ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠲᠦᠭᠡᠮᠡᠯᠵᠢᠭᠦᠯᠬᠦ ᠦᠵᠡᠭᠦᠯᠭᠡ ᠶᠠᠪᠤᠬᠳᠠᠪᠡ
2026-05-29 15:50:14
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠲᠢᠡᠭᠭᠢᠮ ᠡᠴᠨ ᠤᠢᠯᠠᠭᠠᠬᠰᠠᠨ ᠵᠢᠡᠷ᠂ ᠪᠥᠬᠥ᠌ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠲᠦᠭᠡᠮᠡᠯᠵᠢᠭᠦᠯᠵᠦ᠂ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌ ᠢᠳᠡᠪᠬᠢ ᠬᠦᠴᠦᠨ᠎ᠢ ᠨᠢᠭ᠍ᠲᠠᠷᠠᠭᠤᠯᠬᠤ᠎ᠶ᠋ᠢᠨ ᠲᠥᠯᠥᠭᠡ᠂ ᠦᠬᠠᠶ ᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠥᠪᠥᠷ ᠮᠣᠩᠭᠣᠯ ᠣᠷᠣᠨ᠎ᠤ ᠬᠣᠲᠠ᠂ ᠨᠠᠭᠤᠷ ᠴᠥᠭᠥᠷᠥᠮ᠎ᠠᠭᠤᠯᠠ ᠪᠡᠷ ᠨᠡᠷᠡᠢᠳᠦᠭ᠌ᠰᠡᠨ ᠴᠡᠷᠢᠭ᠎ᠦᠨ ᠬᠥᠯᠭᠡ ᠣᠩᠭᠣᠴᠠ᠎ᠶ᠋ᠢᠨ ᠵᠠᠭ᠍ᠪᠤᠷ᠎ᠤᠨ ᠦᠵᠡᠭᠦᠯᠭᠡ ᠡᠷᠭᠢᠯᠡᠪᠡ᠃ 

ᠲᠣᠰ ᠤᠳᠠᠭᠠᠨ᠎ᠤ ᠦᠵᠡᠭᠦᠯᠭᠡ᠎ᠳᠦ 6 ᠴᠡᠷᠢᠭ᠎ᠦᠨ ᠬᠥᠯᠭᠡ ᠣᠩᠭᠣᠴᠠ᠎ᠶ᠋ᠢᠨ ᠵᠠᠭ᠍ᠪᠤᠷ᠎ᠢ ᠳᠡᠯᠭᠡᠨ ᠦᠵᠡᠭᠦᠯᠵᠦ᠂ ᠬᠣᠲᠠ᠎ᠶ᠋ᠢᠨ ᠠᠷᠠᠳ ᠵᠢᠴᠢ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠬᠠᠨᠳᠤᠭᠤᠯᠤᠨ᠂ ᠲᠤᠬᠠᠶ᠎ᠶ᠋ᠢᠨ ᠲᠠᠯᠠᠪᠠᠶ᠎ᠳᠤ ᠲᠤᠰᠭᠠᠶ ᠬᠥᠮᠦᠨ ᠳᠣᠭᠢᠷᠠᠭᠤᠯᠤᠨ ᠲᠠᠢᠯᠪᠤᠷᠢᠯᠠᠯᠲᠠ ᠬᠢᠯᠭᠡᠵᠦ᠍᠂ ᠲᠣᠭᠣᠷᠢᠨ ᠦᠵᠡᠭ᠌ᠴᠢᠳ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠥᠯᠢᠭᠡᠷ᠎ᠢ ᠣᠢᠯᠠᠭᠠᠭᠤᠯᠵᠠᠶ᠃

ᠣᠢᠷ᠎ᠠ᠎ᠶ᠋ᠢᠨ ᠵᠢᠯ᠎ᠳ᠋ᠤ᠂ ᠦᠬᠠᠶ ᠬᠣᠲᠠ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠲᠦᠭᠡᠮᠡᠯᠵᠢᠭᠦᠯᠬᠦ ᠠᠵᠢᠯ᠎ᠢ ᠦᠨᠡᠨ᠎ᠬᠦ ᠠᠬᠢᠭᠤᠯᠵᠦ᠂ ᠬᠣᠲᠠ᠎ᠶ᠋ᠢᠨ ᠠᠷᠠᠳ᠎ᠤᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢ ᠬᠠᠯᠠᠮᠵᠢᠯᠠᠬᠤ ᠰᠡᠳᠭᠢᠯᠭᠡ᠎ᠶ᠋ᠢ ᠬᠥᠭ᠌ᠵᠢᠭᠡᠵᠦ᠍᠂ 《ᠴᠡᠷᠢᠭ ᠨᠢ ᠠᠷᠠᠳ᠎ᠢᠶᠠᠨ ᠬᠠᠢᠷᠠᠯᠠᠬᠤ᠂ ᠠᠷᠠᠳ ᠨᠢ ᠴᠡᠷᠢᠭ᠎ᠢᠶᠡᠨ ᠬᠦᠷᠢᠶᠡᠯᠡᠬᠦ᠌》 ᠴᠠᠭ ᠦᠶ᠎ᠡ᠎ᠶ᠋ᠢᠨ ᠳᠠᠭᠤᠤ᠎ᠶ᠋ᠢ ᠬᠠᠡᠭᠭᠢᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号