ᠸᠠᠩ ᠸᠧᠶ ᠵᠥᠩ ᠬᠤᠷᠠᠯ ᠢ᠋ ᠡᠷᠭᠢᠯᠡᠵᠡᠢ
5 ᠰᠠᠷ᠎ᠠ᠎ᠶ᠋ᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠲᠥᠪ᠎ᠦᠨ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠭᠠᠭ᠍ᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠵᠠᠰᠠᠭ ᠤ᠋ᠨ ᠠᠵᠢᠯ ᠤᠨ ᠪᠦᠲᠦᠮᠵᠢ ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠲᠤᠮᠳᠠ ᠪᠠᠢᠴᠠᠭᠠᠨ ᠳᠡᠯᠭᠡᠭᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃
ᠬᠤᠷᠠᠯ ᠡᠴᠡ᠂ ᠲᠥᠪ᠎ᠦᠨ ᠲᠣᠭᠣᠷᠢᠨ ᠪᠠᠢᠴᠠᠭᠠᠯᠳᠠ ᠡᠴᠡ ᠴᠡᠭᠴᠡᠯᠡᠨ ᠰᠠᠢᠵᠢᠷᠠᠭᠤᠯᠬᠤ ᠰᠠᠨᠠᠯ᠎ᠢ ᠬᠠᠷᠢᠭᠤ ᠲᠤᠰᠭᠠᠭ᠍ᠰᠠᠨ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠴᠡᠭ᠌ᠴᠡᠯᠡᠨ ᠰᠠᠢᠵᠢᠷᠠᠭᠤᠯᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠤᠯᠤᠰ ᠲᠥᠷᠥ ᠶ᠋ᠢᠨ ᠲᠣᠭᠣᠷᠢᠨ ᠪᠠᠢᠴᠠᠭᠠᠯᠲᠠ᠎ᠶ᠋ᠢᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠬᠤ ᠠᠵᠢᠯ᠎ᠢ ᠬᠦᠴᠦᠲᠡᠶ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ ᠤᠯᠪᠠ᠃ ᠪᠦᠬᠦ᠌ ᠣᠷᠣᠨ ᠤ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠨᠠᠮ᠎ᠤᠨ ᠲᠥᠪ ᠬᠣᠷᠢᠶ᠎ᠠ ᠵᠢᠨ ᠬᠣᠯᠪᠣᠭ᠍ᠳᠠᠯ ᠪᠦᠬᠦᠢ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠥᠨᠳᠥᠷ ᠲᠦᠪᠱᠢᠨ᠎ᠢᠶᠡᠷ ᠠᠬᠢᠭᠤᠯᠬᠤ ᠪᠠᠢᠳᠠᠯ ᠢ᠋ ᠢᠮᠠᠭ᠍ᠲᠠ ᠪᠠᠲᠤᠯᠠᠵᠤ᠂ ᠪᠠᠷᠢᠮᠵᠢᠶ᠎ᠠ᠎ᠶ᠋ᠢ ᠪᠠᠭᠤᠷᠠᠭᠤᠯᠬᠤ ᠦᠭᠡᠢ᠂ ᠠᠯᠬᠤᠭ᠎ᠠ᠎ᠵᠢ ᠤᠳᠠᠭᠠᠱᠢᠷᠠᠭᠤᠯᠬᠤ ᠦᠭᠡᠢ᠂ ᠡᠷᠴᠢᠮ᠎ᠢ ᠰᠤᠯᠠᠷᠠᠭᠤᠯᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠬᠤ 《ᠰᠡᠭᠦᠯᠴᠢ᠎ᠶ᠋ᠢᠨ ᠬᠡᠰᠡᠭ ᠠᠵᠢᠯ 》 ᠢ᠋ ᠯᠠᠪᠳᠠᠭᠤᠨ ᠪᠠᠲᠤᠲᠠᠢ ᠪᠦᠲᠦᠮᠵᠢᠲᠡᠢ ᠰᠠᠢᠲᠤᠷ ᠬᠢᠬᠦ᠌ ᠬᠡᠷᠡᠭᠳᠠᠢ᠃ ᠭᠣᠣᠯᠳᠠᠯᠭ᠎ᠠ᠎ᠲᠠᠶ ᠡᠭᠦᠷᠭᠡ᠎ᠶ᠋ᠢ ᠴᠢᠩᠭ᠎ᠠ ᠠᠩᠬᠠᠷᠴᠤ᠌᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠪᠣᠳᠠᠲᠠᠢ ᠲᠦᠷᠭᠡᠳᠬᠡᠨ ᠠᠬᠢᠭᠤᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠠᠷ ᠰᠠᠢᠲᠠᠢ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠢ᠃ ᠲᠥᠪ᠎ᠦᠨ ᠲᠣᠭᠣᠷᠢᠨ ᠪᠠᠢᠴᠠᠭᠠᠯᠳᠠ ᠡᠴᠡ ᠱᠢᠯᠵᠢᠭᠦᠯᠦᠨ ᠲᠤᠱᠢᠶᠠᠭ᠍ᠰᠠᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠠᠷᠢᠶ᠎ᠠ ᠭᠠᠵᠠᠷ᠂ ᠰᠠᠯᠠᠭ᠎ᠠ ᠮᠥᠴᠢᠷ ᠤ᠋ᠨ 《 ᠬᠣᠶᠠᠷ ᠲᠠᠯ᠎ᠠ ᠪᠡᠷ ᠳᠠᠭᠠᠭᠠᠨ ᠠᠪᠴᠤ ᠬᠣᠶᠠᠷ ᠲᠠᠯ᠎ᠠ ᠪᠡᠷ ᠲᠤᠱᠢᠶᠠᠨ ᠱᠢᠢᠳᠪᠦᠷᠢᠯᠡᠭᠦᠯᠬᠦ᠌》ᠪᠠ ᠤᠳᠤᠷᠢᠳᠭᠤ ᠺᠠᠳ᠋ᠷᠴᠤᠳ᠎ᠤᠨ ᠬᠡᠷᠡᠭ ᠢ᠋ ᠳᠠᠭᠠᠭᠠᠵᠤ ᠠᠪᠴᠤ ᠬᠡᠷᠡᠭ ᠢ᠋ ᠭᠦᠢᠴᠡᠳᠭᠡᠬᠦ ᠱᠠᠭᠠᠷᠳᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌ ᠨᠤᠷᠮ᠎ᠠ ᠪᠤᠯᠤᠨ ᠤᠯᠠᠨ ᠲᠦᠮᠡᠨ᠎ᠦ ᠬᠠᠨᠤᠮᠵᠢ ᠲᠠᠢ ᠪᠠᠢᠬᠤ ᠬᠡᠮᠵᠢᠶ᠎ᠠ᠎ᠶ᠋ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠬᠤ ᠠᠵᠢᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠶᠠᠰᠤ ᠴᠢᠨᠠᠷ᠎ᠤᠨ ᠪᠣᠭᠣᠮᠲᠠ᠎ᠶ᠋ᠢ ᠴᠢᠩᠭ᠎ᠠ ᠰᠠᠬᠢᠵᠤ᠂ ᠠᠰᠠᠭᠤᠳᠠᠯ᠎ᠢ ᠰᠢᠢᠳᠪᠦᠷᠢᠯᠡᠵᠤ ᠳᠠᠭᠤᠰᠬᠠᠬᠤ ᠪᠣᠭᠣᠮᠲᠠ᠎ᠶ᠋ᠢ ᠴᠢᠩᠭ᠎ᠠ ᠰᠠᠬᠢᠵᠤ᠂ ᠬᠠᠰᠢ ᠶᠠᠰᠢ᠎ᠪᠠᠷ ᠴᠡᠭ᠌ᠴᠡᠯᠡᠨ ᠰᠠᠢᠵᠢᠷᠠᠭᠤᠯᠬᠤ᠂ ᠬᠤᠳᠠᠯ ᠬᠠᠭᠤᠷᠮᠠᠭ᠎ᠢᠶᠠᠷ ᠴᠡᠭ᠌ᠴᠡᠯᠡᠨ ᠰᠠᠢᠵᠢᠷᠠᠭᠤᠯᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ ᠦ ᠤᠳᠤᠷᠢᠳᠭᠤ ᠪᠠᠭ ᠵᠢᠴᠢ ᠲᠡᠬᠦᠨ ᠤ ᠭᠤᠤᠯ ᠬᠠᠷᠢᠭᠤᠴᠠᠯᠭᠠᠲᠠᠨ ᠨᠥᠬᠥᠳ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠤ᠋ᠨ ᠲᠤᠮᠳᠠ ᠪᠠᠢᠴᠠᠭᠠᠨ ᠳᠡᠯᠭᠡᠭᠰᠡᠨ ᠠᠰᠠᠭᠤᠳᠠᠯ᠎ᠤᠨ ᠨᠠᠷᠢᠨ ᠲᠠᠩᠰᠠ᠎ᠶ᠋ᠢ ᠬᠥᠳᠡᠯᠦᠩᠭᠦᠶ᠎ᠪᠡᠷ ᠱᠢᠨᠡᠳᠭᠡᠭ᠌ᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠲᠤᠬᠠᠢ ᠴᠢᠬᠤᠯᠠ ᠦᠭᠦᠯᠡᠯᠳᠡ ᠵᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠡᠯ᠎ᠡ ᠲᠥᠷᠥᠯ ᠦᠨ ᠠᠰᠠᠭᠤᠳᠠᠯ ᠢ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠯᠠᠪᠳᠠᠭᠤᠨ ᠪᠠᠲᠤᠲᠠᠶ ᠰᠠᠢᠲᠤᠷ ᠠᠳᠭᠤᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭ᠌ᠲᠡᠶ᠃ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠭᠠᠭᠤᠯᠤᠨ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠨᠢᠭᠡ ᠱᠠᠳᠤ ᠨᠢ ᠨᠢᠭᠡ ᠱᠠᠳᠤᠨ᠎ᠳᠠᠭᠠᠨ ᠳᠠᠭᠤᠷᠢᠶᠠᠯ ᠦᠵᠡᠭᠦᠯᠵᠦ᠍᠂ ᠨᠢᠭᠡ ᠱᠠᠳᠤ ᠨᠢ ᠨᠢᠭᠡ ᠱᠠᠳᠤ᠎ᠪᠠᠨ ᠳᠠᠭᠠᠭᠤᠯᠤᠨ ᠴᠡᠭ᠌ᠴᠡᠯᠡᠨ ᠰᠠᠢᠵᠢᠷᠠᠭᠤᠯᠵᠤ᠂ ᠳᠡᠭᠡᠷ᠎ᠠ ᠲᠤᠤᠷ᠎ᠠ ᠱᠠᠳᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠵᠦ᠍ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠱᠢᠨ᠎ᠡ ᠳᠠᠷᠤᠭ᠎ᠠ ᠬᠠᠭᠤᠴᠢᠨ ᠲᠠᠩᠰᠠ᠎ᠶ᠋ᠢ ᠬᠠᠮᠢᠶᠠᠷᠬᠤ ᠥᠬᠡᠶ ᠪᠠᠢᠬᠤ ᠲᠣᠪᠣᠢᠮ᠎ᠠ ᠠᠰᠠᠭᠤᠳᠠᠯ᠎ᠢ ᠶᠡᠬᠡ ᠬᠦᠴᠦ᠍ ᠣᠷᠣᠭᠤᠯᠤᠨ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠭᠰᠠᠨ ᠲᠥᠷᠥᠯ ᠵᠦᠶ᠋ᠯ ᠦᠨ ᠵᠤᠭᠰᠤᠩᠭᠢᠷᠠᠵᠤ ᠰᠤᠯᠠ ᠲᠠᠯᠪᠢᠭᠳᠠᠵᠤ ᠪᠠᠢᠭ᠎ᠠ ᠠᠰᠠᠭᠤᠳᠠᠯ᠎ᠢ ᠴᠡᠭ᠌ᠴᠡᠯᠡᠨ ᠵᠠᠰᠠᠬᠤ ᠶ᠋ᠢ ᠴᠢᠩᠭ᠎ᠠ ᠠᠳᠭᠤᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠶ᠃ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠵᠤ᠂ ᠵᠣᠷᠢᠭ᠍ᠲᠠᠢ᠎ᠪᠠᠷ ᠬᠠᠲᠠᠭᠤ᠎ᠲᠠᠶ ᠨᠢ ᠬᠠᠯᠳᠠᠵᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠳᠤᠮᠳᠠ ᠬᠠᠷᠢᠯᠴᠠᠨ ᠲᠦᠯᠬᠢᠯᠴᠡᠵᠦ᠍᠂ ᠬᠠᠰᠢ ᠶᠠᠰᠢ᠎ᠪᠠᠷ ᠠᠯᠪᠠ ᠬᠠᠱᠢᠵᠤ᠂ ᠨᠢᠭᠡ ᠲᠠᠯ᠎ᠠ ᠪᠡᠷ ᠴᠡᠭᠴᠡᠯᠡᠨ ᠰᠠᠢᠵᠢᠷᠠᠭᠤᠯᠵᠤ ᠨᠦᠭᠦᠭᠡ ᠲᠠᠯ᠎ᠠ ᠪᠡᠷ ᠪᠤᠷᠤᠭᠤ ᠭᠠᠷᠭᠠᠵᠤ ᠪᠠᠢᠬᠤ ᠨᠡᠢᠲᠡᠯᠢᠭ ᠵᠢᠱ᠌ᠢᠢ᠎ᠡ᠎ᠶ᠋ᠢ ᠢᠯᠡᠷᠡᠭᠦᠯᠵᠤ᠂ ᠪᠤᠳᠠᠳᠠᠢ ᠬᠢᠳᠡᠯ ᠢ᠋ ᠨᠢ ᠢᠯᠡᠷᠡᠭᠦᠯᠵᠤ᠂ ᠵᠠᠷᠯᠠᠨ ᠨᠡᠢᠲᠡᠯᠡᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠲᠤᠯᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》 ᠢ᠋ ᠬᠢᠨᠠᠨ ᠵᠥᠪᠯᠡᠪᠡ᠃
ᠬᠤᠷᠠᠯ ᠡᠴᠡ ᠪᠠᠰᠠ ᠪᠤᠰᠤᠳ ᠵᠦᠢᠯ᠎ᠢ ᠰᠤᠳᠤᠯᠵᠠᠢ᠃