ᠮᠠᠨ᠎ᠦ ᠤᠷᠤᠨ 2026 ᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢᠨ ᠪᠠᠯᠠ ᠮᠥᠩᠭᠥ᠎ᠶ᠋ᠢ ᠪᠠᠭᠤᠯᠭᠠᠪᠠ
2026-05-29 11:10:13
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠤᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠲᠡᠶ ᠬᠠᠮᠲᠤᠷᠠᠨ 2026 ᠣᠨ᠎ᠤ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢᠨ ᠪᠠᠯᠠ ᠮᠥᠩᠭᠥ᠎ᠶ᠋ᠢ 3664 ᠲᠦᠮᠡᠨ ᠲᠥᠭᠥᠷᠢᠭ ᠪᠠᠭᠤᠯᠭᠠᠪᠠ᠃

ᠣᠢᠯᠠᠭᠠᠭ᠍ᠰᠠᠨ᠎ᠢᠶᠠᠷ᠂ ᠲᠣᠰ ᠤᠳᠠᠭᠠᠨ ᠤ᠋ ᠪᠠᠭᠤᠯᠭᠠᠭ᠍ᠰᠠᠨ ᠪᠠᠯᠠ ᠮᠥᠩᠭᠥ᠎ᠢ᠋ᠢ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ᠎ᠦᠨ ᠪᠠᠢᠴᠠᠭᠠᠯᠲᠠ᠎ᠶ᠋ᠢᠨ ᠲᠡᠮᠳᠡᠭ᠌ᠯᠡᠯ᠂ ᠣᠨᠣᠯ᠎ᠤᠨ ᠰᠤᠳᠤᠯᠭᠠᠨ᠂ ᠤᠯᠠᠮᠵᠢᠯᠠᠨ ᠵᠠᠯᠭᠠᠮᠵᠢᠯᠠᠬᠤ ᠦᠶ᠋ᠯᠡᠳᠦᠯᠭᠡ ᠵᠡᠷᠭᠡ ᠠᠵᠢᠯ ᠥᠷᠨᠢᠭᠦᠯᠬᠦ᠌ ᠢ᠋ᠢ ᠲᠡᠮᠵᠢᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭ᠌ᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠭᠴᠢ ᠡᠴᠡ ᠱᠠᠪᠢ ᠡᠯᠰᠡᠵᠤ ᠤᠷ᠎ᠠ ᠮᠡᠷᠭᠡᠵᠢᠯ ᠤᠯᠠᠮᠵᠢᠯᠠᠬᠤ᠂ ᠤᠷ᠎ᠠ ᠮᠡᠷᠭᠡᠵᠢᠯ᠎ᠢ ᠰᠤᠳᠤᠯᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠦᠷᠨᠢᠬᠦᠯᠬᠦ ᠢ᠋ᠢ ᠲᠡᠮᠵᠢᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠬᠠᠭᠤᠯᠭ᠎ᠠ ᠦᠵᠡᠭᠦᠯᠭᠡ᠂ ᠦᠵᠡᠭᠦᠯᠭᠡ ᠢ᠋ᠢᠨ ᠲᠣᠭ᠍ᠯᠠᠯᠲᠠ᠎ᠶ᠋ᠢᠨ ᠠᠵᠢᠯᠯᠠᠭ᠎ᠠ ᠡᠷᠬᠢᠯᠡᠨ ᠪᠣᠳᠠᠰ᠎ᠤᠨ ᠪᠤᠰᠤ ᠰᠣᠶᠣᠯ᠎ᠤᠨ ᠥᠪ ᠬᠢᠭᠡᠳ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ ᠪᠥᠬᠥᠶ ᠣᠷᠣᠨ ᠪᠦᠰᠡ᠎ᠶ᠋ᠢᠨ ᠰᠣᠶᠣᠯ᠎ᠤᠨ ᠲᠥᠷᠥᠯ ᠲᠡᠮᠳᠡᠭ᠌ᠲᠦ᠍᠎ᠶ᠋ᠢ ᠪᠣᠶ ᠪᠤᠯᠭᠠᠬᠤ ᠢ᠋ᠢ ᠲᠡᠮᠵᠢᠬᠦ ᠳ᠋ᠤ᠌ ᠬᠡᠷᠡᠭᠯᠡᠨ᠎ᠡ᠃

ᠣᠢᠷ᠎ᠠ᠎ᠶ᠋ᠢᠨ ᠵᠢᠯ᠎ᠡᠴᠡ ᠨᠠᠭᠠᠰᠢ᠂ ᠪᠠᠯᠠ ᠮᠥᠩᠭᠥ᠎ᠶ᠋ᠢᠨ ᠣᠷᠣᠭᠤᠯᠤᠯᠲᠠ᠎ᠶ᠋ᠢᠨ ᠡᠷᠴᠢᠮ ᠴᠢᠩᠭᠠᠷᠠᠬᠤ᠎ᠶ᠋ᠢ ᠳᠠᠭᠠᠯᠳᠤᠨ᠂ ᠥᠪᠥᠷ ᠮᠣᠩᠭᠣᠯ᠎ᠤᠨ ᠤᠯᠠᠮᠵᠢᠯᠠᠯᠲᠤ ᠤᠷ᠎ᠠ ᠮᠡᠷᠭᠡᠱᠢᠯ᠎ᠨᠢ ᠱᠢᠨ᠎ᠡ᠎ᠶ᠋ᠢ ᠡᠭᠦᠳᠦᠨ ᠤᠨᠳᠤᠤᠰᠢᠭᠤᠯᠬᠤ ᠠᠬᠢᠴᠠ ᠎ᠳᠤ  ᠣᠲᠣ ᠦᠶ᠎ᠡ᠎ᠶ᠋ᠢᠨ ᠠᠮᠢᠳᠤᠷᠠᠯ᠎ᠳᠤ ᠠᠭᠤᠰᠤᠨ ᠣᠷᠣᠵᠤ᠂ ᠴᠠᠭᠠᠰᠤᠨ ᠬᠠᠢᠴᠢᠯᠠᠮᠠᠯ᠂ ᠬᠠᠳᠭᠤᠮᠠᠯ᠂ ᠮᠣᠩᠭᠣᠯ ᠡᠮ ᠡᠮᠨᠡᠯᠭᠡ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ ᠱᠢᠨ᠎ᠡ᠎ᠪᠡᠷ ᠪᠣᠶ ᠪᠣᠯᠵᠣ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠪᠠᠬᠢ ᠪᠣᠶ ᠪᠣᠯᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ᠎ᠨᠢ ᠨᠠᠩ ᠥᠷᠭᠡᠨ ᠠᠭᠤᠳᠠᠮ ᠬᠥᠭ᠌ᠵᠢᠯᠲᠡ᠎ᠶ᠋ᠢᠨ ᠲᠠᠪᠴᠠᠩ᠎ᠲᠠᠶ ᠪᠣᠯᠵᠣ᠂ ᠬᠥᠳᠡᠭᠡ ᠲᠣᠰᠭᠣᠨ᠎ᠤ ᠰᠣᠶᠣᠯ ᠬᠢᠭᠡᠳ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠵᠡᠷᠭᠡ᠎ᠪᠡᠷ ᠠᠬᠢᠭᠤᠯᠪᠠ᠃

ᠬᠤᠢᠰᠢᠳᠠ᠂ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠤᠨ ᠬᠢᠨ 《ᠲᠤᠰᠭᠠᠶ ᠵᠣᠭᠣᠰ᠎ᠢ ᠲᠤᠰᠭᠠᠶ ᠬᠡᠷᠡᠭ᠌ᠯᠡᠬᠦ᠌᠂ ᠠᠵᠢᠯ᠎ᠤᠨ ᠠᠮᠵᠢᠯᠲᠠ ᠪᠦᠲᠦᠮᠵᠢ᠎ᠶ᠋ᠢ ᠬᠠᠮᠢᠶᠠᠷᠬᠤ᠂ ᠣᠨᠣᠪᠴᠢᠲᠠᠶ᠎ᠪᠠᠷ ᠱᠢᠭᠤᠳ ᠬᠦᠷᠭᠡᠬᠦ᠌》 ᠵᠠᠷᠴᠢᠮ᠎ᠢ ᠦᠷᠭᠦᠯᠵᠢᠯᠡᠨ ᠪᠠᠷᠢᠮᠲᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠴᠢᠩᠭ᠎ᠠ ᠬᠡᠷᠡᠭ᠌ᠵᠢᠭᠦᠯᠦᠨ᠂ ᠪᠠᠯᠠ ᠮᠥᠩᠭᠥ᠎ᠶ᠋ᠢ ᠬᠤᠪᠢᠶᠠᠷᠢᠯᠠᠨ ᠥᠭ᠌ᠬᠦ ᠶᠠᠪᠤᠴᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠥᠬᠥ᠌ ᠶᠠᠪᠤᠴᠠ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠬᠢᠨᠠᠨ ᠡᠵᠡᠮᠳᠡᠬᠦ᠌ ᠪᠠ ᠬᠢᠨᠠᠯᠲᠠ ᠲᠠᠯᠪᠢᠵᠤ ᠦᠷ᠎ᠡ ᠪᠦᠲᠦᠮᠵᠢ᠎ᠶ᠋ᠢ ᠠᠰᠠᠭᠤᠬᠤ᠎ᠶ᠋ᠢ ᠴᠢᠩᠭᠠᠳᠬᠠᠬᠤ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号