ᠥᠪᠥᠷ ᠮᠣᠩᠭᠣᠯ᠎ᠤᠨ ᠰᠡᠳᠭᠢᠯ ᠨᠢᠭᠡᠲᠡᠨ᠎ᠤ ᠶᠡᠬᠡ ᠶᠠᠷᠢᠶᠠᠨ᠎ᠤ ᠲᠠᠪᠴᠠᠩ᠎ᠤᠨ ᠳᠣᠯᠣᠳᠤᠭᠠᠷ ᠬᠤᠭᠤᠴᠠᠭ᠎ᠠ ᠬᠥᠬᠡᠬᠣᠲᠠ᠎ᠳᠤ ᠶᠠᠪᠤᠭᠳᠠᠵᠠᠢ
2026-05-30 12:14:29
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆


              ᠬᠦᠦᠲᠡᠭᠤᠯᠠ   ᠣᠷᠣᠯᠴᠠᠵᠠᠢ


5 ᠰᠠᠷ᠎ᠠ᠎ᠶᠢᠨ 28 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠡᠴᠡ ᠭᠣᠣᠯᠯᠠᠨ ᠡᠷᠬᠢᠯᠡᠭᠰᠡᠨ   《ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ︱ ᠥᠪᠥᠷ ᠮᠣᠩᠭᠣᠯ᠎ᠤᠨ ᠰᠡᠳᠭᠢᠯ ᠨᠢᠭᠡᠲᠡᠨ᠎ᠤ ᠶᠡᠬᠡ ᠶᠠᠷᠢᠶᠠᠨ᠎ᠤ ᠲᠠᠪᠴᠠᠩ》 ᠤ᠋ᠨ ᠳᠣᠯᠣᠳᠤᠭᠠᠷ ᠬᠤᠭᠤᠴᠠᠭ᠎ᠠ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠲᠠᠭᠤᠯᠠ ᠬᠤᠷᠠᠯ᠎ᠳᠤ ᠣᠷᠣᠯᠴᠠᠪᠠ᠃

ᠶᠠᠷᠢᠶᠠᠨ᠎ᠤ ᠲᠠᠪᠴᠠᠩ᠎ᠳᠦ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠫᠷᠤᠹᠸᠰᠰᠤᠷ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ》ᠵᠢᠨ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠶᠠᠨ ᠴᠢᠩ᠎ᠢ ᠣᠨᠴᠠᠭᠠᠢᠯᠠᠨ ᠤᠷᠢᠵᠤ《ᠭᠦᠨᠵᠡᠭᠡᠢ ᠰᠤᠷᠤᠯᠴᠠᠬᠤ ᠪᠠ ᠨᠡᠪᠲᠡᠷᠡᠳᠡᠯ᠎ᠡ ᠣᠬᠠᠪᠤᠷᠢᠯᠠᠬᠤ ︱ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ ᠶ᠋ᠢ ᠰᠤᠷᠤᠯᠴᠠᠨ ᠲᠤᠭᠤᠰᠢᠯᠠᠭᠤᠯᠬᠤ》 ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ ᠬᠢᠯᠭᠡᠪᠡ᠃ ᠲᠡᠷᠡ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠲᠠᠢ ᠨᠢᠭ᠍ᠲᠠ ᠤᠶᠠᠯᠳᠤᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠤᠯᠢ ᠲᠣᠭᠲᠠᠭᠠᠭᠰᠠᠨ ᠠᠬᠤᠢ ᠪᠠᠢᠲᠠᠯ᠂ ᠲᠣᠭᠲᠠᠭᠠᠭᠰᠠᠨ ᠶᠠᠪᠤᠴᠠ᠂ ᠴᠢᠬᠤᠯᠠ ᠶᠡᠬᠡ ᠠᠴᠢ ᠬᠣᠯᠪᠣᠭᠳᠠᠯ᠂ ᠭᠣᠣᠯ ᠴᠢᠬᠤᠯᠠ ᠠᠭᠤᠯᠭ᠎ᠠ ᠵᠢᠴᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠲᠠᠯ᠎ᠠ ᠡᠴᠡ ᠰᠢᠰᠲᠧᠮ᠎ᠲᠠᠢ ᠲᠠᠢᠯᠪᠤᠷᠢᠯᠠᠯᠲᠠ ᠪᠠ ᠭᠦᠨᠵᠡᠭᠡᠢ ᠲᠠᠢᠯᠤᠮᠵᠢ ᠬᠢᠭᠰᠡᠨ ᠪᠥᠭᠡᠳ ᠲᠤᠬᠠᠢ᠎ᠶᠢᠨ ᠲᠠᠯᠠᠪᠤᠷ ᠲᠤᠨᠢ ᠤᠯᠠᠨ᠎ᠤ ᠳᠤᠷᠠᠳᠤᠭᠰᠠᠨ ᠠᠰᠠᠭᠤᠯᠲᠠ᠎ᠶᠢ ᠬᠠᠷᠢᠭᠤᠯᠵᠠᠢ᠃

ᠲᠤᠰ ᠤᠳᠠᠭ᠎ᠠ᠎ᠶᠢᠨ ᠶᠠᠷᠢᠶᠠᠨ᠎ᠤ ᠲᠠᠪᠴᠠᠩ᠎ᠢ ᠸᠢᠳᠢᠤ᠋᠎ᠶᠢᠨ ᠬᠡᠯᠪᠡᠷᠢ᠎ᠪᠡᠷ ᠥᠷᠨᠢᠭᠦᠯᠵᠦ᠂ ᠡᠯ᠎ᠡ ᠠᠢᠮᠠᠭ ᠬᠤᠳᠠ ᠵᠢᠴᠢ ᠮᠠᠨᠵᠤᠤᠷ ᠬᠤᠳᠠ᠂ ᠡᠷᠢᠶᠡᠨ ᠬᠤᠳᠠ᠎ᠳᠤ ᠵᠡᠷᠭᠡ ᠪᠡᠷ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠦ᠂ ᠪᠦᠬᠦ ᠣᠷᠣᠨ᠎ᠤ ᠥᠷᠭᠡᠨ ᠤᠯᠠᠨ ᠨᠢᠭᠡᠳᠦᠮᠡᠯ ᠹᠷᠣᠨᠲ᠎ᠤᠨ ᠪᠦᠷᠢᠯᠳᠦᠭᠦᠨ ᠪᠣᠯᠣᠨ ᠨᠢᠭᠡᠳᠦᠮᠡᠯ ᠹᠷᠣᠨᠲ᠎ᠤᠨ ᠺᠠᠳ᠋ᠷ᠎ᠢ 2000 ᠭᠠᠷᠤᠢ ᠬᠠᠮᠤᠷᠴᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号