᠶ᠋ᠢ ᠡᠮᠬᠢ ᠵᠢᠷᠦᠮ ᠲᠠᠢ ᠠᠬᠢᠭᠤᠯᠵᠠᠢ᠃ ᠰᠢᠨ᠎ᠠ ᠡᠭᠦᠯᠳᠡᠷ ᠢ᠋ ᠳᠡᠯᠭᠡᠨ ᠦᠵᠡᠭᠦᠯᠬᠦ ᠲᠠᠷᠢᠶᠠᠨ ᠭᠠᠵᠠᠷ ᠲᠦ᠍ ᠨᠧᠢ ᠹᠠᠨ 24 ᠳ᠋ᠤᠭᠡᠷ ᠨᠤᠮᠧᠷᠳᠦ᠂ ᠮᠧᠩ ᠡᠦ ᠱᠤ᠌ 6 ᠳ᠋ᠤᠭᠠᠷ ᠨᠤᠮᠧᠷᠳᠦ᠂ ᠵᠦᠩ ᠵᠢᠶᠠ 7 ᠳ᠋ᠤᠭᠠᠷ ᠨᠤᠮᠧᠷᠳᠦ᠂ ᠵᠦᠩ ᠱᠤ᠌ ᠽᠤᠤ 39 ᠳ᠋ᠤᠭᠡᠷ ᠨᠤᠮᠧᠷᠳᠦ ᠵᠡᠷᠭᠡ 15 ᠵᠦᠢᠯ ᠤ᠋ᠨ ᠰᠢᠨ᠎ᠡ ᠡᠬᠦᠯᠳᠡᠷ ᠤ᠋ᠨ ᠲᠦᠮᠦᠰᠦ ᠲᠠᠷᠢᠵᠠᠢ᠃ ᠡᠭᠦᠨ ᠤ᠋ ᠵᠤᠷᠢᠯᠳᠠ ᠨᠢ ᠤᠷᠤᠨ ᠨᠤᠳᠤᠭ ᠲᠠᠭᠠᠨ ᠳᠤᠬᠢᠷᠠᠬᠤ ᠰᠢᠯᠢᠳᠡᠭ ᠡᠭᠦᠯᠳᠡᠷ ᠤ᠋ᠨ ᠲᠦᠮᠦᠰᠦ ᠶ᠋ᠢ ᠰᠤᠩᠭᠤᠵᠤ ᠭᠠᠷᠭᠠᠨ᠂ ᠤᠷᠤᠨ ᠪᠦᠰᠡ ᠶ᠋ᠢᠨ ᠲᠦᠮᠦᠰᠦ ᠶ᠋ᠢᠨ ᠡᠭᠦᠯᠳᠡᠷ ᠢ᠋ ᠰᠢᠯᠢᠳᠡᠭᠵᠢᠭᠦᠯᠦᠨ ᠳᠡᠰ ᠳᠡᠪᠰᠢᠭᠦᠯᠬᠦ ᠶ᠋ᠢᠨ ᠲᠦᠯᠦᠭᠡ ᠶᠤᠮ᠃ ᠡᠭᠦᠨ ᠤ᠋ ᠬᠠᠮᠳᠤ ᠲᠦᠷᠦᠯ ᠵᠦᠢᠯ ᠤ᠋ᠨ ᠪᠦᠯᠬᠦᠮ ᠤ᠋ᠨ ᠬᠢᠨ ᠪᠠᠰᠠ 100 ᠮᠤ᠌ ᠶ᠋ᠢᠨ ᠳ᠋ᠠ ᠰᠢ ᠶᠠᠩ ᠲᠦᠮᠦᠰᠦ ᠶ᠋ᠢ ᠵᠢᠱ᠌ᠢᠶᠠ ᠦᠵᠡᠭᠦᠯᠦᠨ ᠲᠠᠷᠢᠬᠤ ᠲᠠᠷᠢᠶ᠎ᠠ ᠪᠠ 500 ᠮᠤ᠌ ᠶ᠋ᠢᠨ ᠲᠦᠮᠦᠰᠦ ᠶ᠋ᠢᠨ ᠭᠤᠤᠯᠯᠠᠨ ᠳᠡᠯᠭᠡᠷᠡᠭᠦᠯᠬᠦ ᠮᠡᠷᠭᠡᠵᠢᠯ ᠤ᠋ᠨ ᠵᠢᠱ᠌ᠢᠶᠠ ᠦᠵᠡᠭᠦᠯᠬᠦ ᠰᠠᠭᠤᠷᠢᠨ ᠢ᠋ ᠪᠠᠢᠭᠤᠯᠵᠤ᠂ ᠲᠦᠮᠦᠰᠦ ᠶ᠋ᠢ ᠭᠦᠢᠭᠡᠨ ᠪᠤᠯᠠᠵᠤ ᠲᠤᠰᠤᠯᠠᠭᠠᠨ ᠤᠰᠤᠯᠠᠵᠤ ᠨᠠᠷᠢᠨ ᠤᠨᠤᠴᠠᠳᠠᠢ ᠦᠨᠳᠦᠷ ᠪᠦᠲᠦᠮᠵᠢᠳᠠᠢ ᠪᠡᠷ ᠲᠠᠷᠢᠬᠤ ᠮᠡᠷᠭᠡᠵᠢᠯ᠂ ᠲᠦᠮᠦᠰᠦ ᠶ᠋ᠢᠨ ᠭᠠᠩ ᠬᠠᠭᠰᠠᠷᠠᠭᠠᠨ ᠢ᠋ ᠡᠰᠡᠷᠭᠦᠴᠡᠨ ᠤᠰᠤ ᠠᠷᠪᠢᠯᠠᠵᠤ ᠪᠤᠬᠢᠷᠳᠦᠯ ᠦᠭᠡᠢ ᠦᠨᠳᠦᠷ ᠪᠦᠲᠦᠮᠵᠢᠳᠠᠢ ᠪᠡᠷ ᠦᠢᠯᠡᠳᠪᠤᠷᠢᠯᠡᠬᠦ ᠮᠡᠷᠭᠡᠵᠢᠯ ᠢ᠋ ᠲᠦᠪᠯᠡᠷᠡᠭᠦᠯᠦᠨ ᠵᠢᠱ᠌ᠢᠶᠠ ᠦᠵᠡᠭᠦᠯᠵᠤ ᠳᠡᠯᠭᠡᠷᠡᠭᠦᠯᠪᠠ᠃
ᠲᠦᠮᠦᠰᠦ ᠲᠠᠷᠢᠬᠤ ᠡᠭᠦᠷᠭᠡ ᠶ᠋ᠢ ᠤᠷᠤᠭᠰᠢᠳᠠᠢ ᠪᠡᠶᠡᠯᠡᠭᠦᠯᠦᠭᠰᠡᠨ ᠨᠢ ᠲᠦᠷᠦᠯ ᠵᠦᠢᠯ ᠢ᠋ ᠠᠬᠢᠭᠤᠯᠬᠤ ᠵᠠᠩᠬᠢᠯᠠᠭ᠎ᠠ ᠶ᠋ᠢᠨ ᠭᠤᠭᠴᠤᠭ᠎ᠠ ᠪᠤᠯᠬᠤ ᠪᠦᠭᠡᠳ ᠪᠤᠭᠤᠳᠤ ᠬᠤᠳᠠ᠂ ᠲᠡᠷᠡᠴᠢᠯᠡᠨ ᠦᠪᠡᠷᠳᠡᠭᠡᠨ ᠵᠠᠰᠠᠬᠤ ᠤᠷᠤᠨ ᠤ᠋ ᠲᠦᠮᠦᠰᠦ ᠶ᠋ᠢᠨ ᠠᠵᠤ ᠦᠢᠯᠡᠰ ᠤ᠋ᠨ ᠰᠢᠨᠵᠢᠯᠡᠬᠦ ᠤᠬᠠᠭᠠᠨᠴᠢ᠂ ᠪᠤᠬᠢᠷᠳᠦᠯ ᠦᠭᠡᠢ᠂ ᠦᠨᠳᠦᠷ ᠪᠦᠲᠦᠮᠵᠢᠳᠠᠢ ᠳᠡᠢᠰᠢ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ ᠶ᠋ᠢᠨ ᠴᠢᠬᠤᠯᠠ ᠦᠢᠯᠡᠳᠦᠯᠭᠡ ᠪᠤᠯᠬᠤ ᠪᠤᠯᠤᠨ᠎ᠠ᠃ ᠲᠦᠷᠦᠯ ᠵᠦᠢᠯ ᠤ᠋ᠨ ᠪᠦᠯᠬᠦᠮ ᠤ᠋ᠨ ᠬᠢᠨ ᠲᠦᠮᠦᠰᠦ ᠶ᠋ᠢᠨ ᠲᠠᠷᠢᠶ᠎ᠠ ᠶ᠋ᠢᠨ ᠬᠠᠮᠢᠶᠠᠷᠤᠯᠳᠠ ᠵᠢᠴᠢ ᠲᠦᠮᠦᠰᠦ ᠶ᠋ᠢᠨ ᠤᠷᠭᠤᠯᠳᠠ ᠶ᠋ᠢ ᠬᠢᠨᠠᠨ ᠰᠢᠯᠭᠠᠬᠤ ᠵᠡᠷᠭᠡ ᠠᠵᠢᠯ ᠳ᠋ᠤ ᠦᠷᠭᠦᠯᠵᠢᠯᠡᠨ ᠤᠷᠤᠯᠴᠠᠵᠤ᠂ ᠰᠢᠨ᠎ᠠ ᠡᠭᠦᠯᠳᠡᠷ ᠬᠢᠭᠡᠳ ᠰᠢᠨ᠎ᠠ ᠮᠡᠷᠭᠡᠵᠢᠯ ᠢ᠋ ᠨᠤᠳᠤᠭᠰᠢᠭᠤᠯᠬᠤ ᠵᠠᠭᠪᠤᠷ ᠢ᠋ ᠰᠢᠰᠲᠧᠮ ᠲᠠᠢ ᠳ᠋ᠦᠩᠨᠡᠨ ᠬᠠᠭᠤᠯᠪᠤᠷᠢᠯᠠᠵᠤ ᠪᠤᠯᠬᠤᠢᠴᠠ᠂ ᠳᠡᠯᠭᠡᠷᠡᠭᠦᠯᠵᠦ ᠪᠤᠯᠬᠤᠢᠴᠠ ᠮᠡᠷᠭᠡᠵᠢᠯ ᠤ᠋ᠨ ᠵᠢᠷᠦᠮ ᠬᠢᠭᠡᠳ ᠦᠢᠯᠡᠳᠪᠤᠷᠢᠯᠡᠯ ᠤ᠋ᠨ ᠦᠯᠢᠭᠡᠷ ᠵᠢᠱ᠌ᠢᠶᠠ ᠶ᠋ᠢ ᠪᠤᠢ ᠪᠤᠯᠭᠠᠬᠤ ᠪᠤᠯᠤᠨ᠎ᠠ᠃