ᠮᠠᠨ᠎ᠤ ᠤᠯᠤᠰ ᠶᠣᠰᠣ ᠰᠤᠷᠲᠠᠬᠤᠨ᠎ᠤ ᠵᠢᠯᠣᠭᠣᠳᠤᠮᠵᠢ ᠵᠢ ᠨᠠᠢᠳᠡᠯᠡᠵᠤ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ᠎ᠶ᠋ᠢᠨ ᠰᠤᠳᠤᠯᠭᠠᠨ᠎ᠢ ᠵᠢᠷᠤᠮᠵᠢᠭᠤᠯᠪᠠ
2026-05-29 10:20:18
ᠵᠣᠬᠢᠶᠠᠭ᠍ᠴᠢ᠄
​ ᠸᠧᠨ ᠵᠢᠩ ᠬᠤᠸᠠ
ᠣᠩᠱᠢᠭ᠍ᠰᠠᠨ ᠣᠳᠠᠭ᠎ᠠ᠄
★★★☆☆

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠠᠮᠤᠨ 5 ᠰᠠᠷ᠎ᠠ᠎ᠶ᠋ᠢᠨ 25 ᠎ᠤ᠋ ᠡᠳᠦᠷ 《ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ᠎ᠶ᠋ᠢᠨ ᠰᠤᠳᠤᠯᠭᠠᠨ᠎ᠤ ᠶᠣᠰᠣ ᠰᠤᠷᠲᠠᠬᠤᠨ᠎ᠤ ᠵᠢᠯᠣᠭᠣᠳᠤᠮᠵᠢ》 ᠶ᠋ᠢ ᠨᠡᠢᠲᠡᠯᠡᠵᠦ᠍᠂ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ᠎ᠶ᠋ᠢᠨ ᠰᠤᠳᠤᠯᠭᠠᠨ᠎ᠤ ᠠᠵᠢᠯᠯᠠᠭ᠎ᠠ᠎ᠶ᠋ᠢ ᠵᠢᠷᠤᠮᠵᠢᠭᠤᠯᠵᠤ᠂ ᠰᠤᠳᠤᠯᠭᠠᠨ᠎ᠳᠤ ᠣᠷᠣᠯᠴᠠᠭ᠍ᠰᠠᠳ ᠵᠢᠴᠢ ᠬᠣᠯᠪᠣᠭ᠍ᠳᠠᠯ ᠪᠥᠬᠥᠶ ᠬᠦᠮᠦᠰ ᠤ᠋ᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠵᠤ᠂ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ᠎ᠶ᠋ᠢᠨ ᠰᠤᠳᠤᠯᠭᠠᠨ᠎ᠤ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ᠎ᠵᠢ ᠵᠤᠷᠢᠪᠠ᠃

ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠣᠰᠣ ᠰᠤᠷᠲᠠᠬᠤᠨ᠎ᠤ ᠵᠥᠪᠯᠡᠯ᠎ᠦᠨ ᠠᠮᠢ ᠨᠠᠰᠤᠨ᠎ᠤ ᠱᠢᠨᠵᠢᠯᠡᠬᠦ᠌ ᠤᠬᠠᠭᠠᠨ᠎ᠤ ᠶᠣᠰᠣ ᠰᠤᠷᠲᠠᠬᠤᠨ᠎ᠤ ᠬᠤᠪᠢᠶᠠᠷᠢ ᠵᠥᠪᠯᠡᠯ᠎ᠡᠴᠡ ᠰᠤᠳᠤᠯᠤᠨ ᠨᠠᠢᠷᠠᠭᠤᠯᠵᠤ᠂ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ ᠪᠣᠯ ᠬᠥᠮᠦᠨ᠎ᠦ ᠪᠡᠶ᠎ᠡ᠎ᠶ᠋ᠢᠨ ᠠᠮᠢᠳᠤ ᠪᠣᠳᠠᠰ᠎ᠤᠨ ᠦᠯᠢᠭᠡᠷ ᠬᠡᠪ (ᠵᠢᠱ᠌ᠢᠶᠡᠯᠡᠪᠡᠯ ᠡᠰ᠂ ᠨᠡᠬᠡᠳᠡᠰᠦ᠂ ᠡᠷᠬᠡᠲᠡᠨ᠂ ᠪᠡᠶ᠎ᠡ᠎ᠶ᠋ᠢᠨ ᠱᠢᠩᠭᠡᠨ ᠵᠢᠴᠢ ᠱᠢᠭᠦᠷᠡᠰᠦ ᠵᠡᠷᠭᠡ) ᠡᠴᠡ ᠣᠯᠤᠭ᠍ᠰᠠᠨ ᠪᠤᠶᠤ ᠲᠡᠭᠦᠨ᠎ᠡᠴᠡ ᠡᠭᠦᠰᠦᠭ᠌ᠰᠡᠨ᠂ ᠬᠥᠮᠦᠨ ᠲᠥᠷᠥᠯᠬᠢᠲᠡᠨ᠎ᠦ ᠤᠳᠤᠮᠱᠢᠯ᠎ᠤᠨ ᠮᠡᠳᠡᠭᠡ ᠵᠠᠩᠭᠢ᠎ᠶ᠋ᠢ ᠱᠢᠭᠤᠳ ᠲᠤᠰᠭᠠᠵᠤ ᠳᠡᠢᠯᠬᠦ᠌ ᠡᠯ᠎ᠡ ᠲᠥᠷᠥᠯ᠎ᠦᠨ ᠲᠣᠭ᠎ᠠ ᠪᠠᠷᠢᠮᠲᠠ᠎ᠶ᠋ᠢ ᠵᠢᠭᠠᠵᠤ ᠪᠠᠢᠨ᠎ᠠ ᠭᠡᠳᠡᠭ᠎ᠢ  ᠲᠣᠳᠣᠷᠬᠠᠢᠯᠠᠪᠠ᠃

ᠭᠧᠨ᠎ᠦ ᠴᠤᠪᠤᠷᠠᠯ ᠬᠡᠮᠵᠢᠯᠲᠡ᠂ ᠨᠡᠬᠡᠳᠡᠰᠦ ᠵᠢᠨ ᠤᠬᠠᠭᠠᠨ᠎ᠤ ᠮᠡᠷᠭᠡᠵᠢᠯ ᠪᠠ ᠲᠣᠭ᠎ᠠ ᠪᠠᠷᠢᠮᠲᠠ᠎ᠶ᠋ᠢᠨ ᠵᠠᠳᠠᠯᠤᠯᠲᠠ᠎ᠶ᠋ᠢᠨ ᠠᠷᠭ᠎ᠠ ᠵᠡᠷᠭᠡ᠎ᠶ᠋ᠢᠨ ᠨᠢᠰᠭᠦ ᠮᠡᠲᠦ ᠲᠦᠷᠭᠡᠨ ᠬᠥᠭ᠌ᠵᠢᠬᠦ᠌᠎ᠶ᠋ᠢ ᠳᠠᠭᠠᠯᠳᠤᠨ᠂ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ᠎ᠶ᠋ᠢᠨ ᠬᠠᠮᠢᠶ᠎ᠠ ᠪᠥᠬᠥᠶ ᠰᠤᠳᠤᠯᠭᠠᠨ ᠦᠷᠭᠦᠯᠵᠢᠯᠡᠨ ᠭᠦᠨᠵᠡᠭᠡᠢᠷᠡᠵᠦ᠍᠂ ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠰᠤᠳᠤᠯᠭᠠᠨ᠂ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠬᠦ᠌ ᠪᠠ ᠨᠠᠷᠢᠨ ᠣᠨᠣᠪᠴᠢᠲᠠᠶ ᠡᠮᠴᠢᠯᠡᠭᠡ ᠬᠢᠬᠦ᠌᠎ᠳᠦ ᠴᠢᠬᠤᠯᠠ ᠱᠢᠨᠵᠢᠯᠡᠬᠦ᠌ ᠤᠬᠠᠭᠠᠨᠴᠢ ᠲᠤᠯᠭᠠᠭᠤᠷᠢᠯᠠᠯ ᠬᠠᠩᠭᠠᠪᠠ᠃ ᠡᠭᠦᠨ᠎ᠦ ᠬᠠᠮᠲᠤ᠂ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ ᠨᠢ ᠪᠡᠶ᠎ᠡ ᠵᠢᠨ ᠭᠠᠷᠤᠯ᠎ᠦᠨ ᠰᠢᠨᠵᠢ ᠲᠡᠮᠳᠡᠭ᠎ᠤᠨ ᠴᠢᠨᠠᠷ᠂ ᠬᠡᠷ᠎ᠦᠨ ᠬᠠᠷᠢᠴᠠᠭᠠᠨ᠎ᠤ ᠬᠦᠮᠦᠰ᠎ᠤᠨ ᠬᠣᠯᠪᠣᠯᠳᠤᠬᠤ ᠴᠢᠨᠠᠷ᠂ ᠦᠶ᠎ᠡ ᠠᠯᠤᠰᠯᠠᠬᠤ ᠨᠥᠯᠥᠭᠡ ᠵᠢᠴᠢ ᠦᠷᠭᠦᠯᠵᠢᠯᠡᠬᠦ᠌ ᠴᠢᠨᠠᠷ ᠵᠡᠷᠭᠡ ᠣᠨᠴᠠᠭᠠᠶ ᠱᠢᠨᠵᠢ ᠴᠢᠨᠠᠷ᠎ᠲᠠᠶ ᠪᠠᠢᠳᠠᠭ᠎ᠡᠴᠡ ᠪᠣᠯᠵᠣ᠂ ᠲᠡᠭᠦᠨ᠎ᠦ ᠬᠣᠯᠪᠣᠭ᠍ᠳᠠᠯ ᠪᠥᠬᠥᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠯᠠᠭ᠎ᠠ ᠨᠢ ᠶᠣᠰᠣ ᠰᠤᠷᠲᠠᠬᠤᠨ᠂ ᠬᠠᠤᠯᠢ ᠴᠠᠭᠠᠵᠠ ᠬᠢᠭᠡᠳ ᠨᠡᠢᠭᠡᠮ᠎ᠦᠨ ᠳᠠᠪᠬᠤᠷᠭ᠎ᠠ᠎ᠶ᠋ᠢᠨ ᠣᠯᠠᠨ ᠳᠠᠪᠬᠤᠷ ᠪᠤᠳᠤᠯᠢᠶᠠᠨᠲᠠᠶ ᠠᠰᠠᠭᠤᠳᠠᠯ᠎ᠢ ᠡᠭᠦᠰᠭᠡᠵᠦ᠍ ᠮᠡᠳᠡᠨ᠎ᠡ᠃

ᠵᠢᠯᠣᠭᠣᠳᠤᠮᠵᠢ᠎ᠶ᠋ᠢ ᠦᠨᠳᠦᠰᠦᠯᠡᠨ᠂ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ᠎ᠶ᠋ᠢᠨ ᠬᠣᠯᠪᠣᠭ᠍ᠳᠠᠯ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠯᠠᠭ᠎ᠠ᠎ᠶ᠋ᠢ ᠥᠷᠨᠢᠭᠦᠯᠬᠦ᠌᠎ᠳᠦ ᠠᠵᠠ ᠵᠢᠷᠭᠠᠯ᠎ᠢ ᠨᠡᠮᠡᠭ᠌ᠳᠡᠭᠦᠯᠬᠦ᠌᠂ ᠪᠡᠶ᠎ᠡ᠎ᠪᠡᠨ ᠳᠠᠭᠠᠭᠠᠬᠤ᠎ᠶ᠋ᠢ ᠬᠦᠨᠳᠦᠳᠭᠡᠬᠦ᠌᠂ ᠠᠶᠤᠯ ᠲᠦᠭ᠌ᠰᠢᠭᠦᠷᠢ᠎ᠶ᠋ᠢ ᠬᠢᠵᠠᠭᠠᠷᠯᠠᠬᠤ᠂ ᠭᠡᠮᠲᠦᠭᠡᠬᠦ᠌ ᠦᠭᠡᠢ ᠪᠠᠢᠬᠤ ᠪᠠ ᠳᠤᠷ᠎ᠠ᠎ᠪᠠᠷ᠎ᠢᠶᠠᠨ ᠬᠡᠷᠡᠭ᠌ᠯᠡᠬᠦ᠌᠂ ᠡᠷᠬᠡ ᠲᠡᠭ᠌ᠰᠢ ᠲᠥᠪ ᠭᠣᠣᠯᠴᠢ ᠪᠠᠢᠬᠤ᠎ᠶ᠋ᠢ ᠰᠡᠷᠭᠡᠢᠯᠡᠬᠦ᠌ ᠦᠨᠳᠦᠰᠦᠨ ᠵᠠᠷᠴᠢᠮ᠎ᠢ ᠵᠢᠷᠤᠮᠯᠠᠬᠤ ᠬᠡᠷᠡᠭ᠌ᠲᠡᠢ᠃ ᠪᠤᠳᠠᠳᠠᠢ ᠬᠡᠯᠡᠪᠡᠯ᠄ ᠬᠥᠮᠦᠨ ᠲᠥᠷᠥᠯᠬᠢᠲᠡᠨ᠎ᠦ ᠡᠷᠡᠭᠦᠯ ᠮᠡᠨᠳᠦ᠍᠎ᠶ᠋ᠢ ᠠᠬᠢᠭᠤᠯᠬᠤ᠂ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠵᠦ᠍ ᠣᠨᠣᠱᠢᠯᠠᠨ ᠡᠮᠨᠡᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠂ ᠨᠡᠢᠭᠡᠮ ᠨᠡᠢᠲᠡ᠎ᠶ᠋ᠢᠨ ᠠᠱᠢᠭ ᠲᠤᠰᠠ ᠪᠠ ᠬᠥᠮᠦᠨ ᠲᠥᠷᠥᠯᠬᠢᠲᠡᠨ᠎ᠦ ᠡᠷᠡᠭᠦᠯ ᠮᠡᠨᠳᠦ ᠠᠵᠠ ᠵᠢᠷᠭᠠᠯ᠎ᠢ ᠨᠡᠮᠡᠭ᠌ᠳᠡᠭᠦᠯᠬᠦ᠌᠎ᠪᠡᠷ ᠵᠣᠷᠢᠯᠭ᠎ᠠ ᠪᠣᠯᠭᠠᠨ᠎ᠠ; ᠬᠦᠨᠳᠦ ᠶᠡᠬᠡ ᠲᠣᠭ᠍ᠲᠠᠪᠤᠷᠢ ᠥᠬᠡᠶ ᠴᠢᠨᠠᠷ᠂ ᠬᠢᠯᠢ ᠠᠯᠤᠰᠯᠠᠨ ᠲᠠᠷᠬᠠᠬᠤ ᠲᠦᠭ᠌ᠰᠢᠭᠦᠷᠢ ᠪᠤᠶᠤ ᠦᠶ᠎ᠡ ᠠᠯᠤᠰᠯᠠᠭ᠍ᠰᠠᠨ ᠨᠥᠯᠥᠭᠡ ᠡᠭᠦᠰᠴᠦ᠍ ᠮᠡᠳᠡᠬᠦ᠌ ᠬᠡᠷᠡᠭ᠌ᠯᠡᠯᠲᠡ᠎ᠳᠦ ᠪᠣᠯᠭᠣᠮᠵᠢᠲᠠᠶ ᠣᠪᠣᠷ᠎ᠢ ᠪᠠᠷᠢᠮᠲᠠᠯᠠᠵᠤ᠂ ᠬᠡᠷᠡᠭ᠌ᠵᠢᠭᠦᠯᠬᠦ᠌᠎ᠡᠴᠡ ᠡᠮᠦᠨ᠎ᠡ ᠲᠦᠭ᠌ᠰᠢᠭᠦᠷᠢ᠎ᠶ᠋ᠢ ᠭᠦᠶ᠋ᠴᠡᠳ ᠦᠨᠡᠯᠡᠬᠦ᠌᠎ᠶ᠋ᠢ ᠥᠷᠨᠢᠭᠦᠯᠵᠦ᠍᠂ ᠲᠦᠭ᠌ᠰᠢᠭᠦᠷᠢ᠎ᠶ᠋ᠢ ᠡᠵᠡᠮᠳᠡᠬᠦ᠌ ᠨᠠᠩ ᠴᠢᠩᠭ᠎ᠠ ᠠᠷᠭ᠎ᠠ ᠬᠡᠮᠵᠢᠶ᠎ᠡ ᠠᠪᠬᠤ ᠬᠡᠷᠡᠭ᠌ᠲᠡᠶ; ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ ᠪᠠᠢᠬᠤ᠂ ᠵᠣᠷᠢᠯᠭ᠎ᠠ ᠨᠢ ᠵᠦᠢ ᠶᠣᠰᠣᠨ᠎ᠤ ᠪᠠᠢᠬᠤ ᠱᠠᠭᠠᠷᠳᠠᠯᠭ᠎ᠠ᠎ᠶ᠋ᠢ ᠵᠢᠷᠤᠮᠯᠠᠵᠤ᠂ ᠬᠤᠪᠢ ᠬᠥᠮᠦᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠦᠨᠳᠦᠳᠭᠡᠨ ᠬᠠᠮᠠᠭᠠᠯᠠᠬᠤ ᠵᠡᠷᠭᠡ ᠪᠣᠯᠤᠨ᠎ᠠ᠃

ᠵᠢᠯᠣᠭᠣᠳᠤᠮᠵᠢ ᠳ᠋ᠤ ᠪᠠᠰᠠ᠂ ᠬᠥᠮᠦᠨ᠎ᠦ ᠪᠡᠶ᠎ᠡ᠎ᠶ᠋ᠢᠨ ᠭᠧᠨ᠎ᠦ ᠲᠣᠭ᠎ᠠ ᠪᠠᠷᠢᠮᠲᠠ᠎ᠳᠤ ᠬᠣᠯᠪᠣᠭ᠍ᠳᠠᠬᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠯᠠᠭ᠎ᠠ ᠬᠢᠬᠦ᠌᠎ᠳᠦ᠂ ᠭᠧᠨ᠎ᠦ ᠬᠤᠪᠢ᠎ᠶ᠋ᠢᠨ ᠨᠢᠭᠤᠴᠠ᠎ᠶ᠋ᠢ ᠬᠠᠮᠠᠭᠠᠯᠠᠬᠤ ᠵᠢ ᠴᠢᠩᠭᠠᠳᠭᠠᠬᠤ ᠬᠡᠷᠡᠭ᠌ᠲᠡᠶ᠃ ᠬᠤᠪᠢ᠎ᠶ᠋ᠢᠨ ᠨᠢᠭᠤᠴᠠ᠎ᠳᠤ ᠬᠠᠯᠳᠠᠬᠤ ᠵᠣᠷᠢᠯᠭ᠎ᠠ᠎ᠪᠠᠷ ᠲᠤᠭ᠎ᠠ ᠪᠠᠷᠢᠮᠳᠠ᠎ᠶ᠋ᠢ ᠠᠭᠤᠳᠠᠯᠬᠤ ᠪᠤᠶᠤ ᠠᠱᠢᠭ᠍ᠯᠠᠵᠤ ᠪᠣᠯᠬᠤ ᠥᠬᠡᠶ᠃ ᠲᠤᠭ᠎ᠠ ᠪᠠᠷᠢᠮᠳᠠ᠎ᠶ᠋ᠢ ᠠᠭᠤᠳᠠᠯᠬᠤ᠂ ᠵᠠᠳᠠᠯᠬᠤ ᠪᠠ ᠬᠡᠷᠡᠭ᠌ᠯᠡᠬᠦ᠌᠎ᠶ᠋ᠢ ᠥᠷᠨᠢᠭᠦᠯᠦᠭ᠌ᠰᠡᠨ ᠪᠠᠶ᠋ᠢᠪᠠᠯ᠂ ᠰᠤᠳᠤᠯᠭᠠᠨ᠎ᠳᠤ ᠣᠷᠣᠯᠴᠠᠭ᠍ᠰᠠᠳ ᠵᠢᠴᠢ ᠬᠠᠮᠢᠶ᠎ᠠ ᠪᠦᠬᠦᠢ ᠬᠥᠮᠦᠰ᠎ᠦᠨ ᠬᠤᠪᠢ᠎ᠶ᠋ᠢᠨ ᠨᠢᠭᠤᠴᠠ᠎ᠶ᠋ᠢ ᠴᠢᠩᠭ᠎ᠠ ᠬᠠᠮᠠᠭᠠᠯᠠᠵᠤ᠂ ᠬᠠᠮᠢᠶ᠎ᠠ ᠪᠦᠬᠦᠢ ᠱᠢᠢᠳᠪᠦᠷᠢᠯᠡᠬᠦ᠌ ᠠᠵᠢᠯᠯᠠᠭ᠎ᠠ᠎ᠶ᠋ᠢ ᠪᠠᠢᠳᠠᠯ᠎ᠢ ᠮᠡᠳᠡᠵᠦ᠍ ᠵᠥᠪᠱᠢᠶᠡᠷᠡᠬᠦ᠌ ᠪᠠ ᠶᠣᠰᠣ ᠰᠤᠷᠲᠠᠬᠤᠨ᠎ᠢ ᠬᠢᠨᠠᠨ ᠪᠠᠢᠴᠠᠭᠠᠵᠤ ᠵᠥᠪᠱᠢᠶᠡᠷᠡᠬᠦ᠌ ᠬᠡᠪᠴᠢᠶᠡᠨ᠎ᠳᠦ ᠶᠠᠪᠤᠭ᠍ᠳᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠭᠡᠳ ᠮᠡᠷᠭᠡᠵᠢᠯ᠎ᠦᠨ ᠨᠡᠭᠡᠭᠡᠨ ᠬᠥᠭ᠌ᠵᠢᠭᠦᠯᠦᠯᠲᠡ᠎ᠶ᠋ᠢᠨ ᠪᠦᠬᠦ᠌ ᠶᠠᠪᠤᠴᠠ᠎ᠳᠤ᠂ ᠲᠣᠭ᠎ᠠ ᠪᠠᠷᠢᠮᠲᠠ᠎ᠶ᠋ᠢᠨ ᠰᠡᠷᠭᠡᠭ᠎ᠦᠨ ᠬᠡᠮᠵᠢᠶ᠎ᠡ ᠪᠠ ᠲᠦᠭ᠌ᠰᠢᠭᠦᠷᠢ᠎ᠶ᠋ᠢᠨ ᠳᠡᠰ᠎ᠢ ᠦᠨᠳᠦᠰᠦᠯᠡᠨ᠂ ᠬᠤᠪᠢ᠎ᠶ᠋ᠢᠨ ᠨᠢᠭᠤᠴᠠ᠎ᠶ᠋ᠢ ᠬᠠᠮᠠᠭᠠᠯᠠᠬᠤ ᠬᠠᠷᠠᠭᠠᠯᠵᠠᠬᠰᠠᠨ ᠠᠷᠭ᠎ᠠ ᠬᠡᠮᠵᠢᠶ᠎ᠡ ᠵᠢ ᠠᠪᠬᠤ ᠬᠡᠷᠡᠭ᠌ᠲᠡᠢ ᠭᠡᠵᠦ ᠲᠤᠳᠤᠷᠬᠠᠢᠯᠠᠪᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 25 ᠎ᠤ᠋ ᠴᠠᠬᠢᠯᠭᠠᠨ ᠮᠡᠳᠡᠭᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号