ᠬᠦᠢᠳᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢᠨ ᠠᠵᠤ ᠦᠢᠯᠡᠰ
2026-05-29 10:44:47
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠤᠳᠠ ᠶ᠋ᠢᠨ ᠰᠦᠩᠱᠠᠨ ᠲᠤᠭᠤᠷᠢᠭ ᠤ᠋ᠨ ᠲᠠᠷᠢᠶᠠᠨ ᠭᠠᠵᠠᠷ ᠲᠤ᠌ ᠬᠦᠩᠭᠡ ᠦᠩᠭᠡ ᠶ᠋ᠢᠨ ᠰᠦᠯᠢᠶᠤᠤ ᠪᠦᠷᠬᠦᠪᠴᠢ ᠳᠠᠷᠤᠭᠰᠠᠨ ᠬᠦᠢᠳᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢᠨ ᠳᠤᠯᠠᠭᠠᠨ ᠬᠦᠯᠡᠮᠵᠢ ᠨᠢ ᠬᠦᠭᠡ ᠲᠩᠷᠢ ᠬᠦᠪᠤᠩ ᠴᠠᠭᠠᠨ ᠡᠭᠦᠯᠡ ᠲᠠᠢ ᠦᠩᠭᠡ ᠵᠤᠬᠢᠴᠠᠵᠤ᠂ ᠬᠦᠯᠡᠮᠵᠢ ᠶ᠋ᠢᠨ ᠲᠤᠳᠤᠷ᠎ᠠ ᠡᠯ᠎ᠠ ᠵᠤᠢᠯ ᠤ᠋ᠨ ᠢᠳᠡᠰᠢᠨ ᠨᠤᠭᠤᠭ᠎ᠠ ᠰᠤᠭᠤᠷᠠᠨ ᠤᠷᠭᠤᠵᠤ ᠬᠦᠮᠦᠰ ᠤ᠋ᠨ ᠪᠠᠬᠠᠷᠬᠠᠯ ᠢ᠋ ᠳᠠᠳᠠᠨ᠎ᠠ᠃

ᠦᠪᠦᠷ ᠮᠤᠩᠭᠤᠯ ᠤᠮᠠᠷᠠᠳᠦ ᠦᠷᠭᠡᠷᠢᠭ ᠤ᠋ᠨ 40 — 41 ᠭᠷᠠᠳᠦ᠋ᠰ ᠤ᠋ᠨ ᠬᠤᠭᠤᠷᠤᠨᠳᠤ ᠤᠷᠤᠰᠢᠵᠤ᠂ ᠵᠤᠨ ᠤ᠋ ᠤᠯᠠᠷᠢᠯ ᠤ᠋ᠨ ᠳᠤᠮᠳᠠᠴᠢ ᠠᠭᠠᠷ ᠤ᠋ᠨ ᠲᠤᠯᠠᠭᠠᠨ 18 — 24 ᠼᠧᠯᠰ ᠭᠷᠠᠳᠦ᠋ᠰ ᠤ᠋ᠨ ᠬᠤᠭᠤᠷᠤᠨᠳᠤ ᠪᠠᠢᠵᠤ᠂ ᠡᠳᠦᠷ ᠰᠦᠨᠢ ᠶ᠋ᠢᠨ ᠲᠤᠯᠠᠭᠠᠨ ᠤ᠋ ᠵᠦᠷᠢᠶ᠎ᠠ ᠶᠡᠬᠡ᠂ ᠡᠪᠡᠳᠴᠢᠨ ᠬᠤᠷᠤᠬᠠᠢ ᠶ᠋ᠢᠨ ᠬᠦᠨᠦᠭᠡᠯ ᠪᠠᠭ᠎ᠠ ᠲᠤᠯᠠ ᠬᠦᠢᠳᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢ ᠲᠠᠷᠢᠬᠤ ᠠᠶᠠᠨᠳᠠᠭᠠᠨ ᠤ᠋ ᠳᠠᠪᠠᠭᠤᠯᠢᠭ ᠲᠠᠢ ᠶᠤᠮ᠃ ᠡᠨᠡ ᠵᠢᠯ ᠦᠪᠡᠷᠳᠡᠭᠡᠨ ᠵᠠᠰᠠᠬᠤ ᠤᠷᠤᠨ ᠡᠴᠡ ᠦᠪᠡᠷᠮᠢᠴᠡ ᠳᠠᠪᠠᠭᠤᠯᠢᠭᠳᠤ ᠤᠷᠤᠨ ᠳ᠋ᠤ ᠬᠦᠢᠳᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢᠨ ᠦᠢᠯᠡᠳᠪᠤᠷᠢᠯᠡᠯ ᠤ᠋ᠨ 10 ᠴᠢᠨᠠᠷ ᠰᠠᠢᠳᠠᠢ ᠰᠠᠭᠤᠷᠢᠨ ᠢ᠋ ᠪᠠᠢᠭᠤᠯᠬᠤ ᠪᠡᠷ ᠲᠦᠯᠦᠪᠯᠡᠵᠦ ᠪᠠᠢᠨ᠎ᠠ᠃

ᠤᠯᠠᠭᠠᠨᠬᠠᠳᠠ ᠬᠤᠳᠠ ᠶ᠋ᠢᠨ ᠰᠦᠩᠱᠠᠨ ᠲᠤᠭᠤᠷᠢᠭ ᠪᠤᠯ ᠮᠠᠨ ᠤ᠋ ᠤᠷᠤᠨ ᠤ᠋ ᠬᠦᠢᠳᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢᠨ ᠭᠤᠤᠯ ᠭᠠᠷᠤᠯᠳᠠ ᠶ᠋ᠢᠨ ᠤᠷᠤᠨ ᠤ᠋ ᠨᠢᠭᠡ ᠪᠠᠢᠵᠤ᠂ ᠪᠠᠷᠢᠮᠵᠢᠶᠠᠵᠢᠭᠰᠠᠨ ᠤᠶᠤᠨᠴᠢᠯᠠᠭᠰᠠᠨ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠳᠠ ᠪᠡᠷ ᠪᠦᠬᠦ ᠤᠷᠤᠨ ᠤ᠋ ᠬᠦᠢᠳᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢᠨ ᠰᠠᠭᠤᠷᠢ ᠶ᠋ᠢ ᠪᠡᠬᠢᠵᠢᠭᠦᠯᠬᠦ ᠦᠢᠯᠡᠰ ᠲᠤ᠌ ᠨᠢᠭᠡ ᠮᠦᠷᠦ ᠶ᠋ᠢᠨ ᠬᠦᠴᠦᠨ ᠦᠵᠡᠭᠦᠯᠵᠦ ᠪᠤᠢ᠃


7650a9dd-7719-4cb7-b715-0447bb2b23d0.png



5e2ad6db-adc4-43a7-bb0e-7e5e0c128bd6.png


ᠯᠢ ᠹᠦ     ᠸᠠᠩ ᠰᠢᠶᠠᠩ ᠳ᠋ᠦᠩ    ᠭᠡᠷᠡᠯ ᠵᠢᠷᠤᠭ ᠶ᠋ᠢᠡᠷ ᠮᠡᠳᠡᠭᠡᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号