ᠬᠥᠬᠡᠬᠣᠲᠠ᠎ᠶ᠋ᠢᠨ ᠬᠣᠷᠢᠨᠭᠡᠷ ᠱᠢᠶᠠᠨ ᠴᠡᠷᠢᠭ᠎ᠦᠨ ᠬᠡᠷ ᠪᠦᠯᠢ᠎ᠶ᠋ᠢᠨ ᠬᠢᠨ ᠳ᠋ᠤ ᠦᠨᠡᠮᠯᠡᠯ ᠣᠯᠭᠣᠬᠤ ᠠᠵᠢᠯ᠎ᠢ ᠡᠬᠢᠯᠡᠭᠦᠯᠪᠡ
2026-05-29 12:02:50
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠱᠢᠨ᠎ᠡ ᠴᠠᠭ ᠦᠶ᠎ᠡ᠎ᠶ᠋ᠢᠨ ᠴᠡᠷᠢᠭ᠎ᠢᠶᠡᠨ ᠬᠦᠷᠢᠶᠡᠯᠡᠨ ᠬᠡᠷ ᠪᠦᠯᠢ᠎ᠶ᠋ᠢ ᠨᠢ ᠬᠠᠷᠠᠭᠠᠯᠵᠠᠬᠤ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠯᠪᠠ ᠬᠠᠭᠠᠵᠤ ᠪᠠᠢᠭ᠎ᠠ ᠴᠡᠷᠢᠭ᠎ᠦᠨ ᠬᠡᠷ ᠪᠦᠯᠢ᠎ᠶ᠋ᠢᠨ ᠬᠢᠨ᠎ᠦ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠨ ᠪᠠᠲᠤᠯᠠᠬᠤ᠎ᠶ᠋ᠢᠨ ᠲᠥᠯᠥᠭᠡ᠂ ᠲᠦᠷᠦᠬᠦᠭᠡᠨ᠂ ᠬᠥᠬᠡᠬᠣᠲᠠ᠎ᠶ᠋ᠢᠨ ᠬᠣᠷᠢᠨᠭᠡᠷ ᠱᠢᠶᠠᠨ᠎ᠤ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ ᠱᠢᠶᠠᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠲᠠᠢ ᠬᠠᠮᠳᠤᠷᠠᠨ ᠴᠡᠷᠢᠭ᠎ᠦᠨ ᠬᠡᠷ ᠪᠦᠯᠢ᠎ᠶ᠋ᠢᠨ ᠬᠢᠨ ᠳ᠋ᠤ ᠦᠨᠡᠮᠯᠡᠯ ᠣᠯᠭᠣᠬᠤ ᠠᠵᠢᠯ᠎ᠢ ᠡᠬᠢᠯᠡᠭᠦᠯᠪᠡ᠃

ᠲᠣᠰ ᠤᠳᠠᠭᠠᠨ᠎ᠤ ᠦᠨᠡᠮᠯᠡᠯ ᠣᠯᠭᠣᠬᠤ ᠠᠵᠢᠯ ᠨᠢ ᠪᠥᠬᠥ᠌ ᠱᠢᠶᠠᠨ᠎ᠤ ᠴᠡᠷᠢᠭ᠎ᠦᠨ ᠬᠡᠷ ᠪᠦᠯᠢ᠎ᠶ᠋ᠢᠨ ᠬᠢᠨ ᠤ᠋ ᠦᠨᠡᠮᠯᠡᠯ ᠬᠢᠨᠠᠨ ᠣᠯᠭᠣᠬᠤ ᠠᠵᠢᠯ ᠪᠠᠢᠡᠭᠭᠤᠵᠢᠬᠰᠠᠨ᠂ ᠵᠢᠷᠤᠮᠵᠢᠭ᠍ᠰᠠᠨ ᠵᠠᠮ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃ ᠲᠤᠬᠠᠶ᠎ᠶ᠋ᠢᠨ ᠭᠠᠵᠠᠷ᠎ᠤᠨ᠎ᠬᠢᠨ ᠮᠡᠳᠡᠭᠡ ᠵᠠᠩᠭᠢ᠎ᠶ᠋ᠢ ᠬᠢᠨᠠᠨ ᠱᠢᠯᠭᠠᠬᠤ᠂ ᠳᠡᠩᠰᠡᠯᠡᠨ ᠲᠡᠮᠳᠡᠭ᠌ᠯᠡᠬᠦ᠌᠂ ᠭᠡᠷᠡᠴᠢ ᠦᠨᠡᠮᠯᠡᠯ ᠣᠯᠭᠣᠬᠤ ᠵᠡᠷᠭᠡ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍᠂ ᠬᠠᠷᠢᠶ᠎ᠠ ᠣᠷᠣᠨ᠎ᠤ ᠠᠯᠪᠠ ᠬᠠᠭᠠᠵᠤ ᠪᠠᠢᠭ᠎ᠠ ᠴᠡᠷᠢᠭ᠎ᠦᠨ ᠬᠡᠷ ᠪᠦᠯᠢ᠎ᠶ᠋ᠢᠨ ᠬᠢᠨ᠎ᠳᠦ ᠦᠨᠡᠮᠯᠡᠯ ᠲᠡᠶ ᠪᠠᠢᠬᠤ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍᠂ ᠴᠡᠷᠢᠭ ᠬᠦᠮᠦᠨ᠎ᠢ ᠲᠡᠭᠡᠳᠦᠯᠡᠬᠦ᠂ ᠴᠡᠷᠢᠭ᠎ᠦᠨ ᠬᠡᠷ ᠪᠦᠯᠢ᠎ᠶ᠋ᠢᠨ ᠬᠢᠨ ᠢ᠋ ᠬᠠᠯᠠᠮᠵᠢᠯᠠᠬᠤ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ᠎ᠠ᠃

ᠴᠡᠷᠢᠭ᠎ᠦᠨ ᠭᠡᠷ ᠪᠦᠯᠢ᠎ᠶ᠋ᠢᠨ ᠬᠢᠨ ᠤ᠋ ᠦᠨᠡᠮᠯᠡᠯ ᠨᠢ ᠵᠢᠩᠬᠢᠨᠢ ᠠᠯᠪᠠᠨ ᠴᠡᠷᠢᠭ᠎ᠦᠨ ᠡᠴᠢᠭᠡ ᠡᠬᠡ᠂ ᠬᠠᠨᠢ ᠨᠦᠬᠦᠷ᠂ ᠦᠷ᠎ᠡ ᠬᠡᠦᠬᠡᠳ ᠵᠡᠷᠭᠡ ᠬᠦᠮᠦᠰ ᠤ᠋ᠨ ᠲᠤᠰᠭᠠᠶ ᠬᠠᠷᠠᠭᠠᠯᠵᠠᠯ᠎ᠤᠨ ᠭᠡᠷᠡᠴᠢ ᠲᠡᠮᠳᠡᠭ ᠪᠠᠢᠵᠦ᠂ ᠲᠣᠭ᠍ᠲᠠᠭᠠᠯ ᠶᠣᠰᠣᠭᠠᠷ ᠴᠡᠷᠢᠭ᠎ᠢᠶᠡᠨ ᠬᠦᠷᠢᠶᠡᠯᠡᠬᠦ᠌ ᠡᠯ᠎ᠡ ᠵᠦᠢᠯ᠎ᠦᠨ ᠠᠰᠠᠷᠠᠮᠵᠢ᠎ᠶ᠋ᠢ ᠡᠳ᠋ᠯᠡᠵᠦ᠍ ᠪᠣᠯᠤᠨ᠎ᠠ᠃ ᠬᠤᠢᠰᠢᠳᠠ᠂ ᠲᠣᠰ ᠱᠢᠶᠠᠨ ᠴᠡᠷᠢᠭ᠎ᠢᠶᠡᠨ ᠬᠦᠷᠢᠶᠡᠯᠡᠬᠦ᠌ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠪᠡᠨ ᠦᠷᠭᠦᠯᠵᠢᠯᠡᠨ ᠱᠢᠯᠢᠳᠡᠭ᠌ᠵᠢᠭᠦᠯᠵᠦ᠂ ᠪᠥᠬᠥ᠌ ᠨᠡᠢᠭᠡᠮ᠎ᠢᠶᠡᠷ᠎ᠢᠶᠡᠨ ᠴᠡᠷᠢᠭ ᠬᠦᠮᠦᠨ᠎ᠢ ᠬᠦᠨᠳᠦᠳᠭᠡᠬᠦ᠌᠂ ᠴᠡᠷᠢᠭ᠎ᠦᠨ ᠬᠡᠷ ᠪᠦᠯᠢ᠎ᠶ᠋ᠢᠨ ᠬᠢᠨ ᠢ᠋ ᠬᠠᠯᠠᠮᠵᠢᠯᠠᠬᠤ ᠰᠠᠢᠨ ᠰᠠᠢᠬᠠᠨ ᠬᠡᠪ ᠰᠤᠷᠲᠠᠯ᠎ᠢ ᠪᠣᠶ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号