​ᠰᠢᠯᠢᠳᠡᠭ ᠬᠡᠷ᠎ᠦᠨ ᠰᠤᠷᠲᠠᠯ ᠲᠦᠭ ᠲᠦᠮᠡᠨ ᠡᠷᠦᠬᠡ᠎ᠶ᠋ᠢ ᠤᠮᠳᠠᠯᠠᠨ᠎ᠠ
2026-05-29 11:53:57
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠣᠢ᠌ᠷ᠎ᠠ᠎ᠳᠤ ᠬᠥᠬᠡᠬᠣᠲᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ᠎ᠠᠴᠠ ᠭᠤᠤᠯᠯᠠᠨ ᠡᠷᠭᠢᠯᠡᠭᠰᠡᠨ 《ᠬᠡᠷ᠎ᠦᠨ ᠶᠤᠰᠤ ᠬᠡᠷ᠎ᠦᠨ ᠰᠤᠷᠳᠠᠯ ᠭᠡᠷ ᠪᠦᠯᠢ ᠵᠢ ᠬᠡᠢᠭᠦᠯᠦᠨ᠎ᠡ》 ᠭᠡᠬᠦ᠌ ᠭᠤᠤᠯ ᠰᠡᠳᠦᠪᠲᠦ ᠰᠢᠯᠢᠳᠡᠭ ᠬᠡᠷ᠎ᠦᠨ ᠰᠤᠷᠲᠠᠯ᠎ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠬᠥᠬᠡᠬᠣᠲᠠ ᠳ᠋ᠦ ᠶᠠᠪᠤᠭ᠍ᠳᠠᠪᠠ᠃ ᠠᠵᠢᠯᠯᠠᠭ᠎ᠠ᠎ᠨᠢ ᠰᠣᠶᠣᠯ᠎ᠢᠶᠠᠷ ᠤᠮᠳᠠᠯᠠᠵᠤ᠂ ᠥᠯᠢᠭᠡᠷ ᠳᠠᠭᠤᠷᠢᠶᠠᠯ᠎ᠢᠶᠠᠷ ᠬᠥᠲᠥᠯᠥᠨ ᠳᠠᠭᠠᠭᠤᠯᠵᠤ᠂ ᠡᠴᠢᠭᠡ ᠡᠬᠡ ᠦᠷ᠎ᠡ ᠬᠡᠦᠬᠡᠳ ᠬᠠᠮᠲᠤ ᠪᠠᠷ ᠡᠭᠦᠳᠬᠦ᠌᠎ᠪᠡᠷ ᠠᠴᠢᠶᠠᠯᠠᠪᠤᠷᠢ ᠪᠣᠯᠭᠠᠵᠤ᠂ ᠤᠯᠠᠮᠵᠢᠯᠠᠯᠲᠤ ᠬᠡᠷ᠎ᠦᠨ ᠰᠤᠷᠲᠠᠯ᠎ᠤᠨ ᠠᠭᠤᠯᠤᠭ᠍ᠳᠠᠬᠤᠨ᠎ᠢ ᠭᠦᠨᠵᠡᠭᠡᠶ ᠠᠭᠤᠳᠠᠯᠵᠤ᠂ ᠬᠠᠮᠤᠭ᠎ᠤᠨ ᠭᠣᠶᠣ ᠬᠡᠷ ᠪᠦᠯᠢ᠎ᠶ᠋ᠢᠨ ᠥᠯᠢᠭᠡᠷ ᠳᠠᠭᠤᠷᠢᠶᠠᠯ᠎ᠢ ᠤᠬᠠᠭᠤᠯᠤᠨ ᠲᠠᠢᠯᠪᠤᠷᠢᠯᠠᠵᠤ᠂ ᠥᠷᠭᠡᠨ ᠣᠯᠠᠨ ᠬᠡᠷ ᠪᠦᠯᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠱᠢᠯᠢᠳᠡᠭ ᠬᠡᠷ᠎ᠦᠨ ᠰᠤᠷᠲᠠᠯ᠂ ᠤᠯᠠᠮᠵᠢᠯᠠᠯᠲᠤ ᠰᠠᠢᠨ ᠰᠠᠢᠬᠠᠨ ᠰᠤᠷᠲᠠᠯ᠎ᠢ᠎ᠨᠢ ᠬᠠᠳᠠᠭᠠᠯᠠᠭᠤᠯᠵᠤ᠂ ᠪᠣᠯᠪᠠᠰᠤᠨ ᠬᠡᠷ᠎ᠦᠨ ᠰᠤᠷᠲᠠᠯ᠎ᠢ ᠬᠥᠬᠡᠬᠣᠲᠠ᠎ᠶ᠋ᠢᠨ ᠲᠦᠭ ᠲᠦᠮᠡᠨ ᠬᠡᠷ ᠪᠦᠯᠢ ᠳ᠋ᠦ ᠬᠦᠷᠭᠡᠪᠡ᠃

ᠲᠣᠰ ᠤᠳᠠᠭᠠᠨ᠎ᠤ ᠠᠵᠢᠯᠯᠠᠭ᠎ᠠ᠎ᠨᠢ ᠬᠡᠷ᠎ᠦᠨ ᠰᠤᠷᠲᠠᠯ᠎ᠤᠨ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠠ ᠬᠡᠷ ᠪᠦᠯᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷ᠎ᠦᠨ ᠰᠤᠷᠲᠠᠯ᠎ᠤᠨ ᠰᠣᠶᠣᠯ᠎ᠤᠨ ᠲᠠᠢᠯᠤᠮᠵᠢ᠂ ᠬᠡᠷ᠎ᠦᠨ ᠶᠣᠰᠣ ᠬᠡᠷ᠎ᠦᠨ ᠰᠤᠷᠭᠠᠯ᠎ᠢ ᠴᠤᠭ᠍ᠯᠠᠭᠤᠯᠬᠤ᠂ 《ᠬᠠᠮᠤᠭ᠎ᠤᠨ ᠭᠣᠶᠣ ᠬᠡᠷ ᠪᠦᠯᠢ》 ᠡᠴᠡ ᠦᠯᠢᠭᠡᠷ ᠵᠢᠡᠨ ᠬᠤᠪᠢᠶᠠᠯᠴᠠᠬᠤ ᠣᠯᠠᠨ ᠥᠪᠡᠷᠮᠢᠴᠡ ᠣᠨᠴᠠᠯᠢᠭ᠎ᠲᠠᠶ ᠭᠣᠭ᠍ᠴᠣᠭ᠎ᠠ᠎ᠶ᠋ᠢ ᠲᠣᠬᠢᠷᠠᠭᠤᠯᠵᠤ᠂ ᠭᠦᠨ ᠭᠦᠨᠵᠡᠭᠡᠶ ᠣᠢᠯᠠᠭᠠᠯᠲᠠ᠎ᠪᠠᠷ ᠬᠡᠷ᠎ᠦᠨ ᠰᠤᠷᠲᠠᠯ᠎ᠢ ᠰᠤᠷᠤᠯᠴᠠᠬᠤ᠂ ᠰᠣᠯᠢᠯᠴᠠᠬᠤ᠂ ᠤᠯᠠᠮᠵᠢᠯᠠᠬᠤ ᠱᠢᠯᠢᠳᠡᠭ ᠲᠠᠪᠴᠠᠩ᠎ᠢ ᠪᠠᠢᠭᠤᠯᠪᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠵᠣᠬᠢᠶᠠᠯᠴᠢ ᠪᠠ ᠪᠥᠬᠥ᠌ ᠠᠷᠠᠳ᠎ᠤᠨ ᠤᠩᠱᠢᠯᠭ᠎ᠠ᠎ᠶ᠋ᠢ ᠳᠡᠯᠭᠡᠷᠡᠭᠦᠯᠦᠭᠴᠢ ᠡᠴᠡ ᠡᠷᠲᠡᠨ ᠡᠳᠦᠭᠡ᠎ᠶ᠋ᠢᠨ ᠬᠡᠷ᠎ᠦᠨ ᠰᠤᠷᠲᠠᠯ᠎ᠤᠨ ᠬᠤᠪᠢᠷᠠᠯᠲᠠ᠎ᠪᠠᠷ ᠱᠢᠵᠢᠮ ᠪᠣᠯᠭᠠᠵᠤ᠂ ᠲᠤᠰᠭᠠᠶ ᠰᠡᠳᠦᠪᠲᠦ ᠰᠣᠶᠣᠯ᠎ᠤᠨ ᠬᠤᠪᠢᠶᠠᠯᠴᠠᠯ ᠬᠢᠵᠡᠢ᠃ ᠬᠠᠭᠠᠨ᠎ᠤ ᠣᠷᠳᠣᠨ᠎ᠤ 《ᠲᠥᠪ ᠶᠡᠬᠡ ᠭᠡᠭᠡᠨ ᠰᠠᠷᠠᠭᠤᠯ》 ᠬᠠᠭᠠᠨ᠎ᠤ ᠰᠤᠷᠭᠠᠯ᠂ ᠴᠢᠶᠣᠤ ᠣᠪᠣᠭ᠍ᠲᠤ᠎ᠶ᠋ᠢᠨ ᠶᠡᠬᠡ ᠬᠦᠷᠢᠶᠡᠨ᠎ᠦ 《ᠠᠵᠢᠯᠴᠢ ᠬᠥᠳᠡᠯᠮᠦᠷᠢᠴᠢ᠎ᠪᠡᠷ ᠦᠨᠳᠦᠰᠦ ᠪᠣᠯᠭᠠᠬᠤ》 ᠨᠢ ᠦᠶ᠎ᠡ ᠤᠯᠠᠮᠵᠢᠯᠠᠭ᠍ᠳᠠᠭ᠍ᠰᠠᠨ ᠢᠯᠡᠷᠬᠡᠢᠯᠡᠯ᠎ᠡᠴᠡ ᠱᠢᠨ᠎ᠡ ᠴᠠᠭ ᠦᠶ᠎ᠡ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠦ ᠬᠥᠮᠦᠨ ᠬᠥᠮᠦᠵᠢᠭᠦᠯᠬᠦ᠌ ᠣᠢᠯᠠᠭᠠᠭ᠍ᠳᠠᠬᠤᠨ᠂ ᠰᠦᠯᠵᠢᠶᠡᠨ᠎ᠦ ᠢᠳᠡᠪᠬᠢ ᠬᠦᠴᠦᠨ᠎ᠦ ᠵᠣᠷᠢᠭ ᠰᠠᠨᠠᠭ᠎ᠠ᠂ ᠱᠢᠯᠢᠳᠡᠭ ᠠᠵᠤ ᠠᠬᠤᠢᠯᠠᠯᠲᠠᠨ᠎ᠤ ᠣᠷᠣᠱᠢᠨ ᠲᠣᠭ᠍ᠲᠠᠨᠢᠬᠤ ᠤᠭ ᠰᠠᠨᠠᠭ᠎ᠠ ᠬᠦᠷᠲᠡᠯ᠎ᠡ᠂ ᠭᠡᠷ᠎ᠦᠨ ᠰᠤᠷᠲᠠᠯ ᠨᠢ ᠤᠯᠠᠮᠵᠢᠯᠠᠯᠲᠤ ᠫᠠᠢᠰᠠ ᠢᠯᠡᠷᠬᠡᠢᠯᠡᠯ᠂ ᠬᠡᠷᠡᠮ ᠳᠡᠭᠡᠷᠡᠬᠢ ᠤᠷᠢᠶ᠎ᠠ ᠯᠣᠽᠦᠩ᠎ᠡᠴᠡ ᠱᠢᠨ᠎ᠡ ᠴᠠᠭ ᠦᠶ᠎ᠡ᠎ᠶ᠋ᠢᠨ ᠱᠢᠨ᠎ᠡ ᠵᠠᠭᠤᠴᠢᠯᠠᠭᠤᠷ᠂ ᠠᠮᠢᠳᠤᠷᠠᠯᠴᠢᠯᠠᠭ᠍ᠰᠠᠨ ᠤᠶᠤᠨ ᠰᠠᠨᠠᠭᠠᠨ᠎ᠤ ᠴᠥᠮ᠎ᠡ ᠬᠦᠷᠲᠡᠯᠡᠬᠢ ᠬᠤᠪᠢᠰᠤᠯᠲᠠ᠎ᠶ᠋ᠢᠨ ᠶᠠᠪᠤᠴᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠪᠠ᠃ ᠭᠡᠷ᠎ᠦᠨ ᠰᠤᠷᠲᠠᠯ ᠴᠠᠭ ᠦᠶ᠎ᠡ᠎ᠶ᠋ᠢ ᠲᠠᠭᠠᠨ ᠱᠢᠨᠡᠳᠴᠦ᠍᠂ ᠰᠠᠢ᠌ᠨ ᠰᠠᠢᠬᠠᠨ᠎ᠢ ᠬᠥᠭᠡᠭᠡᠴᠡᠯᠳᠦᠬᠦ᠌ ᠳᠣᠲᠣᠭᠠᠳᠤ ᠴᠥᠮ᠎ᠡ ᠢᠮᠠᠭ᠍ᠲᠠ ᠬᠤᠪᠢᠷᠠᠬᠤ ᠦᠭᠡᠢ ᠪᠠᠢᠬᠤ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠭᠡᠷ᠎ᠦᠨ ᠠᠬᠠᠮᠠᠳ ᠪᠣᠯᠤᠨ ᠬᠡᠦᠬᠡᠳ᠎ᠢ ᠬᠦᠳᠦᠯᠦᠨ ᠵᠢᠯᠣᠭᠣᠳᠴᠤ᠌ ᠣᠳᠣᠬᠢ ᠪᠠᠢᠳᠠᠯ᠎ᠳᠤ ᠰᠠᠭᠤᠷᠢᠯᠠᠵᠤ᠂ ᠢᠷᠡᠭᠡᠳᠦᠢ᠎ᠳᠦ ᠬᠠᠨᠳᠤᠵᠤ᠂ ᠱᠢᠯᠢᠳᠡᠭ ᠰᠠᠢ᠌ᠨ ᠭᠡᠷ᠎ᠦᠨ ᠰᠤᠷᠲᠠᠯ᠎ᠢ ᠤᠯᠠᠮᠵᠢᠯᠠᠵᠤ᠂ ᠵᠥᠪ ᠦᠷᠳᠡᠭ᠎ᠦᠨ ᠦᠵᠡᠯᠲᠡ᠎ᠶ᠋ᠢ ᠪᠤᠢ ᠪᠣᠯᠭᠠᠪᠠ᠃

ᠠᠵᠢᠯᠯᠠᠭ᠎ᠠ᠎ᠨᠢ ᠭᠤᠷᠪᠠᠨ ᠳᠤᠭᠤᠢᠯᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠠᠮᠤᠭ᠎ᠤᠨ ᠭᠣᠶᠣ ᠬᠡᠷ ᠪᠦᠯᠢ》 ᠶ᠋ᠢᠨ ᠲᠥᠯᠥᠭᠡᠯᠡᠭ᠌ᠴᠢ᠎ᠶ᠋ᠢ ᠣᠨᠴᠠᠭᠠᠢᠯᠠᠨ ᠤᠷᠢᠵᠤ ᠬᠡᠷ᠎ᠦᠨ ᠰᠤᠷᠲᠠᠯ᠎ᠤᠨ ᠥᠯᠢᠭᠡᠷ᠎ᠢ ᠬᠤᠪᠢᠶᠠᠯᠴᠠᠵᠤ᠂ ᠡᠭᠡᠯ ᠵᠢᠷ᠎ᠦᠨ ᠰᠠᠢᠨ ᠦᠶ᠋ᠯᠡ ᠠᠵᠢᠯᠯᠠᠭ᠎ᠠ᠎ᠪᠠᠷ ᠱᠢᠨ᠎ᠡ ᠴᠠᠭ ᠦᠶ᠎ᠡ᠎ᠶ᠋ᠢᠨ ᠬᠡᠷ᠎ᠦᠨ ᠰᠤᠷᠲᠠᠯ᠎ᠤᠨ ᠦᠨᠡᠨ ᠶᠣᠰᠣ᠎ᠶ᠋ᠢ ᠲᠠᠢᠯᠪᠤᠷᠢᠯᠠᠪᠠ᠃

ᠭᠡᠷ ᠪᠦᠯᠢ ᠪᠣᠯ ᠨᠡᠢᠭᠡᠮ᠎ᠦᠨ ᠦᠨᠳᠦᠰᠦᠨ ᠡᠰ ᠮᠥᠨ᠂ ᠭᠡᠷ᠎ᠦᠨ ᠰᠤᠷᠲᠠᠯ ᠪᠣᠯ ᠨᠡᠢᠭᠡᠮ᠎ᠦᠨ ᠪᠣᠯᠪᠠᠰᠤᠨ᠎ᠤ ᠴᠢᠬᠤᠯᠠ ᠰᠠᠭᠤᠷᠢ ᠮᠥᠨ᠃ ᠲᠣᠰ ᠤᠳᠠᠭᠠᠨ᠎ᠤ ᠣᠯᠠᠨ ᠤᠯᠤᠰ᠎ᠤᠨ ᠬᠡᠷ ᠪᠦᠯᠢ᠎ᠶ᠋ᠢᠨ ᠡᠳᠦᠷ᠎ᠦᠨ ᠭᠤᠤᠯ ᠰᠡᠳᠦᠪᠲᠦ ᠠᠵᠢᠯᠯᠠᠭ᠎ᠠ᠎ᠨᠢ ᠰᠣᠶᠣᠯ᠎ᠢᠶᠠᠷ ᠬᠥᠮᠦᠨ᠎ᠢ ᠤᠬᠠᠭᠠᠷᠠᠭᠤᠯᠵᠤ᠂ ᠬᠡᠷ ᠪᠦᠯᠢ᠎ᠪᠡᠷ᠎ᠢᠶᠡᠨ ᠬᠥᠮᠦᠨ᠎ᠢ ᠬᠥᠮᠦᠵᠢᠭᠦᠯᠵᠦ᠍᠂ ᠤᠯᠠᠮᠵᠢᠯᠠᠯᠲᠤ ᠬᠡᠷ᠎ᠦᠨ ᠰᠤᠷᠲᠠᠯ᠎ᠢ ᠲᠠᠢᠯᠪᠤᠷᠢᠯᠠᠬᠤ᠂ ᠥᠯᠢᠭᠡᠷ ᠳᠠᠭᠤᠷᠢᠶᠠᠯ᠎ᠢᠶᠠᠷ ᠬᠥᠲᠥᠯᠥᠨ ᠳᠠᠭᠠᠭᠤᠯᠬᠤ᠂ ᠡᠴᠢᠭᠡ ᠡᠬᠡ ᠦᠷ᠎ᠡ ᠬᠡᠦᠬᠡᠳ᠎ᠦᠨ ᠦᠶ᠋ᠯᠡᠳᠦᠯᠭᠡ᠎ᠪᠡᠷ ᠳᠠᠮᠵᠢᠭᠤᠯᠤᠨ ᠴᠢᠳᠠᠪᠤᠷᠢ ᠣᠯᠭᠣᠵᠤ᠂ ᠱᠢᠯᠢᠳᠡᠭ ᠬᠡᠷ᠎ᠦᠨ ᠰᠤᠷᠲᠠᠯ᠎ᠢ ᠨᠣᠮ ᠪᠢᠴᠢᠭ᠎ᠡᠴᠡ ᠭᠠᠷᠭᠠᠵᠤ᠂ ᠠᠮᠢᠳᠤᠷᠠᠯ᠎ᠳᠤ ᠠᠭᠤᠰᠤᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号