ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠵᠢ ᠠᠬᠢᠭᠤᠯᠬᠤ ᠵᠢᠨ ᠲᠤᠭᠤᠷᠢᠨ ᠳ᠋ᠤ ᠬᠠᠮᠲᠤ᠎ᠶ᠋ᠢᠨ ᠰᠤᠷᠤᠯᠴᠠᠯᠭ᠎ᠠ ᠬᠢᠪᠡ
2026-05-30 11:10:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠫᠠᠨ ᠶᠤᠸᠠᠢ ᠬᠠᠪᠰᠤᠷᠤᠨ ᠵᠢᠯᠣᠭᠣᠳᠭᠤ ᠲᠠᠢᠯᠤᠮᠵᠢ ᠬᠢᠪᠠ   ᠸᠠᠩ ᠸᠧᠶ ᠵᠥᠩ ᠬᠤᠷᠠᠯ ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ   ᠪᠦᠦ ᠭᠠᠩ   ᠵᠠᠩ ᠶᠠᠨ ᠺᠦᠨ   ᠱ᠌ᠢ ᠭᠤᠸᠠᠩ ᠬᠤᠢ ᠤᠷᠤᠯᠴᠠᠵᠠᠢ


5 ᠰᠠᠷ᠎ᠠ᠎ᠶ᠋ᠢᠨ 29 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠨᠣᠯ ᠰᠤᠷᠤᠯᠴᠠᠬᠤ ᠭᠤᠤᠯ ᠳᠤᠭᠤᠢᠯᠠᠩ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ 》 ᠶ᠋ᠢ ᠲᠤᠭᠤᠱᠢᠯᠠᠭᠤᠯᠤᠨ ᠬᠡᠷᠡᠭ᠌ᠵᠢᠭᠦᠯᠵᠤ᠂ ᠳᠤᠮᠳᠠᠳᠤ᠎ᠶ᠋ᠢᠨ ᠦᠨᠳᠦᠰᠦᠲᠡᠨ ᠎ᠤ  ᠬᠠᠮᠲᠤ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠬᠤ ᠵᠢᠨ ᠲᠤᠭᠤᠷᠢᠨ ᠳ᠋ᠤ᠂ 2026 ᠣᠨ᠎ᠤ ᠨᠠᠶ᠋ᠮᠠᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ ᠳᠡᠭᠡᠷ᠎ᠡ᠂ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠡᠱᠢᠭᠦᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠰᠣᠶᠣᠯ ᠤᠳᠬ᠎ᠠ ᠵᠤᠬᠢᠶᠠᠯ ᠲᠡᠦᠬᠡ ᠪᠠ ᠰᠤᠷᠤᠯᠴᠠᠯᠭ᠎ᠠ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠫᠠᠨ ᠶᠤᠸᠠᠢ ᠰᠢ ᠵᠢᠨ ᠫᠢᠩ ᠎ᠦᠨ ᠰᠣᠶᠣᠯ ᠎ᠤᠨ ᠦᠵᠡᠯ ᠰᠠᠨᠠᠭᠠᠨ᠎ᠤ ᠦᠨᠳᠦᠰᠦᠨ ᠠᠭᠤᠯᠤᠭ᠍ᠳᠠᠬᠤᠨ᠎ᠢ ᠱᠢᠰᠲ᠋ᠧᠮ᠎ᠲᠡᠶ ᠲᠠᠢᠯᠪᠤᠷᠢᠯᠠᠵᠤ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠠᠭᠤᠰᠤᠯᠴᠠᠯ᠎ᠤᠨ ᠲᠤᠬᠠᠶ ᠬᠤᠯᠪᠤᠬᠳᠠᠯ ᠪᠥᠬᠥᠶ ᠥᠭᠦᠯᠡᠯᠲᠡ᠂ ᠦᠨᠳᠦᠰᠦᠲᠡᠨ᠎ᠨᠦᠭᠦᠳ ᠬᠠᠮᠳᠤ ᠪᠡᠷ《ᠳᠤᠮᠳᠠᠳᠤ ᠵᠢᠨ ᠦᠨᠳᠦᠰᠦᠳᠡᠨ᠎ᠤ ᠬᠠᠮᠲᠤ ᠵᠢᠨ ᠴᠤᠬᠴᠠ ᠵᠢ ᠪᠦᠳᠦᠭᠡᠭᠰᠡᠨ》 ᠲᠡᠦᠬᠡ᠎ᠶ᠋ᠢᠨ ᠯᠣᠭᠢᠭ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ ᠎ᠢ ᠱᠢᠶ᠋ᠳᠪᠦᠷᠢᠯᠡᠬᠦ᠌ ᠵᠥᠪ ᠵᠠᠮ ᠵᠡᠷᠭᠡ ᠲᠠᠯ᠎ᠠ ᠎ᠪᠠᠷ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠨᠣᠯ᠎ᠤᠨ ᠠᠭᠤᠯᠤᠭ᠍ᠳᠠᠬᠤᠨ ᠎ᠢ ᠭᠦᠨᠵᠡᠭᠡᠶ ᠲᠠᠢᠯᠪᠤᠷᠢᠯᠠᠵᠤ᠂ ᠥᠪᠥᠷ ᠮᠣᠩᠭᠣᠯ᠎ᠤᠨ ᠬᠢᠨ᠎ᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠶ ᠰᠠᠨᠠᠭᠤᠯᠭ᠎ᠠ ᠳᠤᠷᠠᠳᠴᠠᠶ᠃

ᠸᠠᠩ ᠸᠧᠢ ᠵᠦᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠮᠥᠨ᠃ ᠪᠢᠳᠠ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠤᠢ᠍ᠢᠯᠠᠭᠠᠨ ᠡᠵᠡᠮᠱᠢᠵᠦ᠍᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠬᠡᠬᠦᠳᠡᠭ ᠴᠡᠭᠡᠵᠢᠨ᠎ᠳᠡᠭᠡᠨ《ᠤᠯᠤᠰ᠎ᠤᠨ ᠶᠡᠬᠡ ᠶᠠᠪᠤᠳᠠᠯ》 ᠢ᠋ ᠪᠠᠭ᠍ᠲᠠᠭᠠᠵᠤ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠲᠤᠭᠤᠰᠢᠯᠠᠭᠤᠯᠬᠤ ᠱᠠᠭᠠᠷᠳᠠᠯᠭ᠎ᠠ᠎ᠶ᠋ᠢ 《 ᠵᠢᠷᠭᠤᠭᠠᠨ ᠶᠡᠬᠡ ᠪᠠᠢᠭᠤᠯᠤᠯᠲᠠ 》 ᠲᠤᠮᠳᠠ ᠪᠦᠬᠦ᠌ ᠲᠠᠯ᠎ᠠ᠎ᠪᠠᠷ ᠪᠣᠳᠠᠲᠠᠢ ᠭᠦᠨᠵᠡᠭᠡᠢ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ《 ᠬᠣᠶᠠᠷ᠎ᠢ ᠲᠣᠭ᠍ᠲᠠᠭᠠᠬᠰᠡᠨ 》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ《1571》 ᠠᠵᠢᠯ ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ ᠨᠢᠳᠤᠨ ᠳ᠋ᠤ ᠦᠵᠡᠭᠳᠡᠵᠤ ᠭᠠᠷ ᠲᠤ᠌ ᠪᠠᠷᠢᠬᠳᠠᠮ᠎ᠠ ᠪᠦᠲᠦᠮᠵᠢᠲᠡᠢ ᠪᠠᠢᠬᠤ ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠵᠤ᠂ ᠱᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ ᠬᠡᠷᠡᠭ᠌ᠲᠡᠢ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠨᠠᠷᠢᠨ ᠬᠢᠨᠠᠮᠠᠭᠠᠶ ᠰᠤᠷᠤᠯᠴᠠᠨ ᠤᠬᠠᠭᠤᠯᠤᠨ ᠲᠤᠭᠤᠱᠢᠯᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠢ ᠰᠠᠢᠲᠤᠷ ᠠᠳᠭᠤᠵᠤ᠂ ᠨᠢᠭᠡ ᠪᠦᠯᠦᠭ ᠰᠢᠯᠭᠠᠯᠳᠠ ᠵᠢ ᠲᠠᠭᠠᠭᠠᠵᠤ ᠳᠡᠢᠯᠬᠦ᠌᠂ ᠲᠠᠶᠠᠭᠠᠷ ᠤᠯᠠᠨ᠎ᠤ ᠮᠡᠳᠡᠳᠡᠭ᠂ ᠬᠦᠨᠳᠤᠴᠡ ᠲᠠᠢ ᠠᠨᠭᠬᠠᠨ᠎ᠤ ᠡᠭᠦᠳᠦᠯᠲᠡ᠎ᠶ᠋ᠢᠨ ᠴᠢᠨᠠᠷᠲᠠᠶ ᠣᠨᠣᠯ ᠎ᠤᠨ ᠰᠤᠳᠤᠯᠭᠠᠨ ᠎ᠤ ᠲᠣᠳᠣᠷᠬᠠᠢᠯᠠᠨ ᠲᠠᠢᠯᠪᠤᠷᠢᠯᠠᠯᠳᠠ ᠵᠢᠨ ᠦᠷ᠎ᠡ ᠪᠦᠲᠦᠭᠡᠯ᠎ᠢ ᠡᠬᠦᠳᠬᠦ ᠬᠡᠷᠡᠭ᠌ᠲᠡᠶ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠨᠠᠮ᠎ᠤᠨ ᠤᠳᠤᠷᠢᠳᠤᠯᠭ᠎ᠠ᠎ᠶ᠋ᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ 《ᠨᠠᠮ ᠎ᠤᠨ ᠬᠣᠷᠢᠶ᠎ᠠ ᠨᠢᠭᠡᠳᠦᠯᠲᠡᠢ ᠤᠳᠤᠷᠢᠳᠭᠤ᠂ ᠵᠠᠰᠠᠭ ᠎ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠎ᠤᠨ  ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ ᠬᠠᠮᠲᠤᠷᠠᠯᠴᠠᠬᠤ᠂ ᠪᠦᠬᠦ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ》 ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ ᠎ᠦ ᠠᠵᠢᠯ ᠎ᠤᠨ ᠪᠠᠢᠷᠢᠱᠢᠯ᠎ᠢ ᠪᠦᠷᠢᠨᠱᠢᠬᠦᠯᠬᠦ᠌ ᠬᠡᠷᠡᠭ᠌ᠲᠡᠢ᠃ ᠪᠥᠬᠥ᠌ ᠬᠡᠯᠬᠢᠶ᠎ᠡ᠎ᠳᠦ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠨᠠᠢᠳᠠᠪᠤᠷᠢᠵᠢᠭᠤᠯᠬᠤ᠂ ᠱᠢᠯᠭᠠᠨ ᠬᠢᠨᠠᠵᠤ ᠦᠨᠡᠯᠡᠬᠦ᠌᠂ ᠤᠬᠠᠭᠤᠯᠤᠨ ᠬᠥᠮᠦᠵᠢᠭᠦᠯᠬᠦ᠌᠂ ᠣᠨᠣᠯ ᠰᠤᠳᠤᠯᠬᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠡᠷᠭᠡ ᠬᠤᠯᠪᠤᠭᠳᠠᠯ ᠪᠥᠬᠥᠶ ᠪᠠᠢᠭᠤᠯᠤᠯ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ ᠬᠡᠷᠡᠭᠲᠡᠢ᠃ ᠦᠨᠳᠦᠰᠦᠲᠡᠨ᠎ᠦ ᠡᠯᠸᠮᠸᠨ᠋ᠲ ᠲᠤ᠌ ᠬᠣᠯᠪᠣᠭ᠍ᠳᠠᠭ᠍ᠰᠠᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠰᠠᠭᠤᠳᠠᠯ᠎ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠱᠢᠶ᠋ᠳᠪᠦᠷᠢᠯᠡᠵᠦ᠍᠂ ᠡᠯ᠎ᠡ ᠲᠥᠷᠥᠯ᠎ᠦᠨ ᠲᠦᠭ᠌ᠰᠢᠭᠦᠷᠢ᠎ᠶ᠋ᠢᠨ ᠬᠡᠮ ᠰᠤᠭᠤᠭ᠎ᠢ ᠴᠢᠩᠭ᠎ᠠ ᠰᠡᠷᠭᠡᠢᠯᠡᠨ ᠠᠷᠢᠯᠭᠠᠬᠤ ᠬᠡᠷᠡᠭᠲᠡᠢ᠃ ᠱᠢᠨ᠎ᠡ ᠴᠠᠭ ᠦᠶ᠎ᠡ᠎ᠶ᠋ᠢᠨ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ ᠎ᠦᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡ ᠵᠢᠨ ᠲᠤᠬᠠᠢ 《ᠳᠥᠷᠪᠡᠨ ᠣᠨᠴᠠᠭᠠᠶ》 ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ᠎ᠠᠵᠢᠯ ᠲᠠᠶ ᠤᠶᠠᠯᠳᠤᠭᠤᠯᠤᠨ ᠬᠥᠮᠦᠨ᠎ᠢ ᠰᠣᠩᠭᠣᠨ ᠬᠡᠷᠡᠭ᠌ᠯᠡᠬᠦ᠌ ᠲᠥᠪ ᠪᠤᠰᠤ ᠰᠤᠷᠲᠠᠯ ᠎ᠢ ᠭᠦᠨᠵᠡᠭᠡᠶ ᠴᠡᠭ᠌ᠴᠡᠯᠡᠨ ᠵᠠᠰᠠᠵᠤ᠂ ᠺᠠᠳ᠋ᠷ᠎ᠤᠨ ᠡᠩᠨᠡᠭᠡ ᠪᠠ ᠦᠨᠳᠦᠰᠦᠨ ᠱᠠᠲᠤᠨ᠎ᠤ ᠨᠠᠮ ᠎ᠤᠨ ᠵᠣᠬᠢᠶᠠᠨ ᠪᠠᠢᠭᠤᠯᠤᠯᠲᠠ᠎ᠶ᠋ᠢᠨ ᠴᠤᠬᠴᠠᠯᠠᠯᠳᠠ᠎ᠶ᠋ᠢ ᠴᠢᠩᠭᠠᠳᠭᠠᠵᠤ᠂ ᠨᠠᠮ᠎ᠤᠨ ᠪᠠᠢᠭᠤᠯᠤᠯᠲᠠ ᠎ᠪᠠᠷ ᠦᠨᠳᠦᠰᠦᠨ ᠱᠠᠲᠤᠨ ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ᠂ ᠨᠠᠮ᠎ᠤᠨ ᠪᠠᠢᠭᠤᠯᠤᠯᠲᠠ ᠎ᠶ᠋ᠢ ᠠᠳᠭᠤᠵᠤ ᠦᠨᠳᠦᠰᠦᠲᠡᠨ ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠵᠡᠷᠭᠡ ᠠᠵᠢᠯ ᠎ᠢ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

 ᠬᠤᠷᠠᠯ ᠢ᠋ ᠸᠢᠳᠢᠤ᠋ ᠬᠡᠯᠪᠡᠷᠢ᠎ᠪᠡᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ ᠪᠣᠯᠤᠨ ᠱᠢᠭᠦᠬᠦ᠌ ᠬᠣᠷᠢᠶ᠎ᠠ ᠵᠢᠨ ᠳᠠᠷᠤᠭ᠎ᠠ ᠪᠠᠢᠴᠠᠭᠠᠬᠤ ᠬᠣᠷᠢᠶ᠎ᠠ᠎ᠶ᠋ᠢᠨ ᠪᠠᠢᠴᠠᠭᠠᠬᠤ ᠳᠠᠷᠤᠭ᠎ᠠ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠠᠢᠮᠠᠭ ᠬᠣᠲᠠ ᠪᠠ ᠮᠠᠨᠵᠤᠤᠷ ᠬᠣᠲᠠ᠂ ᠡᠷᠢᠶᠡᠨ ᠬᠣᠲᠠ᠎ᠳᠤ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠪᠡ ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号