ᠥᠪᠥᠷ ᠮᠣᠩᠭᠣᠯ᠎ᠤᠨ ᠠᠩᠬᠠᠳᠠᠭ᠍ᠴᠢ ᠳᠤᠮᠳᠠᠳᠤ ᠭᠠᠳᠠᠭᠠᠳᠤ᠎ᠶᠢᠨ ᠬᠠᠮᠳᠤᠷᠠᠨ ᠰᠤᠷᠭᠠᠭᠤᠯᠢ ᠡᠷᠭᠢᠯᠡᠬᠦ ᠪᠠᠢᠭᠤᠯᠤᠮᠵᠢ ᠵᠥᠪᠰᠢᠶᠡᠷᠡᠭᠳᠡᠪᠡ
2026-05-31 11:49:10
ᠵᠣᠬᠢᠶᠠᠭ᠍ᠴᠢ᠄
ᠪᠠᠢ ᠰᠡᠴᠡᠨ ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ ᠵᠢᠡᠷ᠂ ᠣᠢᠷ᠎ᠠ᠎ᠳᠤ ᠰᠤᠷᠭᠠᠨ ᠬᠥᠮᠦᠵᠢᠯ᠎ᠦᠨ ᠶᠠᠮᠤᠨ᠎ᠠᠴᠠ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠪᠣᠯᠣᠨ ᠣᠷᠣᠰ᠎ᠤᠨ ᠠᠯᠲᠠᠢ ᠵᠢᠨ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠬᠠᠮᠲᠤᠷᠠᠨ ᠪᠡᠶ᠎ᠡ᠎ᠪᠡᠨ ᠳᠠᠭᠠᠭᠠᠭᠰᠠᠨ ᠬᠠᠤᠯᠢ᠎ᠶᠢᠨ ᠡᠷᠬᠡᠲᠡᠨ᠎ᠦ ᠪᠤᠰᠤ ᠳᠤᠮᠳᠠᠳᠤ ᠭᠠᠳᠠᠭᠠᠳᠤ᠎ᠶᠢᠨ ᠬᠠᠮᠲᠤᠷᠠᠨ ᠰᠤᠷᠭᠠᠭᠤᠯᠢ ᠡᠷᠭᠢᠯᠡᠬᠦ ᠪᠠᠢᠭᠤᠯᠤᠮᠵᠢ — ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠳᠤᠮᠳᠠᠳᠤ ᠣᠷᠣᠰ᠎ᠤᠨ ᠢᠷᠡᠭᠡᠳᠦᠢ᠎ᠶᠢᠨ ᠲᠠᠷᠢᠶᠠᠯᠠᠩ᠎ᠤᠨ ᠳᠡᠭᠡᠳᠦ ᠰᠤᠷᠭᠠᠭᠤᠯᠢ ᠡᠷᠭᠢᠯᠡᠬᠦ᠎ᠶᠢ ᠵᠦᠪᠰᠢᠶᠡᠷᠡᠪᠡ᠃ ᠡᠨᠡ ᠪᠣᠯ 2003 ᠣᠨ᠎ᠳᠤ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠮᠳᠠᠳᠤ ᠭᠠᠳᠠᠭᠠᠳᠤ᠎ᠶ᠋ᠢᠨ ᠬᠠᠮᠲᠤᠷᠠᠨ ᠰᠤᠷᠭᠠᠭᠤᠯᠢ ᠡᠷᠬᠢᠯᠡᠬᠦ᠌ ᠳᠦᠷᠢᠮ》 ᠨᠡᠢᠲᠡᠯᠡᠭ᠌ᠳᠡᠭ᠌ᠰᠡᠨ᠎ᠡᠴᠡ ᠨᠠᠭᠠᠰᠢ ᠵᠦᠪᠰᠢᠶᠡᠷᠡᠯ᠎ᠢ ᠤᠯᠤᠭᠰᠠᠨ  ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠵᠢᠩᠬᠢᠨᠢ ᠠᠩᠭᠢ᠎ᠶ᠋ᠢᠨ ᠳᠡᠰ᠎ᠤᠨ ᠳᠤᠮᠳᠠᠳᠤ ᠭᠠᠳᠠᠭᠠᠳᠤ᠎ᠶ᠋ᠢᠨ ᠬᠠᠮᠲᠤᠷᠠᠨ ᠰᠤᠷᠭᠠᠭᠤᠯᠢ ᠡᠷᠬᠢᠯᠡᠬᠦ᠌ ᠪᠠᠢᠭᠤᠯᠤᠮᠵᠢ ᠪᠣᠯᠤᠨ᠎ᠠ᠂ ᠡᠨᠡ ᠨᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠭᠠᠳᠠᠭᠠᠳᠤ᠎ᠶ᠋ᠢᠨ ᠬᠠᠮᠲᠤᠷᠠᠨ ᠰᠤᠷᠭᠠᠭᠤᠯᠢ ᠡᠷᠬᠢᠯᠡᠬᠦ᠌ ᠬᠦᠷᠢᠶᠡᠨ᠎ᠳᠦ ᠲᠡᠦᠬᠡᠲᠦ ᠴᠢᠨᠠᠷᠲᠠᠶ ᠱᠢᠪᠲᠤᠯᠤᠯᠲᠠ ᠭᠠᠷᠭᠠᠭ᠍ᠰᠠᠨ᠎ᠢ ᠬᠠᠷᠠᠭᠤᠯᠵᠤ ᠪᠠᠢᠨ᠎ᠠ᠃

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠳᠤᠮᠳᠠᠳᠤ ᠣᠷᠣᠰ᠎ᠤᠨ ᠢᠷᠡᠭᠡᠳᠦᠢ᠎ᠶᠢᠨ ᠲᠠᠷᠢᠶᠠᠯᠠᠩ᠎ᠤᠨ ᠳᠡᠭᠡᠳᠦ ᠰᠤᠷᠭᠠᠭᠤᠯᠢ ᠨᠢ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠂ ᠠᠮᠢ ᠠᠬᠤᠢ᠎ᠶᠢᠨ ᠠᠮᠤᠷ ᠲᠦᠪᠰᠢᠨ ᠪᠣᠯᠣᠨ ᠮᠠᠯ ᠠᠵᠤ ᠠᠬᠤᠢ ᠠᠮᠢᠲᠠᠨ᠎ᠤ ᠠᠨᠠᠭᠠᠬᠤ ᠤᠬᠠᠭᠠᠨ᠎ᠤ ᠦᠢᠯᠡᠰ᠎ᠲᠦ ᠠᠩᠬᠠᠷᠤᠯ ᠵᠢᠡᠨ ᠲᠦᠪᠯᠡᠷᠡᠬᠦᠯᠵᠦ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠵᠣᠯᠭᠠᠭᠤᠯᠵᠤ᠂ ᠣᠷᠣᠨ ᠪᠦᠰᠡ᠎ᠶᠢᠨ ᠬᠦᠢᠲᠡᠨ ᠬᠠᠭᠤᠷᠠᠢ᠎ᠳ᠋ᠤ ᠳᠡᠰᠪᠦᠷᠢᠳᠡᠢ ᠲᠠᠷᠢᠶᠠᠯᠠᠩ ᠦᠢᠯᠡᠳᠪᠦᠷᠢᠯᠡᠯ᠂ ᠲᠠᠯ᠎ᠠ ᠨᠤᠲᠤᠭ᠎ᠤᠨ ᠠᠮᠢ ᠠᠬᠤᠢ᠎ᠶᠢᠨ ᠬᠠᠮᠠᠭᠠᠯᠠᠯᠲᠠ᠂ ᠣᠲᠣ᠌ ᠦᠶ᠎ᠡ᠎ᠶᠢᠨ ᠮᠠᠯ ᠠᠵᠤ ᠠᠬᠤᠢ  ᠵᠢᠨ ᠲᠡᠵᠢᠭᠡᠨ ᠦᠷᠡᠵᠢᠭᠦᠯᠬᠦ ᠪᠠ ᠬᠢᠵᠢᠭ᠎ᠢ ᠰᠡᠷᠭᠡᠢᠯᠡᠨ ᠡᠵᠡᠮᠳᠡᠬᠦ ᠬᠡᠷᠡᠭᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠣᠷᠣᠰ᠎ᠤᠨ ᠲᠠᠯ᠎ᠠ᠎ᠶᠢᠨ ᠬᠦᠢᠲᠡᠨ ᠣᠷᠣᠨ᠎ᠤ ᠲᠠᠷᠢᠶᠠᠯᠠᠩ᠂ ᠠᠮᠢᠲᠠᠨ᠎ᠤ ᠰᠢᠨᠵᠢᠯᠡᠬᠦ ᠤᠬᠠᠭᠠᠨ ᠵᠡᠷᠭᠡ ᠬᠦᠷᠢᠶᠡᠨ᠎ᠳᠡᠬᠢ ᠳᠠᠪᠠᠭᠤᠯᠢᠭ᠋ ᠰᠤᠷᠭᠠᠨ ᠬᠥᠮᠦᠵᠢᠯ᠎ᠦᠨ ᠡᠬᠢ ᠪᠠᠶᠠᠯᠢᠭ᠋ ᠬᠢᠭᠡᠳ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ᠎ᠤ ᠪᠠᠢᠭᠤᠯᠤᠮᠵᠢ᠎ᠶᠢ ᠤᠶᠠᠯᠳᠤᠭᠤᠯᠬᠤ ᠲᠣᠭᠲᠠᠴᠠ᠎ᠶᠢ ᠣᠷᠣᠭᠤᠯᠤᠨ ᠠᠪᠴᠢᠷᠠᠵᠤ᠂ ᠬᠦᠢᠲᠡᠨ ᠬᠠᠭᠤᠷᠠᠢ ᠳ᠋ᠤ ᠳᠡᠰᠪᠦᠷᠢᠳᠠᠢ ᠲᠠᠷᠢᠶᠠᠯᠠᠩ ᠦᠢᠯᠡᠳᠪᠦᠷᠢᠯᠡᠯ᠂ ᠣᠲᠣ᠌ ᠦᠶ᠎ᠡ᠎ᠶᠢᠨ ᠮᠠᠯ ᠠᠵᠤ ᠠᠬᠤᠢ ᠬᠢᠭᠡᠳ ᠠᠮᠢᠲᠠᠨ᠎ᠤ ᠠᠨᠠᠭᠠᠬᠤ ᠤᠬᠠᠭᠠᠨ᠎ᠤ ᠬᠦᠷᠢᠶᠡᠨ᠎ᠳᠡᠬᠢ ᠳᠡᠯᠡᠬᠡᠢᠴᠢᠯᠡᠭᠰᠡᠨ ᠴᠢᠳᠠᠪᠤᠷᠢᠲᠠᠨ᠎ᠢ ᠬᠥᠮᠥᠵᠢᠭᠦᠯᠦᠨ᠎ᠡ᠃ ᠳᠤᠰ ᠳᠡᠭᠡᠳᠦ ᠰᠤᠷᠭᠠᠭᠤᠯᠢ ᠵᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳ᠋ᠤ ᠡᠷᠬᠢᠯᠡᠵᠦ᠂ ᠠᠮᠢᠲᠠᠨ᠎ᠤ ᠠᠨᠠᠭᠠᠬᠤ ᠤᠬᠠᠭᠠᠨ᠂ ᠠᠮᠢᠲᠠᠨ᠎ᠤ ᠰᠢᠨᠵᠢᠯᠡᠬᠦ ᠤᠬᠠᠭᠠᠨ᠂ ᠲᠠᠷᠢᠶᠠᠯᠠᠩ᠎ᠤᠨ ᠤᠬᠠᠭᠠᠨ ᠵᠡᠷᠭᠡ 3 ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠢ ᠠᠩᠬᠠᠯᠠᠨ ᠨᠡᠭᠡᠭᠡᠵᠦ᠂ ᠰᠤᠷᠤᠯᠭ᠎ᠠ᠎ᠶ᠋ᠢᠨ ᠬᠤᠭᠤᠴᠠᠭ᠎ᠠ ᠨᠢ 4 ᠎ᠡᠴᠠ 5 ᠵᠢᠯ ᠪᠤᠯᠤᠨ᠎ᠠ᠂ ᠪᠣᠶ ᠪᠥᠬᠥᠶ ᠲᠤᠰᠭᠠᠶ ᠮᠡᠷᠭᠡᠵᠢᠯ᠎ᠢ ᠴᠥᠮ ᠤᠯᠤᠰ᠎ᠤᠨ ᠡᠩ᠎ᠦᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠰᠣᠷᠣᠭ᠍ᠴᠢ ᠡᠯᠰᠡᠬᠦ᠌ ᠲᠥᠯᠥᠪᠯᠡᠭᠡ᠎ᠳᠦ ᠣᠷᠣᠭᠤᠯᠵᠤ᠂ 2026 ᠣᠨ᠎ᠤ 9 ᠰᠠᠷ᠎ᠠ᠎ᠠᠴᠠ ᠵᠢᠩᠬᠢᠨᠢ᠎ᠪᠡᠷ ᠰᠣᠷᠣᠭ᠍ᠴᠢ ᠡᠯᠰᠡᠬᠦ ᠪᠡᠷ ᠲᠦᠯᠦᠪᠯᠡᠵᠦ ᠪᠤᠢ᠃ ᠳᠡᠭᠡᠳᠦ ᠰᠤᠷᠭᠠᠭᠤᠯᠢ᠎ᠵᠢᠨ ᠬᠢᠨ ᠬᠤᠤᠰ ᠡᠷᠳᠡᠮ᠎ᠦᠨ ᠴᠣᠯᠠ ᠤᠯᠭᠤᠬᠤ ᠬᠥᠮᠦᠵᠢᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠤᠶᠤᠳᠠᠳ ᠲᠣᠭ᠍ᠲᠠᠭ᠍ᠰᠠᠨ ᠰᠤᠷᠤᠯᠴᠠᠯᠭ᠎ᠠ ᠵᠢᠨ ᠬᠤᠭᠤᠴᠠᠭᠠᠨ ᠳ᠋ᠤ ᠬᠣᠶᠠᠷ ᠲᠠᠯ᠎ᠠ᠎ᠶ᠋ᠢᠨ ᠳᠡᠭᠡᠳᠦ ᠰᠤᠷᠭᠠᠭᠤᠯᠢ ᠵᠢᠨ ᠬᠢᠨ᠎ᠤ ᠲᠡᠭᠦᠰᠭᠦ ᠱᠠᠭᠠᠷᠳᠠᠯᠭ᠎ᠠ ᠬᠢᠭᠡᠳ ᠡᠷᠳᠡᠮ᠎ᠦᠨ ᠴᠣᠯᠠ ᠣᠯᠭᠣᠬᠤ ᠨᠥᠬᠥᠴᠡᠯ᠎ᠳᠦ ᠭᠦᠷᠪᠡᠯ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠡᠴᠡ ᠤᠯᠭᠤᠬᠤ ᠵᠢᠩᠬᠢᠨᠢ ᠠᠩᠭᠢ ᠵᠢᠨ ᠲᠡᠭᠦᠰᠦᠭ᠌ᠰᠡᠨ ᠦᠨᠡᠮᠯᠡᠯ ᠬᠢᠭᠡᠳ ᠣᠶᠤᠲᠠᠨ᠎ᠤ ᠡᠷᠳᠡᠮ᠎ᠦᠨ ᠴᠣᠯᠠ᠎ᠶ᠋ᠢᠨ ᠦᠨᠡᠮᠯᠡᠯ ᠵᠢᠴᠢ ᠣᠷᠣᠰ᠎ᠤᠨ ᠠᠯᠳᠠᠢ ᠵᠢᠨ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠠᠴᠠ ᠣᠯᠭᠣᠬᠤ ᠣᠶᠤᠲᠠᠨ᠎ᠤ ᠡᠷᠳᠡᠮ᠎ᠦᠨ ᠴᠣᠯᠠ᠎ᠶ᠋ᠢᠨ ᠦᠨᠡᠮᠯᠡᠯ᠎ᠢ ᠬᠠᠮᠲᠤ᠎ᠳᠤᠨᠢ ᠣᠯᠵᠤ ᠪᠣᠯᠤᠨ᠎ᠠ᠃ ᠬᠤᠤᠰ ᠡᠷᠳᠡᠮ᠎ᠦᠨ ᠴᠣᠯᠠ᠎ᠶ᠋ᠢᠨ ᠭᠡᠷᠡᠴᠢᠯᠡᠯ ᠨᠢ ᠤᠶᠤᠳᠠᠳ᠎ᠤᠨ ᠰᠤᠷᠭᠠᠭᠤᠯᠢ ᠳᠠᠪᠱᠢᠨ ᠰᠤᠷᠤᠯᠴᠠᠬᠤ᠂ ᠤᠯᠤᠰ ᠠᠯᠤᠰᠯᠠᠨ ᠠᠵᠢᠯ ᠤᠯᠬᠤ ᠪᠠ ᠠᠵᠢᠯ ᠮᠡᠷᠭᠡᠵᠢᠯ᠎ᠦᠨ ᠬᠥᠭ᠌ᠵᠢᠯᠲᠡ᠎ᠶ᠋ᠢᠨ ᠠᠷᠭ᠎ᠠ ᠵᠠᠮ᠎ᠢ ᠪᠦᠲᠦᠮᠵᠢᠲᠡᠶ᠎ᠪᠡᠷ ᠥᠷᠭᠡᠳᠭᠡᠬᠦ᠌ ᠪᠣᠯᠤᠨ᠎ᠠ᠃ ᠲᠤᠰᠬᠠᠢ ᠮᠡᠷᠭᠡᠵᠢᠯ ᠨᠢᠭᠡᠪᠦᠷᠢ᠎ᠨᠢ ᠵᠢᠯ ᠳ᠋ᠤ 100 ᠰᠣᠷᠣᠭ᠍ᠴᠢ ᠡᠯᠰᠡᠵᠦ᠂ ᠵᠢᠱ᠌ᠢᠯᠲᠡ᠎ᠪᠡᠷ ᠰᠤᠷᠭᠠᠭᠤᠯᠢ᠎ᠳᠤ ᠰᠤᠷᠤᠯᠴᠠᠬᠤ ᠰᠣᠷᠣᠭ᠍ᠴᠢ ᠨᠢ ᠪᠠᠷᠤᠭ 1300 ᠬᠥᠮᠥᠨ ᠳ᠋ᠤ ᠬᠦᠷᠬᠦ ᠪᠣᠯᠣᠨ᠎ᠠ᠃ ᠰᠣᠷᠣᠭ᠍ᠴᠢ᠎ᠶᠢᠨ ᠰᠤᠷᠤᠯᠭ᠎ᠠ ᠵᠢᠨ ᠬᠢᠷᠢ ᠪᠦᠲᠦᠮᠵᠢ ᠨᠢ ᠬᠣᠶᠠᠷ ᠲᠠᠯ᠎ᠠ᠎ᠶᠢᠨ ᠡᠷᠳᠡᠮ᠎ᠦᠨ ᠴᠣᠯᠠ ᠣᠯᠭᠣᠬᠤ ᠨᠥᠬᠥᠴᠡᠯ᠎ᠳᠦ ᠨᠡᠢᠴᠡᠪᠡᠯ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠵᠢᠩᠬᠢᠨᠢ ᠠᠩᠭᠢ᠎ᠡᠴᠡ ᠲᠡᠬᠦᠰᠦᠭᠰᠡᠨ ᠦᠨᠡᠮᠯᠡᠯ ᠪᠠ ᠣᠶᠤᠲᠠᠨ ᠴᠣᠯᠠ᠎ᠶᠢᠨ ᠦᠨᠡᠮᠯᠡᠯ᠂ ᠣᠷᠣᠰ᠎ᠤᠨ ᠠᠯᠲᠠᠢ ᠵᠢᠨ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠣᠶᠤᠲᠠᠨ ᠴᠣᠯᠠ᠎ᠶᠢᠨ ᠦᠨᠡᠮᠯᠡᠯ᠎ᠤᠯᠭᠤᠨ᠎ᠠ᠃ ᠲᠣᠰ ᠪᠠᠢᠭᠤᠯᠤᠮᠵᠢ᠎ᠶᠢ ᠪᠠᠢᠭᠤᠯᠤᠭᠰᠠᠨ ᠨᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢ ᠬᠦᠴᠦᠲᠡᠢ ᠠᠬᠢᠭᠤᠯᠵᠤ᠂ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠣᠯᠠᠨ ᠤᠯᠤᠰᠴᠢᠯᠠᠭᠰᠠᠨ ᠰᠤᠷᠭᠠᠭᠤᠯᠢ ᠡᠷᠭᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号