ᠣᠢᠷ᠎ᠠ᠎ᠳᠤ᠂ ᠥᠪᠥᠷ ᠮᠣᠩᠭᠣᠯ᠎ᠤᠨ 《12348》 ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠬᠠᠯᠠᠮᠰᠢᠯ ᠤᠲᠠᠰᠤᠨ᠎ᠤ ᠬᠢᠨ ᠬᠦᠬᠡᠬᠤᠲᠠ ᠢ᠋ᠢᠨ ᠰᠢᠨ᠎ᠡ ᠬᠣᠲᠠ ᠲᠣᠭᠣᠷᠢᠭ᠋᠎ᠤᠨ ᠬᠠᠢᠯᠠᠷ ᠵᠠᠮ᠎ᠤᠨ ᠪᠠᠭ᠎ᠠ ᠰᠤᠷᠭᠠᠭᠤᠯᠢ᠎ᠳᠤ ᠬᠦᠷᠴᠦ᠂ 《ᠬᠠᠤᠯᠢ᠎ᠶᠢ ᠰᠤᠷᠤᠯᠴᠠᠨ ᠬᠠᠤᠯᠢ᠎ᠶᠢ ᠰᠠᠬᠢᠵᠤ ᠠᠮᠤᠷ ᠲᠦᠪᠰᠢᠨ᠎ᠢᠶᠡᠷ ᠦᠰᠦᠨ ᠪᠣᠢᠵᠢᠬᠤ》 ᠪᠡᠷ ᠭᠣᠣᠯ ᠰᠡᠳᠦᠪ ᠪᠣᠯᠭᠠᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠲᠠᠢᠯᠤᠮᠵᠢ ᠥᠷᠨᠢᠭᠦᠯᠪᠡ᠃
ᠠᠵᠢᠯᠯᠠᠭ᠎ᠠ᠎ᠳᠤ᠂ ᠬᠠᠤᠯᠢᠴᠢ ᠡᠴᠡ ᠨᠠᠰᠤᠨ᠎ᠳᠤ ᠥᠯᠥ ᠭᠦᠷᠦᠭᠰᠡᠳ ᠪᠣᠯᠣᠨ ᠬᠠᠤᠯᠢ ᠴᠠᠭᠠᠵᠠ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠢ ᠲᠡᠪᠴᠢᠬᠦ᠂ ᠥᠪᠡᠷ᠎ᠢ᠎ᠪᠡᠨ ᠬᠠᠮᠠᠭᠠᠯᠠᠬᠤ᠂ ᠦᠶ᠋ᠯᠡ ᠠᠵᠢᠯᠯᠠᠭ᠎ᠠ᠎ᠶᠢᠨ ᠵᠠᠭᠠᠭ ᠬᠢᠵᠠᠭᠠᠷ᠂ ᠰᠦᠯᠵᠢᠶᠡᠨ᠎ᠦ ᠠᠮᠤᠷ ᠲᠦᠪᠰᠢᠨ ᠵᠡᠷᠭᠡ ᠭᠣᠣᠯᠳᠠᠯᠭ᠎ᠠ᠎ᠲᠠᠢ ᠠᠭᠤᠯᠭ᠎ᠠ᠎ᠶᠢᠨ ᠲᠣᠭᠣᠷᠢᠨ᠎ᠳᠤ᠂ ᠰᠣᠷᠣᠭ᠍ᠴᠢ᠎ᠶᠢᠨ ᠠᠮᠢᠳᠤᠷᠠᠯ᠎ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠣᠢᠯᠠᠭᠠᠮᠵᠢᠲᠠᠢ ᠰᠢᠯᠤᠭᠤᠨ ᠦᠭᠡ ᠬᠡᠯᠡ᠎ᠪᠡᠷ ᠬᠠᠤᠯᠢ ᠲᠦᠭᠡᠮᠡᠯᠵᠢᠭᠦᠯᠬᠦ ᠲᠠᠢᠯᠤᠮᠵᠢ ᠬᠢᠪᠡ᠃ ᠡᠭᠦᠨ᠎ᠦ ᠬᠠᠮᠲᠤ ᠦᠨᠡᠨ ᠪᠣᠳᠠᠲᠠᠢ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠤᠨ ᠬᠣᠣᠷ ᠬᠥᠨᠥᠭᠡᠯ᠂ ᠰᠦᠯᠵᠢᠶᠡᠨ᠎ᠦ ᠠᠮᠤᠷ ᠲᠦᠪᠰᠢᠨ᠎ᠦ ᠠᠩᠬᠠᠷᠬᠤ ᠵᠦᠢᠯᠡᠰ᠂ ᠡᠳᠦᠷ ᠲᠤᠲᠤᠮ᠎ᠤᠨ ᠦᠶ᠋ᠯᠡ ᠠᠵᠢᠯᠯᠠᠭ᠎ᠠ᠎ᠶᠢᠨ ᠬᠢᠵᠠᠭᠠᠷ ᠱᠤᠭᠤᠮ᠎ᠢ ᠲᠠᠢᠯᠪᠤᠷᠢᠯᠠᠵᠤ᠂ ᠥᠪᠡᠷ᠎ᠢ᠎ᠪᠡᠨ ᠬᠠᠮᠠᠭᠠᠯᠠᠬᠤ ᠪᠣᠳᠠᠲᠤ ᠬᠡᠷᠡᠭᠯᠡᠭᠡᠨ᠎ᠦ ᠠᠷᠭ᠎ᠠ᠎ᠶᠢ ᠤᠯᠠᠮᠵᠢᠯᠠᠵᠤ᠂ ᠰᠤᠷᠤᠭ᠍ᠴᠢᠳ᠎ᠢ ᠬᠥᠲᠥᠯᠥᠨ ᠵᠢᠯᠤᠭᠣᠳᠴᠤ ᠪᠠᠢᠭᠠᠳ ᠵᠥᠪ ᠪᠤᠷᠤᠭᠤ᠎ᠶᠢ ᠢᠯᠭᠠᠨ ᠲᠣᠳᠣᠯᠠᠵᠤ᠂ ᠦᠭᠡ ᠶᠠᠷᠢᠶ᠎ᠠ ᠦᠶ᠋ᠯᠡ ᠠᠵᠢᠯᠯᠠᠭ᠎ᠠ᠎ᠶᠢ ᠨᠢ ᠵᠢᠷᠤᠮᠵᠢᠭᠤᠯᠪᠠ᠃
ᠲᠣᠰ ᠤᠳᠠᠭᠠᠨ᠎ᠤ ᠰᠤᠷᠭᠠᠭᠤᠯᠢ᠎ᠶᠢᠨ ᠬᠦᠷᠢᠶᠡᠨ᠎ᠳᠦ ᠣᠷᠣᠵᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ᠎ᠳᠤ᠂ ᠬᠠᠤᠯᠢ᠎ᠪᠠᠷ ᠵᠠᠰᠠᠬᠤ ᠮᠡᠳᠡᠯᠭᠡ᠎ᠶᠢ ᠰᠣᠷᠣᠭ᠍ᠴᠢ᠎ᠶᠢᠨ ᠳᠡᠷᠭᠡᠳᠡ ᠬᠦᠷᠭᠡᠵᠦ᠂ ᠰᠤᠷᠤᠭ᠍ᠴᠢᠳ᠎ᠤᠨ ᠬᠠᠤᠯᠢ᠎ᠪᠠᠷ ᠵᠠᠰᠠᠬᠤ ᠤᠬᠠᠮᠰᠠᠷ ᠪᠠ ᠠᠮᠤᠷ ᠲᠦᠪᠰᠢᠨ᠎ᠦ ᠰᠡᠷᠭᠡᠢᠯᠡᠯᠲᠡ᠎ᠶᠢᠨ ᠴᠢᠳᠠᠪᠤᠷᠢ᠎ᠶᠢ ᠤᠯᠠᠮ ᠨᠢᠭᠡ ᠠᠯᠬᠤᠮ ᠴᠢᠩᠭᠠᠳᠬᠠᠪᠠ᠃ ᠲᠠᠷᠠᠭᠠᠴᠢ᠎ᠶᠢᠨ ᠠᠯᠬᠤᠮ᠎ᠳᠤ᠂ ᠥᠪᠥᠷ ᠮᠣᠩᠭᠣᠯ᠎ᠤᠨ 《12348》 ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠬᠠᠯᠠᠮᠰᠢᠯ ᠤᠲᠠᠰᠤᠨ᠎ᠤ ᠬᠢᠨ ᠰᠤᠷᠭᠠᠭᠤᠯᠢ᠎ᠶᠢᠨ ᠬᠦᠷᠢᠶᠡᠨ᠎ᠦ ᠬᠠᠤᠯᠢ ᠲᠦᠭᠡᠮᠡᠯᠵᠢᠭᠦᠯᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠬᠠᠤᠯᠢ᠎ᠪᠠᠷ ᠵᠠᠰᠠᠬᠤ᠎ᠪᠠᠷ ᠳᠠᠮᠵᠢᠨ ᠵᠠᠯᠠᠭᠤᠴᠤᠳ ᠪᠠᠭᠠᠴᠤᠳ᠎ᠤᠨ ᠠᠮᠤᠷ ᠲᠠᠢᠪᠤᠩ ᠡᠷᠡᠭᠦᠯ᠎ᠢᠶᠡᠷ ᠦᠰᠦᠨ ᠪᠣᠢᠵᠢᠬᠤ᠎ᠶᠢ ᠬᠠᠮᠠᠭᠠᠯᠠᠵᠤ᠂ ᠠᠮᠤᠷ ᠲᠦᠪᠰᠢᠨ᠂ ᠡᠶ᠎ᠡ ᠵᠣᠬᠢᠴᠠᠯ᠎ᠲᠠᠢ᠂ ᠪᠣᠯᠪᠠᠰᠤᠨ ᠰᠤᠷᠭᠠᠭᠤᠯᠢ᠎ᠶᠢᠨ ᠬᠦᠷᠢᠶᠡᠨ᠎ᠦ ᠣᠷᠴᠢᠨ ᠲᠣᠭᠣᠷᠢᠨ᠎ᠢ ᠪᠣᠶ ᠪᠤᠯᠭᠠᠬᠤ ᠪᠤᠯᠤᠨ᠎ᠠ᠃