ᠬᠣᠶᠠᠷ ᠱᠠᠲᠤᠨ᠎ᠤ ᠠᠵᠢᠯᠴᠢᠨ᠎ᠤ ᠡᠪᠯᠡᠯ ᠬᠠᠮᠲᠤᠷᠠᠨ 《ᠰᠤᠷᠭᠠᠨ ᠬᠥᠮᠦᠵᠢᠯ᠎ᠢ ᠡᠬᠦᠲᠡᠨ᠎ᠳᠤᠨᠢ ᠬᠦᠷᠭᠡᠬᠦ》 ᠲᠤᠰᠬᠠᠢ ᠰᠡᠳᠦᠪᠲᠦ ᠠᠵᠢᠯᠯᠠᠭ᠎ᠠ ᠦᠷᠨᠢᠭᠦᠯᠪᠡ
2026-05-29 16:53:02
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠠᠷᠠᠯᠵᠢᠶ᠎ᠠ ᠬᠥᠩᠭᠡᠨ ᠠᠵᠤ ᠦᠢᠯᠡᠳᠪᠦᠷᠢ ᠨᠡᠬᠡᠮᠡᠯ᠎ᠦᠨ ᠠᠵᠤ ᠦᠢᠯᠡᠳᠪᠦᠷᠢ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠠᠰᠢᠬᠯᠠᠯᠲᠠ ᠢ᠋ᠢᠨ ᠠᠵᠢᠯᠴᠢᠨ᠎ᠤ ᠡᠪᠯᠡᠯ ᠬᠢᠭᠡᠳ ᠬᠥᠬᠡᠬᠣᠲᠠ᠎ᠶᠢᠨ ᠴᠠᠭᠠᠨ ᠢᠳᠡᠭᠡᠨ ᠡᠮ᠎ᠦᠨ ᠵᠦᠢᠯᠡᠰ᠎ᠦᠨ ᠠᠵᠢᠯᠴᠢᠨ᠎ᠤ ᠡᠪᠯᠡᠯ ᠬᠠᠮᠲᠤᠷᠠᠨ ᠮᠧᠩ ᠼᠤᠤ ᠠᠮᠢ ᠠᠬᠤᠢ ᠣᠷᠴᠢᠨ ᠲᠣᠭᠣᠷᠢᠨ (ᠪᠦᠯᠦᠭᠯᠡᠯ) ᠤ᠋ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠼᠤᠤ ᠳᠦ ᠡᠪᠡᠰᠦ ᠪᠡᠯᠴᠢᠭᠡᠷ ᠮᠠᠯ ᠠᠵᠤ ᠠᠬᠤᠢ᠎ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠎ᠳᠤ《ᠰᠤᠷᠭᠠᠨ ᠬᠥᠮᠦᠵᠢᠯ᠎ᠢ ᠡᠭᠦᠲᠡᠨ ᠳ᠋ᠤᠨᠢ ᠬᠦᠷᠭᠡᠬᠦ》ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠵᠦ᠂ ᠮᠡᠷᠭᠡᠵᠢᠯ᠎ᠦᠨ ᠦᠢᠯᠡᠴᠢᠯᠡᠭᠡᠨ᠎ᠦ ᠵᠢᠯᠤᠭᠣᠳᠬᠤ ᠠᠵᠢᠯᠯᠠᠭ᠎ᠠ᠎ᠶᠢ ᠨᠡᠶ᠋ᠢᠲᠡ 2 ᠲᠠᠯᠠᠪᠤᠷ ᠡᠷᠭᠢᠯᠡᠵᠦ᠂ ᠠᠵᠤ ᠠᠬᠤᠢᠯᠠᠯ᠎ᠤᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠂ ᠮᠡᠷᠭᠡᠵᠢᠯ᠎ᠦᠨ ᠭᠣᠣᠯᠯᠠᠭ᠍ᠴᠢ ᠬᠦᠴᠦᠨ᠂ ᠬᠠᠮᠢᠶᠠᠷᠤᠯᠲᠠ᠎ᠶᠢᠨ ᠺᠠᠳ᠋ᠷ᠎ᠢ ᠬᠠᠮᠤᠷᠪᠠ᠃ 

ᠲᠣᠰ ᠠᠵᠢᠯᠯᠠᠭ᠎ᠠ᠎ᠳᠤ ᠪᠥᠬᠥ ᠤᠯᠤᠰ᠎ᠤᠨ ᠲᠠᠪᠤᠨ ᠰᠠᠷ᠎ᠠ᠎ᠶᠢᠨ ᠨᠢᠭᠡᠨ᠎ᠦ ᠬᠥᠳᠡᠯᠮᠦᠷᠢ᠎ᠶᠢᠨ ᠱᠠᠩᠨᠠᠯ᠎ᠤᠨ ᠮᠧᠳᠠᠯ ᠬᠦᠷᠲᠡᠭᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠬᠢᠨᠠᠨ ᠬᠡᠮᠵᠢᠯᠲᠡ᠎ᠶᠢᠨ ᠲᠥᠯᠦᠪᠵᠢᠭᠦᠯᠭᠡ᠎ᠶᠢᠨ ᠬᠦᠷᠢᠶᠡᠯᠡᠩ᠎ᠦᠨ ᠠᠮᠢ ᠠᠬᠤᠢ᠎ᠶᠢᠨ ᠢᠨᠵᠧᠨᠧᠷᠢᠩ᠎ᠦᠨ ᠬᠢᠨᠠᠨ ᠬᠡᠮᠵᠢᠬᠦ ᠲᠠᠰᠤᠭ᠎ᠤᠨ ᠡᠷᠬᠢᠯᠡᠭᠴᠢ ᠮᠢ ᠬᠣᠩ ᠵᠦᠸᠸ᠎ᠶᠢ ᠣᠨᠴᠠᠭᠠᠢᠯᠠᠨ ᠤᠷᠢᠵᠤ᠂  《ᠡᠮᠡᠭᠲᠡᠢᠴᠤᠳ᠎ᠤᠨ ᠡᠭᠦᠷᠭᠡᠯᠡᠯ᠂ ᠤᠮᠠᠷᠠᠲᠦ ᠬᠢᠯᠢ ᠢ᠋ᠢᠨ ᠰᠠᠬᠢᠨ ᠬᠠᠮᠠᠭᠠᠯᠠᠯ》 ᠬᠡᠬᠦ ᠭᠤᠤᠯ ᠰᠡᠲᠦᠪ ᠢ᠋ᠢᠡᠷ᠂ ᠠᠵᠢᠯ᠎ᠤᠨ ᠲᠤᠷᠰᠢᠯᠭ᠎ᠠ᠎ᠲᠠᠢ᠎ᠪᠠᠨ ᠤᠶᠠᠯᠳᠤᠭᠤᠯᠤᠨ ᠬᠢᠴᠢᠶᠡᠯ ᠳᠠᠢᠯᠤᠮᠵᠢ ᠬᠢᠪᠠ᠃ ᠮᠢ ᠬᠣᠩ ᠵᠦᠸᠸ ᠪᠠᠰᠠ ᠠᠵᠤ ᠠᠬᠤᠢᠯᠠᠯ᠎ᠤᠨ ᠬᠠᠷᠢᠭᠤᠴᠠᠯᠭᠠᠲᠠᠨ᠂ ᠮᠡᠷᠭᠡᠵᠢᠯ᠎ᠦᠨ ᠪᠦᠯᠬᠦᠮ᠎ᠲᠠᠢ ᠶᠠᠷᠢᠯᠴᠠᠨ ᠰᠣᠯᠢᠯᠴᠠᠵᠤ᠂ 《ᠤᠮᠠᠷᠠᠲᠦ ᠢ᠋ᠢᠨ ᠭᠤᠷᠪᠠᠨ ᠤᠷᠤᠨ》 ᠤ᠋ ᠢᠨᠵᠧᠨᠧᠷᠢᠩ᠎ᠦᠨ ᠶᠡᠷᠦᠩᠬᠡᠢ ᠪᠦᠲᠦᠭᠡᠨ ᠪᠠᠢᠭᠤᠯᠤᠯᠲᠠ᠎ᠶᠢᠨ ᠪᠠᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠡᠪᠡᠰᠦᠨ᠎ᠦ ᠡᠭᠦᠯᠳᠡᠷ᠎ᠢ ᠦᠷᠡᠵᠢᠭᠦᠯᠦᠨ ᠪᠣᠢᠵᠢᠭᠤᠯᠵᠤ ᠬᠠᠩᠭᠠᠯᠭ᠎ᠠ ᠎ᠶᠢ ᠪᠠᠲᠤᠯᠠᠬᠤ᠂ ᠮᠠᠭᠤᠳᠠᠭᠰᠠᠨ ᠨᠤᠲᠤᠭ ᠪᠡᠯᠴᠢᠭᠡᠷ᠎ᠦᠨ ᠠᠮᠢ ᠠᠬᠤᠢ᠎ᠶᠢ ᠰᠡᠷᠭᠦᠭᠡᠬᠦ᠂ ᠡᠯᠡᠰᠦᠵᠢᠭᠰᠡᠨ ᠭᠠᠵᠠᠷ ᠰᠢᠷᠣᠢ᠎ᠶᠢ ᠶᠡᠷᠦᠩᠬᠡᠢᠯᠡᠨ ᠵᠠᠰᠠᠬᠤ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠰᠤᠳᠤᠯᠤᠨ ᠶᠠᠷᠢᠯᠴᠠᠵᠤ᠂ ᠠᠵᠤ ᠠᠬᠤᠢᠯᠠᠯ᠎ᠤᠨ ᠠᠮᠢ ᠠᠬᠤᠢ᠎ᠶᠢᠨ ᠲᠦᠷᠦᠯ ᠵᠦᠢᠯ ᠢ᠋ ᠨᠠᠢᠳᠠᠪᠤᠷᠢᠵᠢᠭᠤᠯᠤᠨ ᠬᠡᠷᠡᠭᠵᠢᠭᠦᠯᠬᠦ᠂ ᠭᠣᠣᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠬᠦ᠂ ᠠᠵᠤ ᠦᠢᠯᠡᠰ᠎ᠦᠨ ᠡᠯᠧᠮᠧᠨ᠋ᠲ᠎ᠢ ᠪᠠᠲᠤᠯᠠᠵᠤ ᠲᠤᠯᠭᠠᠭᠤᠷᠢᠯᠠᠬᠤ ᠵᠡᠷᠭᠡ ᠲᠠᠯ᠎ᠠ᠎ᠪᠠᠷ ᠬᠢ ᠪᠡᠷᠬᠡ ᠠᠰᠠᠭᠤᠳᠠᠯ ᠪᠠ ᠪᠣᠳᠠᠲᠠᠢ ᠬᠦᠰᠡᠯ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠷᠢᠨ ᠨᠢᠮᠪᠠᠢ ᠣᠢᠯᠠᠭᠠᠵᠤ᠂ ᠠᠵᠤ ᠠᠬᠤᠢᠯᠠᠯ᠎ᠤᠨ ᠬᠥᠭᠵᠢᠯᠲᠡ᠎ᠶᠢᠨ 8 ᠵᠦᠢᠯ᠎ᠦᠨ ᠪᠣᠳᠠᠲᠠᠢ ᠠᠰᠠᠭᠤᠳᠠᠯ᠎ᠢ ᠲᠤᠬᠠᠢ᠎ᠶᠢᠨ ᠲᠠᠯᠠᠪᠤᠷ ᠲᠤᠨᠢ ᠡᠮᠬᠢᠯᠡᠨ ᠰᠢᠢᠳᠪᠦᠷᠢᠯᠡᠪᠡ᠃ 

ᠲᠤᠰ ᠤᠳᠠᠭ᠎ᠠ ᠬᠣᠶᠠᠷ ᠱᠠᠲᠤᠨ᠎ᠤ ᠠᠵᠢᠯᠴᠢᠨ᠎ᠤ ᠡᠪᠯᠡᠯ ᠬᠠᠮᠲᠤᠷᠠᠨ ᠬᠥᠳᠡᠯᠦᠯᠴᠡᠵᠦ᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ ᠨᠢ ᠰᠢᠢᠳᠪᠦᠷᠢᠯᠡᠬᠦ᠂ ᠠᠵᠤ ᠦᠢᠯᠡᠰ᠎ᠦᠨ ᠡᠨᠧᠷᠭᠢ ᠣᠯᠭᠣᠵᠤ ᠦᠷ᠎ᠡ ᠠᠰᠢᠭ᠋᠎ᠢ ᠨᠡᠮᠡᠭᠳᠡᠭᠦᠯᠬᠦ᠎ᠶᠢ ᠨᠢᠭᠡ ᠴᠣᠭᠴᠠᠵᠢᠭᠤᠯᠤᠭᠰᠠᠨ ᠲᠤᠰᠬᠠᠢ ᠦᠢᠯᠡᠴᠢᠯᠡᠭᠡᠨ᠎ᠦ ᠠᠵᠢᠯᠯᠠᠭ᠎ᠠ᠎ᠶᠢ ᠰᠢᠨ᠎ᠡ᠎ᠶᠢ ᠡᠭᠦᠳᠦᠨ ᠥᠷᠨᠢᠭᠦᠯᠵᠦ᠂ ᠠᠵᠢᠯᠴᠢᠨ᠎ᠤ ᠡᠪᠯᠡᠯ᠎ᠦᠨ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ᠂ ᠴᠢᠳᠠᠪᠤᠷᠢᠲᠠᠨ᠎ᠤ ᠤᠶᠤᠨ᠎ᠤ ᠲᠤᠯᠭᠠᠭᠤᠷᠢᠯᠠᠯ᠂ ᠮᠡᠷᠭᠡᠵᠢᠯ᠎ᠦᠨ ᠡᠬᠢ ᠪᠠᠶᠠᠯᠢᠭ᠋᠎ᠤᠨ ᠪᠠᠲᠤᠯᠠᠭ᠎ᠠ᠎ᠶᠢ ᠠᠮᠢ ᠠᠬᠤᠢ᠎ᠶᠢᠨ ᠵᠠᠰᠠᠯᠲᠠ᠎ᠶᠢᠨ ᠡᠮᠦᠨ᠎ᠡ ᠹᠷᠣᠨᠲ᠂ ᠠᠵᠤ ᠦᠢᠯᠡᠰ᠎ᠦᠨ ᠬᠥᠭᠵᠢᠯᠲᠡ᠎ᠶᠢᠨ ᠡᠮᠦᠨ᠎ᠡ ᠹᠷᠣᠨᠲ᠎ᠲᠤ ᠦᠨᠡᠨ ᠬᠦ᠌ ᠬᠦᠷᠭᠡᠵᠦ᠂ ᠠᠵᠢᠯᠴᠢᠨ᠎ᠤ ᠡᠪᠯᠡᠯ᠎ᠦᠨ ᠦᠨᠡᠨ ᠪᠣᠳᠠᠲᠠᠢ ᠡᠭᠦᠷᠭᠡᠯᠡᠯ᠎ᠢᠶᠡᠷ 《ᠤᠮᠠᠷᠠᠲᠤ ᠢ᠋ᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠴᠢᠨᠠᠷ ᠰᠠᠢᠲᠠᠢ ᠠᠬᠢᠭᠤᠯᠬᠤ᠂ ᠤᠮᠠᠷᠠᠲᠤ᠎ᠶᠢᠨ ᠬᠥᠬᠡᠮᠳᠦᠭ ᠨᠣᠭᠣᠭᠠᠨ ᠠᠭᠤᠯᠠ ᠤᠰᠤ᠎ᠶᠢ ᠰᠠᠬᠢᠨ ᠬᠠᠮᠠᠭᠠᠯᠠᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号