ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠎ᠶ᠋ᠢ ᠦᠨᠳᠦᠰᠦᠨ ᠱᠠᠲᠤᠨ᠎ᠤ ᠦᠩ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠭᠦᠯᠦᠨ᠎ᠠ
2026-05-29 16:49:55
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠦᠨᠳᠦᠰᠦᠲᠡᠨ ᠪᠠ ᠱᠠᠰᠢᠨ ᠰᠤᠷᠲᠠᠬᠤᠨ᠎ᠤ ᠵᠦᠪᠯᠡᠯ᠎ᠤᠨ ᠬᠢᠨ ᠬᠦᠬᠡᠬᠤᠲᠠ᠎ᠵᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠵᠠᠮ᠎ᠤᠨ ᠵᠡᠭᠡᠯᠢ ᠭᠤᠳᠤᠮᠵᠢ᠎ᠶ᠋ᠢᠨ ᠴᠢᠩ ᠹᠸᠩ ᠨᠡᠢᠭᠡᠮ ᠲᠣᠭᠣᠷᠢᠭ᠎ᠤ᠋ᠨ ᠡᠷᠬᠢᠯᠡᠭᠰᠡᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠤᠤᠯ ᠰᠡᠳᠦᠪᠲᠦ ᠠᠵᠢᠯᠯᠠᠭ᠎ᠠ᠎ᠳ᠋ᠤ ᠤᠷᠤᠯᠴᠠᠪᠠ᠃ 

ᠤᠢᠯᠠᠭᠠᠬᠰᠠᠨ ᠵᠢᠡᠷ᠂ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠵᠠᠮ᠎ᠤᠨ ᠵᠡᠭᠡᠯᠢ ᠭᠤᠳᠤᠮᠵᠢ᠎ᠶ᠋ᠢᠨ ᠴᠢᠩ ᠹᠸᠩ ᠨᠡᠢᠭᠡᠮ ᠲᠣᠭᠣᠷᠢᠭ ᠪᠣᠯ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠦᠨᠳᠦᠰᠦᠲᠡᠨ ᠪᠠ ᠱᠠᠱᠢᠨ ᠰᠤᠷᠲᠠᠬᠤᠨ᠎ᠤ ᠵᠥᠪᠯᠡᠯ᠎ᠦᠨ ᠬᠥᠬᠡᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠂ ᠰᠠᠢᠬᠠᠨ ᠲᠣᠭᠣᠷᠢᠭ᠎ᠤᠨ ᠤᠯᠤᠰ ᠲᠥᠷᠥ᠎ᠶ᠋ᠢᠨ ᠵᠥᠪᠯᠡᠯᠭᠡᠨ᠎ᠲᠡᠶ ᠬᠠᠮᠲᠤᠷᠠᠨ ᠴᠤᠬᠴᠠᠯᠠᠬᠰᠠᠨ ᠬᠠᠷᠢᠯᠴᠠᠨ ᠱᠢᠭᠢᠳᠬᠦ ᠮᠠᠶᠢᠭ᠎ᠤᠨ ᠵᠢᠱ᠌ᠢᠶ᠎ᠡ ᠦᠵᠡᠭᠦᠯᠬᠦ᠌ ᠨᠡᠢᠭᠡᠮ ᠲᠣᠭᠣᠷᠢᠭ ᠪᠤᠯᠤᠨ᠎ᠠ᠃ ᠲᠣᠰ ᠤᠳᠠᠭᠠᠨ᠎ᠤ ᠠᠵᠢᠯᠯᠠᠭ᠎ᠠ᠎ᠳᠦ᠂ ᠨᠡᠢᠭᠡᠮ ᠲᠣᠭᠣᠷᠢᠭ᠎ᠨᠢ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠂ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ ᠵᠡᠷᠭᠡ 7 ᠨᠢᠭᠡᠴᠢ᠎ᠲᠡᠶ ᠬᠤᠯᠪᠤᠭᠠᠯᠠᠨ ᠪᠠᠢᠭᠤᠯᠵᠤ ᠬᠠᠮᠲᠤ᠎ᠪᠠᠷ ᠪᠠᠢᠭᠤᠯᠬᠤ ᠬᠡᠯᠡᠯᠴᠡᠭᠡᠷ ᠲᠣᠭ᠍ᠲᠠᠵᠦ᠂ ᠡᠯ᠎ᠡ ᠲᠠᠯ᠎ᠠ᠎ᠶ᠋ᠢᠨ᠎ᠬᠢᠨ ᠬᠠᠮᠵᠢᠯᠴᠠᠨ ᠬᠦᠴᠦᠯᠡᠵᠦ᠍᠂ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠣᠯᠠᠨ ᠡᠱᠢᠲᠦ᠂ ᠳᠥᠭᠥᠮ ᠳᠥᠲᠡ ᠨᠡᠢᠭᠡᠮ ᠲᠣᠭᠣᠷᠢᠭ᠎ᠤᠨ ᠦᠶ᠋ᠯᠡᠴᠢᠯᠡᠭᠡ ᠬᠠᠩᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠳᠤᠮᠳᠠ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠎ᠶ᠋ᠢ ᠠᠬᠢᠭᠤᠯᠬᠤ ᠪᠤᠯᠤᠨ᠎ᠠ᠃ 

ᠠᠵᠢᠯᠯᠠᠭ᠎ᠠ᠎ᠶ᠋ᠢᠨ ᠲᠤᠬᠠᠢ᠎ᠵᠢᠨ ᠡᠳᠦᠷ᠂ ᠴᠢᠩ ᠹᠸᠩ ᠨᠡᠢᠭᠡᠮ ᠲᠣᠭᠣᠷᠢᠭ᠎ᠤᠨ ᠬᠢᠨ ᠤᠷᠠᠨ ᠰᠠᠢᠬᠠᠨ ᠎ᠤ ᠲᠣᠭ᠍ᠯᠠᠯᠲᠠ᠎ᠵᠢ ᠵᠣᠬᠢᠶᠠᠨ ᠪᠠᠢᠭᠤᠯᠵᠤ᠂ 《ᠮᠠᠭ᠍ᠲᠠᠭᠠᠯ ᠳᠠᠭᠤᠤ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ ᠨᠢ》᠂ 《ᠳᠤᠮᠳᠠᠳᠤ ᠤᠯᠤᠰ᠎ᠢᠶᠠᠨ ᠬᠠᠢᠷᠠᠯᠠᠨ᠎ᠠ》ᠵᠡᠷᠭᠡ ᠲᠣᠭ᠍ᠯᠠᠯᠲᠠ ᠎ᠪᠠᠷ ᠰᠠᠢᠬᠠᠨ ᠲᠣᠭᠣᠷᠢᠭ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌ ᠰᠠᠢ᠌ᠨ ᠰᠠᠢᠬᠠᠨ ᠤᠶᠤᠨ ᠰᠠᠨᠠᠭᠠᠨ ᠎ᠤ ᠳᠦᠷᠰᠦ ᠪᠠᠢᠳᠠᠯ ᠎ᠢ  ᠠᠮᠢᠳᠤᠯᠢᠭ᠎ᠢᠶᠠᠷ ᠢᠯᠡᠷᠡᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠳᠤ ᠰᠣᠶᠣᠯ᠎ᠤᠨ ᠬᠥᠭᠥᠷᠭᠡ ᠲᠠᠯᠪᠢᠵᠤ᠂ ᠦᠨᠳᠦᠰᠦᠲᠡᠨ᠎ᠦ ᠪᠦᠯᠬᠦᠮᠳᠡᠯ ᠎ᠦᠨ ᠦᠨᠳᠦᠰᠦ᠎ᠶ᠋ᠢ ᠦᠨᠳᠦᠰᠦᠨ ᠱᠠᠲᠤᠨ᠎ᠤ ᠦᠩ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠭᠦᠯᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号