5 ᠰᠠᠷ᠎ᠠ᠎ᠶ᠋ᠢᠨ 20᠎ᠤ᠋ ᠡᠳᠦᠷ᠂ ᠦᠳᠡ᠎ᠶ᠋ᠢᠨ ᠨᠠᠷᠠᠨ ᠪᠠᠶᠠᠨᠨᠠᠭᠤᠷ ᠬᠣᠲᠠ᠎ᠶ᠋ᠢᠨ ᠤᠷᠠᠳ᠎ᠤ᠋ᠨ ᠬᠣᠢᠲᠤ ᠬᠤᠰᠢᠭᠤᠨ᠎ᠤ᠋ ᠪᠠᠶᠠᠨᠪᠤᠯᠠᠭ ᠪᠠᠯᠭᠠᠰᠤ᠎ᠶ᠋ᠢᠨ ᠪᠦᠯᠬᠦᠮᠳᠡᠯ ᠲᠣᠰᠬᠣᠨ᠎ᠤ᠋ ᠬᠥᠳᠡᠭᠡ᠎ᠶ᠋ᠢᠨ ᠵᠥᠷᠢᠭᠢ ᠭᠡᠢᠭᠦᠯᠦᠨᠠ᠃ 69 ᠨᠠᠰᠤᠲᠠᠢ ᠾᠧᠦ ᠶᠢᠩ ᠳᠤᠭᠤᠢ ᠲᠡᠷᠭᠡ ᠤᠨᠤᠨ ᠶᠠᠭᠠᠷᠠᠤᠬᠠᠨ ᠭᠡᠷ᠎ᠢᠶᠡᠨ ᠵᠤᠷᠢᠵᠤ᠂ ᠬᠦᠷᠢᠶᠡᠨ᠎ᠳᠡᠬᠢ ᠰᠢᠨ᠎ᠡ ᠲᠠᠷᠢᠭᠰᠡᠨ ᠢᠳᠡᠰᠢᠨ ᠨᠤᠭᠤᠭ᠎ᠠ ᠨᠢ ᠨᠢᠭᠡᠨᠲᠡ ᠨᠢᠯᠬ᠎ᠠ ᠨᠠᠬᠢᠶ᠎ᠠ ᠴᠤᠬᠤᠢᠵᠤ᠂ ᠰᠢᠪᠠᠷ ᠲᠤᠯᠭᠠᠨ ᠲᠡᠭᠡᠷᠡᠬᠢ ᠲᠡᠮᠦᠷ ᠲᠣᠭᠣᠭᠠᠨᠳ᠋ᠤ᠌ ᠴᠢᠨᠠᠭᠰᠠᠨ ᠭᠠᠬᠠᠢ᠎ᠶ᠋ᠢᠨ ᠮᠢᠬ᠎ᠠ ᠲᠠᠢ ᠪᠤᠴᠠᠯᠭᠠᠭᠰᠠᠨ ᠵᠠᠭᠤᠰᠢ᠎ᠶᠢᠨ ᠠᠩᠬᠢᠯᠤᠮ᠎ᠠ ᠦᠨᠦᠷ ᠬᠠᠮᠠᠷ ᠴᠣᠷᠭᠢᠨ᠎ᠠ᠃ 《ᠦᠳᠡ᠎ᠳ᠋ᠦ᠍ ᠨᠢᠭᠡ ᠰᠢᠷᠡᠭᠡ ᠵᠣᠴᠢᠨ ᠬᠣᠭᠣᠯᠠ ᠵᠠᠬᠢᠶᠠᠯᠠᠪᠠ᠃ ᠡᠨᠡ ᠬᠡᠳᠦᠨ ᠵᠢᠯ᠂ ᠬᠣᠲᠠ᠎ᠶ᠋ᠢᠨ ᠵᠢᠭᠤᠯᠴᠢᠯᠠᠭᠰᠠᠳ ᠡᠨᠳᠡ ᠢᠷᠡᠬᠦ᠎ᠡᠴᠡ ᠭᠠᠳᠠᠨ᠎ᠠ᠂ ᠮᠤᠨᠢ ᠠᠭᠤᠯᠠ᠎ᠶ᠋ᠢ ᠭᠡᠲᠦᠯᠬᠦ ᠠᠵᠢᠯᠯᠠᠭᠠᠳ᠋ᠤ᠌ ᠣᠷᠣᠯᠴᠠᠭᠰᠠᠨ ᠴᠥᠭᠡᠨ ᠪᠤᠰᠤ ᠭᠠᠳᠠᠷ ᠤᠷᠤᠨ᠎ᠤ ᠵᠢᠭᠤᠯᠴᠢᠯᠠᠭᠰᠠᠳ ᠪᠦᠷ ᠮᠠᠨ᠎ᠤ᠋ ᠭᠡᠷ᠎ᠦ᠋ᠨ ᠬᠥᠳᠡᠭᠡ᠎ᠶ᠋ᠢᠨ ᠬᠣᠭᠣᠯᠠ᠎ᠶ᠋ᠢ ᠠᠮᠰᠠᠵᠤ ᠥᠩᠭᠡᠷᠡᠭᠰᠡᠨ ᠶᠦ᠍ᠮ᠃ ᠵᠥᠪᠬᠡᠨ ᠡᠨᠡ ᠨᠢᠭᠡ ᠯᠡ ᠲᠥᠷᠥᠯ᠎ᠡᠴᠡ ᠵᠢᠯ ᠪᠦᠷᠢ 3 ᠲᠦᠮᠡ ᠢᠯᠡᠭᠦᠦ ᠲᠦᠭᠦᠷᠢᠭ᠎ᠤᠨ ᠤᠷᠤᠯᠭ᠎ᠠ ᠤᠯᠤᠨ᠎ᠠ᠃ ᠣᠳᠣ ᠮᠠᠨ᠎ᠤ᠋ ᠲᠣᠰᠬᠣᠨ᠎ᠤ᠋ ᠣᠷᠴᠢᠨ ᠲᠣᠭᠣᠷᠢᠨ ᠰᠠᠢᠬᠠᠨ᠂ ᠰᠠᠭᠤᠬᠤ᠎ᠳᠤ ᠲᠠᠭᠠᠯᠠᠮᠵᠢᠲᠠᠢ᠂ ᠪᠢ ᠣᠳᠣ᠎ᠶ᠋ᠢᠨ ᠠᠮᠢᠳᠤᠷᠠᠯ᠎ᠳ᠋ᠠᠭᠠᠨ ᠲᠣᠩ ᠬᠠᠨᠤᠮᠵᠢᠲᠠᠢ ᠪᠠᠢᠨ᠎ᠠ》 ᠭᠡᠮᠡᠨ ᠾᠧᠦ ᠶᠢᠩ ᠪᠠᠶᠠᠷᠯᠠᠨ ᠶᠠᠷᠢᠨ᠎ᠠ᠃
《ᠥᠩᠭᠡᠷᠡᠭᠰᠡᠨ᠎ᠳᠤ ᠪᠦᠯᠬᠦᠮᠳᠡᠯ ᠲᠣᠰᠬᠣᠨ᠎ᠤ ᠳᠠᠩᠰᠠᠨ ᠳᠡᠭᠡᠷ᠎ᠡ ᠢᠯᠡᠭᠦᠴᠡ ᠵᠣᠭᠣᠰ ᠦᠭᠡᠢ᠂ ᠤᠯᠠᠨ ᠲᠦᠮᠡᠨ ᠣᠷᠣᠯᠭ᠎ᠠ ᠪᠠᠨ ᠨᠡᠮᠡᠭᠳᠡᠭᠦᠯᠬᠦ᠎ᠶᠢᠨ ᠲᠦᠯᠦᠭᠡ ᠶᠡᠭᠡᠳᠡ ᠵᠣᠪᠠᠳᠠᠭ ᠪᠠᠢᠪᠠ᠃ ᠲᠣᠰᠬᠣᠨ᠎ᠢᠶᠡᠨ ᠴᠢᠨᠡᠭᠡᠯᠢᠭᠵᠢᠭᠦᠯᠦᠶᠡ ᠭᠡᠪᠡᠯ ᠡᠷᠬᠡᠪᠰᠢ ᠰᠤᠯᠠ ᠰᠡᠯᠡᠭᠦᠦ ᠡᠬᠢ ᠪᠠᠶᠠᠯᠢᠭ᠎ᠢ᠋ ᠰᠠᠢᠲᠤᠷ ᠠᠰᠢᠭᠯᠠᠵᠤ᠂ ᠲᠤᠰᠬᠤᠨ᠎ᠤ ᠠᠷᠠᠳ ᠭᠡᠷ ᠡᠴᠡ ᠪᠠᠨ ᠬᠤᠯᠠᠳᠠᠬᠤ ᠦᠭᠡᠢ ᠪᠡᠷ ᠵᠣᠭᠣᠰ ᠤᠯᠬᠤ ᠵᠢ ᠪᠠᠳᠤᠯᠠᠬᠤ ᠬᠡᠷᠡᠭᠲᠡᠢ》 ᠭᠡᠵᠦ ᠲᠣᠰᠬᠣᠨ᠎ᠤ᠋ ᠨᠠᠮ᠎ᠤ᠋ᠨ ᠡᠭᠦᠷ᠎ᠦ᠋ᠨ ᠱᠦᠵᠢ ᠯᠦ᠍ ᠵᠢᠶᠦ᠋ᠨ ᠵᠢᠶᠧ ᠶᠠᠷᠢᠨ᠎ᠠ᠃
ᠬᠤᠪᠢᠷᠠᠯᠲᠠ ᠨᠢ ︽ᠭᠡᠷ᠎ᠦ᠋ᠨ ᠬᠦᠷᠦᠩᠭᠡ ᠨᠦᠭᠡᠴᠡ ᠪᠠᠨ ᠠᠮᠢᠯᠠᠭᠤᠯᠬᠤ︾ ᠠ᠋ᠴᠠ ᠡᠬᠢᠯᠡᠵᠦ᠂ ᠲᠤᠰᠬᠤᠨ᠎ᠡᠴᠡ 15 ᠮᠦ᠍ ᠰᠤᠯᠠ ᠭᠠᠵᠠᠷ ᠰᠢᠷᠣᠢ ᠪᠣᠯᠤᠨ ᠬᠥᠮᠥᠷᠭᠡ᠎ᠶ᠋ᠢᠨ ᠭᠡᠷᠢ᠋ 540 ᠲᠦᠮᠡᠨ ᠲᠥᠭᠥᠷᠢᠭ᠎ᠤᠨ ᠦᠨ᠎ᠡ ᠲᠣᠭᠲᠠᠭᠠᠵᠤ᠂ ᠥᠪᠥᠷ ᠮᠣᠩᠭᠣᠯ᠎ᠤ᠋ᠨ ᠳ᠋ᠢᠩ ᠹᠧᠩ ᠲᠡᠵᠢᠭᠡᠯ ᠪᠣᠷᠳᠣᠭ᠎ᠠ᠎ᠶ᠋ᠢᠨ ᠬᠢᠵᠠᠭᠠᠷᠲᠤ ᠺᠣᠮᠫᠠᠨᠢᠳ᠋ᠤ᠌ ᠬᠤᠪᠢ ᠣᠷᠣᠭᠤᠯᠤᠨ᠂ 5%᠎ᠶᠢᠨ ᠬᠠᠷᠢᠴᠠᠯᠢ᠋ᠶ᠋ᠠᠷ ᠵᠢᠯ᠎ᠦ᠋ᠨ ᠠᠰᠢᠭ ᠣᠷᠣᠯᠭ᠎ᠠ᠎ᠶ᠋ᠢᠨ ᠬᠤᠪᠢᠶᠠᠷᠢᠯᠠᠯᠲᠠᠳ᠋ᠤ᠌ ᠣᠷᠣᠯᠴᠠᠵᠤ᠂ ᠵᠥᠪᠬᠡᠨ ᠡᠨᠡ ᠬᠦ᠌ ᠲᠥᠷᠥᠯ᠎ᠦ᠋ᠨ ᠠᠵᠢᠯ᠎ᠨᠢ ᠵᠢᠯ ᠪᠦᠷᠢ ᠲᠣᠰᠬᠣᠨ᠎ᠤ᠋ ᠬᠠᠮᠲᠤ ᠶ᠋ᠢᠨ ᠣᠷᠣᠯᠭ᠎ᠠ᠎ᠶ᠋ᠢ 25 ᠲᠦᠮᠡᠨ ᠲᠥᠭᠥᠷᠢᠭ ᠨᠡᠮᠡᠭᠳᠡᠭᠦᠯᠪᠡ᠃ 《ᠡᠨᠳᠡᠬᠢ ᠲᠠᠷᠢᠶᠠᠯᠠᠩ ᠮᠠᠯ ᠠᠵᠤ ᠠᠬᠤᠢ᠎ᠶ᠋ᠢᠨ ᠳᠠᠪᠠᠭᠤᠯᠢᠭ ᠪᠠ ᠲᠣᠰᠬᠣᠨ᠎ᠤ᠋ ᠳᠣᠲᠣᠨᠣ ᠦᠢᠯᠡᠴᠢᠯᠡᠭᠡ ᠨᠢ ᠪᠢᠲᠡᠨ᠎ᠤ ᠲᠠᠭᠠᠰᠢᠶᠠᠯ᠎ᠢ ᠤᠯᠪᠠ》 ᠭᠡᠮᠡᠨ ᠠᠵᠤ ᠠᠬᠤᠢᠯᠠᠯ᠎ᠤ᠋ᠨ ᠬᠠᠷᠢᠭᠤᠴᠠᠯᠭᠠᠲᠠᠨ ᠬᠦ ᠪᠢᠩ ᠲᠠᠨᠢᠯᠴᠠᠭᠤᠯᠤᠨ᠎ᠠ᠃
ᠠᠵᠤ ᠠᠬᠤᠢᠯᠠᠯ ᠨᠢ ᠪᠦᠯᠬᠦᠮᠳᠡᠯ ᠲᠤᠰᠬᠤᠨ᠎ᠳᠤ ᠨᠤᠳᠤᠭᠰᠢᠭᠰᠠᠨᠤ᠋ ᠳᠠᠷᠠᠭ᠎ᠠ᠂ ᠬᠠᠭᠠᠰᠠ᠋ᠴᠠ ᠳᠡᠭᠡᠭᠰᠢᠬᠢ ᠠᠵᠢᠯᠴᠢᠨ᠎ᠢ ᠲᠤᠰ ᠲᠤᠰᠬᠤᠨᠠ᠋ᠴᠠᠡᠯᠰᠡᠪᠡ᠃ 《ᠲᠤᠰ ᠺᠤᠮᠫᠠᠨᠢ᠎ᠳᠤ ᠠᠵᠢᠯᠯᠠᠪᠠᠯ ᠰᠠᠷ᠎ᠠ ᠪᠦᠷᠢ 4000 ᠲᠥᠭᠥᠷᠢᠭ᠎ᠤᠨ ᠴᠠᠯᠢᠩ ᠣᠯᠵᠤ᠂ ᠠᠵᠢᠯ ᠡᠴᠡ᠎ᠪᠡᠨ ᠪᠠᠭᠤᠮᠠᠭᠴᠠ ᠭᠡᠷ᠎ᠲᠡᠭᠡᠨ ᠬᠠᠷᠢᠵᠤ ᠳᠡᠢᠯᠦᠨ᠎ᠡ᠂ ᠡᠭᠦᠨ᠎ᠡᠴᠡ ᠭᠠᠳᠠᠨ᠎ᠠ ᠪᠠᠰᠠ ᠭᠠᠵᠠᠷ ᠰᠢᠷᠣᠢ᠎ᠶ᠋ᠢᠨ ᠡᠵᠡᠩᠨᠡᠯᠲᠡ᠎ᠶᠢᠨ ᠡᠷᠭᠡ ᠪᠠᠨ ᠰᠢᠯᠵᠢᠭᠦᠯᠦᠭᠰᠡᠨ ᠣᠷᠣᠯᠭ᠎ᠠ ᠪᠠ ᠲᠣᠰᠬᠣᠨ᠎ᠤ᠋ ᠬᠠᠮᠲᠤ᠎ᠶ᠋ᠢᠨ ᠠᠰᠢᠭ ᠬᠤᠪᠢᠶᠠᠬᠤ ᠣᠷᠣᠯᠭ᠎ᠠ ᠲᠠᠢ ᠪᠠᠢᠵᠤ᠂ ᠭᠠᠳᠠᠭᠰᠢ ᠪᠠᠨ ᠶᠠᠪᠤᠵᠤ ᠬᠦᠯᠦᠰᠦᠨ ᠠᠵᠢᠯ ᠭᠢᠭᠰᠡᠨ ᠡᠴᠡ ᠬᠣᠯᠠ ᠰᠠᠢᠨ ᠪᠠᠢᠨ᠎ᠠ》 ᠭᠡᠵᠦ ᠲᠤᠰᠬᠤᠨ᠎ᠤ ᠠᠷᠠᠳ ᠴᠢᠨ ᠺᠠᠢ ᠲᠠᠩᠰᠠ ᠪᠠᠨ ᠪᠤᠳᠤᠨ ᠶᠠᠷᠢᠨ᠎ᠠ᠃
ᠪᠦᠯᠭᠦᠮᠳᠡᠯ ᠲᠤᠰᠬᠤᠨ᠎ᠤ ︽ᠠᠷᠠᠯᠵᠢᠶᠠᠨ᠎ᠤ᠋ ᠠᠷᠭ᠎ᠠ ᠤᠬᠠᠭᠠᠨ︾ ᠨᠢ ᠡᠭᠦᠨᠢ᠋ᠶ᠋ᠡᠷ ᠵᠤᠭᠰᠤᠭᠰᠠᠨ ᠦᠭᠡᠢ᠂ ᠪᠠᠰᠠ ᠰᠤᠯᠠ ᠰᠡᠯᠡᠭᠦᠦ ᠪᠠᠢᠭ᠎ᠠ ᠢᠰᠭᠡᠭᠰᠡᠨ ᠴᠠᠭᠠᠨ ᠨᠣᠭᠣᠭ᠎ᠠ ᠳᠠᠷᠤᠬᠤ 14 ᠲᠠᠲᠠᠭᠠᠯ᠎ᠢᠶᠡᠨ ᠭᠠᠳᠠᠭᠰᠢ ᠲᠦᠷᠢᠶᠡᠰᠦᠯᠡᠭᠦᠯᠵᠦ᠂ ᠵᠢᠯ᠎ᠳ᠋ᠦ᠍ 7 ᠲᠦᠮᠡᠨ ᠲᠥᠭᠥᠷᠢᠭ᠎ᠦ᠋ᠨ ᠣᠷᠣᠯᠭ᠎ᠠ ᠨᠡᠮᠡᠭᠳᠡᠵᠡᠢ᠃ ᠤᠷᠢᠳ ᠬᠤᠵᠢᠳ ᠲᠦᠮᠡᠨ ᠮᠦ᠍᠎ᠶᠢᠨ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠲᠥᠬᠦᠭᠡᠷᠦᠮᠵᠢᠲᠦ ᠲᠠᠷᠢᠶᠠᠯᠠᠩ᠂ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠣᠷᠢᠭ ᠵᠡᠷᠭᠡ ᠭᠣᠣᠯᠳᠠᠯᠭ᠎ᠠ᠎ᠲᠠᠢ ᠲᠥᠷᠥᠯ ᠵᠦᠢᠯ᠎ᠢ᠋ ᠪᠠᠢᠭᠤᠯᠪᠠ᠃ ᠣᠳᠣᠬᠠᠨ᠎ᠳ᠋ᠤ᠌᠂ ᠲᠣᠰᠬᠣᠨ᠎ᠤ᠋ ᠬᠠᠮᠲᠤ᠎ᠶ᠋ᠢᠨ ᠠᠵᠤ ᠠᠬᠤᠢ᠎ᠶ᠋ᠢᠨ ᠵᠢᠯ᠎ᠦ᠋ᠨ ᠣᠷᠣᠯᠭ᠎ᠠ 100 ᠲᠦᠮᠡᠨ ᠲᠥᠭᠥᠷᠢᠭ᠎ᠢ᠋ ᠳᠠᠪᠠᠵᠤ᠂ ᠠᠵᠢᠯ ᠶᠠᠪᠤᠳᠠᠯ ᠵᠤᠬᠢᠴᠠᠭᠤᠯᠬᠤ ᠵᠣᠭᠣᠰ ᠦᠭᠡᠢ ᠭᠠᠴᠢᠭᠳᠠᠯᠲᠠᠢ ᠣᠷᠴᠢᠨᠠ᠋ᠴᠠ ᠪᠦᠷᠢᠮᠦᠰᠦᠨ ᠰᠠᠯᠪᠠ᠃
ᠬᠠᠮᠲᠤ ᠨᠡᠢᠲᠡ᠎ᠶ᠋ᠢᠨ ᠬᠥᠷᠥᠩᠭᠡ ᠬᠣᠭᠰᠢᠯ ᠵᠤᠵᠠᠭᠠᠷᠠᠵᠤ᠂ ᠠᠷᠠᠳ᠎ᠤ᠋ᠨ ᠠᠮᠢᠳᠤᠷᠠᠯ᠎ᠤ᠋ᠨ ᠪᠣᠳᠠᠲᠤ ᠬᠡᠷᠡᠭ ᠴᠦ᠍ ᠳᠠᠭᠠᠯᠳᠤᠨ ᠨᠠᠢᠳᠠᠪᠤᠷᠢᠵᠢᠪᠠ᠃ ᠲᠣᠰᠬᠣᠨᠳ᠋ᠤ᠌ ᠨᠡᠪᠲᠡᠷᠡᠭᠦᠯᠬᠦ ᠵᠠᠮ ᠭᠤᠳᠤᠮᠵᠢ᠎ᠶᠢᠨ ᠬᠠᠲᠠᠭᠤᠷᠠᠯᠲᠠ᠎ᠶ᠋ᠢᠨ ᠨᠣᠷᠮ᠎ᠠ ᠨᠢ 100% ᠳ᠋ᠦ᠍ ᠬᠦᠷᠴᠦ᠂ ᠲᠦᠭᠡᠭᠡᠯ ᠤᠰᠤ᠂ ᠴᠠᠬᠢᠯᠭᠠᠨ᠂ ᠲᠤᠤᠷ ᠰᠦᠯᠵᠢᠶ᠎ᠡ᠎ᠶ᠋ᠢ ᠨᠡᠢᠳᠡᠮ ᠪᠦᠷᠬᠦᠭᠦᠯᠵᠦ᠂ ᠵᠠᠮ᠎ᠤ᠋ᠨ ᠳ᠋ᠧᠩᠦ᠋ᠨ ᠪᠦᠷᠬᠦᠯᠲᠡ᠎ᠶ᠋ᠢᠨ ᠨᠣᠷᠮ᠎ᠠ 90% ᠳ᠋ᠤ᠌ ᠬᠦᠷᠴᠦ᠂ ᠠᠷᠠᠳ᠎ᠲᠤ᠌ ᠳᠥᠭᠥᠮ ᠦᠵᠡᠭᠦᠯᠬᠦ ᠴᠢᠯᠥᠭᠡᠲᠦ ᠳᠡᠯᠭᠡᠭᠦᠷ᠂ ᠡᠷᠡᠭᠦᠯ ᠬᠠᠮᠠᠭᠠᠯᠠᠯ᠎ᠤ᠋ᠨ ᠲᠠᠰᠤᠭ᠂ ᠲᠣᠰᠬᠣᠨ᠎ᠤ᠋ ᠠᠷᠠᠳ᠎ᠤ᠋ᠨ ᠠᠵᠢᠯᠯᠠᠭᠠᠨ᠎ᠤ᠋ ᠲᠠᠰᠤᠭ ᠪᠦᠷ ᠪᠦᠷᠢᠨ ᠲᠥᠬᠥᠷ ᠪᠣᠯᠪᠠ᠃ ᠦᠨᠳᠦᠰᠦᠨ ᠱᠠᠲᠤᠨ᠎ᠤ᠋ ᠵᠠᠰᠠᠯᠲᠠ᠎ᠶ᠋ᠢᠨ ᠬᠢᠷᠢ ᠲᠦᠪᠰᠢᠨ ᠴᠦ᠍ ᠵᠡᠷᠭᠡ ᠪᠡᠷ ᠳᠡᠭᠡᠭᠰᠢᠯᠡᠵᠦ᠂ ᠲᠣᠰᠬᠣᠨ᠎ᠤ᠋ 《ᠬᠣᠶᠠᠷ ᠵᠥᠪᠯᠡᠯ》 ᠦ᠋ᠨ ᠺᠠᠳ᠋ᠷ ᠨᠠᠷ ᠪᠠᠢᠩᠭᠤ᠎ᠶᠢᠨ ᠴᠢᠨᠠᠷᠲᠠᠢ ᠲᠠᠷᠢᠶᠠᠴᠢᠨ ᠡᠷᠦᠬᠡ᠎ᠪᠡᠷ ᠭᠦᠨᠵᠡᠭᠡᠢᠷᠡᠨ ᠲᠥᠷᠥ᠎ᠶ᠋ᠢᠨ ᠪᠣᠳᠣᠯᠭ᠎ᠠ ᠬᠠᠤᠯᠢ ᠳᠦᠷᠢᠮ᠎ᠢ᠋ ᠤᠬᠠᠭᠤᠯᠤᠨ ᠰᠤᠷᠲᠠᠯᠴᠢᠯᠠᠵᠤ᠂ ᠬᠥᠷᠰᠢ ᠵᠡᠷᠭᠡᠯᠡᠳᠡᠭᠡ᠎ᠶ᠋ᠢᠨ ᠵᠥᠷᠢᠴᠡᠯ ᠵᠠᠭᠤᠷᠠᠯᠳᠤᠭᠠᠨᠢ᠋ ᠴᠠᠭ ᠲᠤᠬᠠᠢ᠎ᠳ᠋ᠤᠨᠢ ᠡᠶᠡᠳᠡᠭᠦᠯᠦᠨ ᠰᠢᠢᠳᠪᠦᠷᠢᠯᠡᠨ᠎ᠡ᠃
ᠣᠢᠷ᠎ᠠ᠎ᠶ᠋ᠢᠨ ᠵᠢᠯ᠎ᠳᠤ᠂ ᠪᠦᠯᠬᠦᠮᠳᠡᠯ ᠲᠣᠰᠬᠣᠨ ᠤᠷᠢᠳ ᠬᠣᠵᠢᠳ ᠪᠦᠬᠦ ᠤᠯᠤᠰ᠎ᠤ᠋ᠨ ᠬᠥᠳᠡᠭᠡ ᠲᠣᠰᠬᠣᠨ᠎ᠤ ᠵᠠᠰᠠᠯᠲᠠ᠎ᠶᠢᠨ ᠵᠢᠱ᠌ᠢᠶ᠎ᠡ ᠦᠵᠡᠭᠦᠯᠬᠦ ᠲᠣᠰᠬᠣᠨ᠂ ᠪᠦᠬᠦ ᠤᠯᠤᠰ᠎ᠤ᠋ᠨ ᠪᠣᠯᠪᠠᠰᠤᠨ ᠲᠣᠰᠬᠣᠨ ᠪᠠᠯᠭᠠᠰᠤ ᠵᠡᠷᠭᠡ ᠢᠷᠠᠭᠤ ᠠᠯᠳᠠᠷ᠎ᠢ᠋ ᠬᠦᠷᠲᠡᠵᠡᠢ᠃ ᠡᠳᠡᠭᠡᠷ ᠠᠮᠵᠢᠯᠲᠠ ᠪᠦᠲᠦᠮᠵᠢ ᠪᠣᠯ ᠪᠥᠬᠥ ᠲᠤᠰᠬᠤᠨᠤ᠋ ᠬᠥᠮᠦᠰ ᠰᠡᠳᠭᠢᠯ ᠨᠢᠭᠡᠳᠦᠨ ᠴᠢᠷᠮᠠᠢᠭᠰᠠᠨᠤ᠋ ᠦᠷ᠎ᠡ ᠳ᠋ᠦᠩ ᠮᠥᠨ ᠪᠠᠢᠵᠥ᠂ ᠨᠠᠮ᠎ᠤ᠋ᠨ ᠤᠳᠤᠷᠢᠳᠤᠯᠭ᠎ᠠ ᠳᠣᠣᠷ᠎ᠠ ᠦᠨᠳᠦᠰᠦᠨ ᠱᠠᠲᠤᠨ᠎ᠤ᠋ ᠨᠡᠢᠭᠡᠮ᠎ᠤᠨ ᠪᠦᠯᠬᠦᠮᠳᠡᠨ ᠵᠤᠬᠢᠴᠠᠵᠤ᠂ ᠠᠮᠢᠵᠢᠷᠠᠯ᠎ᠤᠨ ᠬᠦᠴᠦᠨᠢ᠋ᠶ᠋ᠡᠷ ᠪᠢᠯᠬᠠᠭᠰᠠᠨ ᠠᠮᠢᠳᠤᠯᠢᠭ ᠪᠠᠢᠳᠠᠯ᠎ᠢ᠋ ᠬᠠᠷᠠᠭᠤᠯᠤᠭᠰᠠᠨ ᠪᠠᠢᠨ᠎ᠠ᠃
ᠡᠭᠦᠨ᠎ᠡᠴᠡ ᠭᠠᠳᠠᠨ᠎ᠠ᠂ ᠲᠣᠰᠬᠣᠨ᠎ᠡᠴᠡ ᠠᠰᠢᠭᠯᠠᠭᠳᠠᠭ᠎ᠠ ᠦᠭᠡᠢ ᠡᠬᠢ ᠪᠠᠶᠠᠯᠢᠭ᠎ᠢ᠋ ᠠᠮᠢᠳᠤᠯᠢᠭ ᠪᠣᠯᠭᠠᠨ᠂ ᠵᠢᠮᠢᠰ᠎ᠦ᠋ᠨ ᠮᠣᠳᠣ᠎ᠪᠠᠷ ᠭᠣᠣᠯ ᠰᠡᠳᠦᠪ ᠪᠣᠯᠭᠠᠭᠰᠠᠨ ᠭᠡᠷ ᠪᠦᠯᠢ ᠵᠢᠨ ᠪᠠᠭᠤᠳᠠᠯ᠎ᠤᠨ ᠲᠣᠰᠬᠣᠨᠢ᠋ ᠪᠠᠢᠭᠤᠯᠵᠤ᠂ ᠲᠣᠮᠣ ᠬᠡᠯᠪᠡᠷᠢ᠎ᠶ᠋ᠢᠨ ᠴᠡᠩᠭᠡᠯᠦ᠋ᠨ ᠬᠦᠷᠢᠶᠡᠯᠡᠩ᠂ ᠵᠢᠮᠢᠰ ᠲᠡᠭᠦᠬᠦ ᠬᠦᠷᠢᠶᠡᠯᠡᠩ᠂ ᠣᠨᠴᠠᠯᠢᠭᠲᠤ ᠮᠣᠩᠭᠣᠯ ᠬᠣᠭᠣᠯᠠᠨ ᠤ᠋ ᠲᠣᠭᠣᠷᠢᠭ᠂ ᠬᠡᠭᠡᠷ᠎ᠡ ᠪᠠᠭᠤᠳᠠᠯᠯᠠᠬᠤ ᠲᠣᠭᠣᠷᠢᠭ᠂ ᠵᠢᠭᠠᠰᠤ ᠭᠥᠬᠢᠳᠡᠬᠦ ᠲᠣᠭᠣᠷᠢᠭ ᠵᠡᠷᠭᠡ ᠲᠣᠭᠣᠷᠢᠭᠢ᠋ ᠪᠠᠢᠭᠤᠯᠵᠤ᠂ 24 ᠢᠵᠢ ᠣᠨᠴᠠᠯᠢᠭᠲᠤ ᠭᠡᠷ᠎ᠤᠨ ᠪᠠᠭᠤᠳᠠᠯ᠎ᠢ ᠲᠦᠬᠦᠷᠵᠢᠭᠦᠯᠦᠨ ᠪᠠᠢᠭᠤᠯᠤᠭᠰᠠᠨ᠎ᠡᠴᠡ ᠭᠠᠳᠠᠨ᠎ᠠ ᠪᠠᠰᠠ 6 ᠡᠷᠦᠭᠡ ᠲᠣᠰᠬᠣᠨ᠎ᠤ᠋ ᠠᠷᠠᠳ ᠨᠢ ᠥᠪᠡᠰᠦᠪᠡᠨ ᠡᠵᠡᠨ ᠮᠡᠳᠡᠨ ᠭᠡᠷ᠎ᠤᠨ ᠪᠠᠭᠤᠳᠠᠯᠢ᠋ ᠡᠵᠡᠩᠨᠡᠵᠡᠢ᠃ ᠢᠯᠭᠠᠭ᠎ᠠ ᠲᠠᠢ ᠰᠣᠶᠣᠯ ᠵᠢᠭᠤᠯᠴᠢᠯᠠᠯ᠎ᠤ᠋ᠨ ᠬᠥᠭᠵᠢᠯᠲᠡ᠎ᠶ᠋ᠢᠨ ᠵᠬᠠᠪᠤᠷᠲᠤ᠌ ᠲᠦᠰᠢᠭᠯᠡᠨ᠂ ᠪᠦᠬᠦ ᠲᠣᠰᠬᠣᠨ᠎ᠨᠢ ᠨᠡᠢᠲᠡ 20 ᠲᠦᠮᠡᠨ ᠬᠥᠮᠦᠨ ᠤᠳᠠᠭ᠎ᠠ᠎ᠶᠢᠨ ᠵᠢᠭᠤᠯᠴᠢᠯᠠᠭᠰᠠᠳᠢ᠋ ᠲᠠᠲᠠᠵᠤ᠂ ᠡᠵᠡᠩᠨᠡᠯᠲᠡ᠎ᠶ᠋ᠢᠨ ᠣᠷᠣᠯᠭ᠎ᠠ᠎ᠨᠢ 290 ᠲᠦᠮᠡᠨ ᠲᠥᠭᠥᠷᠢᠭ᠎ᠢ ᠲᠠᠪᠠᠵᠤ᠂ 《ᠵᠢᠵᠢᠭ ᠭᠡᠷ᠎ᠤᠨ ᠪᠠᠭᠤᠳᠠᠯ ᠨᠢ ᠲᠣᠮᠣ ᠠᠵᠤ ᠦᠢᠯᠡᠰ᠎ᠢ᠋ ᠬᠥᠭᠵᠢᠭᠦᠯᠬᠦ》 ᠵᠠᠭᠪᠤᠷ᠎ᠢ᠋ ᠰᠢᠯᠭᠠᠨ ᠨᠤᠲᠠᠯᠠᠭᠰᠠᠨ ᠪᠠᠢᠨ᠎ᠠ᠃
ᠲᠣᠰᠬᠣᠨ᠎ᠤ᠋ ᠠᠷᠠᠳ ᠸᠠᠩ ᠪᠤᠤ᠎ᠶ᠋ᠢᠨ ᠪᠠᠭᠤᠳᠠᠯ᠎ᠳᠤ ᠬᠦᠷᠬᠦ᠎ᠳᠤ᠂ ᠵᠢᠵᠢᠭᠭᠡᠨ ᠬᠦᠷᠢᠶ᠎ᠡ ᠨᠢ ᠲᠤᠬᠢᠯᠢᠭ ᠮᠦᠷᠲᠡᠭᠡᠨ ᠴᠡᠪᠡᠷ ᠴᠡᠮᠴᠡᠭᠡᠷ ᠪᠠᠢᠯ᠎ᠠ᠃ ︽ᠵᠢᠭᠤᠯᠴᠢᠯᠠᠬᠰᠠᠳ ᠡᠨᠳᠡ ᠢᠷᠡᠵᠦ ᠵᠢᠷᠤᠭ ᠲᠠᠲᠠᠭᠤᠯᠬᠤ ᠳᠤᠷᠠᠲᠠᠢ ᠪᠠᠢᠵᠤ᠂ ᠠᠷᠠᠯᠵᠢᠶ᠎ᠠ ᠮᠠᠢᠮᠠᠢ ᠡᠳᠦᠷ ᠢᠷᠡᠭᠦᠶ᠎ᠡ ᠬᠥᠭᠵᠢᠶᠡᠨ ᠲᠡᠢ ᠪᠣᠯᠪᠠ︾ ᠭᠡᠵᠦ ᠸᠠᠩ ᠪᠤᠤ ᠢᠨᠢᠶᠡᠮᠰᠦᠭᠯᠡᠨ ᠬᠡᠯᠡᠨ᠎ᠡ᠃ ᠡᠨᠡ ᠬᠦ᠌ ᠶᠡᠷᠦᠩᠬᠡᠢ ᠲᠠᠯᠠᠪᠠᠢ ᠨᠢ 46.4 ᠲᠡᠭᠰᠢ ᠳᠥᠷᠪᠡᠯᠵᠢᠨ ᠺᠢᠯᠣᠮᠧᠲ᠋ᠷ ᠪᠦᠬᠦᠢ ᠲᠣᠰᠬᠣᠨ ᠨᠢ 《ᠡᠬᠢ ᠪᠠᠶᠠᠯᠢᠭ᠎ᠢ᠋ ᠪᠡᠯᠡ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠥ᠎ᠶ᠋ᠢ ᠬᠤᠪᠢ ᠣᠷᠣᠭᠤᠯᠤᠭᠰᠠᠨ ᠮᠥᠩᠭᠥ ᠪᠣᠯᠭᠠᠬᠤ》 ᠵᠠᠭᠪᠤᠷᠢ᠋ᠶ᠋ᠠᠷ ᠲᠦᠰᠢᠭ ᠪᠣᠯᠭᠠᠨ᠂ ᠬᠠᠮᠲᠤ᠎ᠶ᠋ᠢᠨ ᠠᠵᠤ ᠠᠬᠤᠢ ᠨᠢ ᠬᠥᠳᠡᠭᠡ ᠲᠣᠰᠬᠣᠨᠢ᠋ ᠬᠥᠭᠵᠢᠭᠦᠯᠦᠨ ᠮᠠᠨᠳᠤᠭᠤᠯᠬᠤᠳ᠋ᠤ᠌ ᠬᠦᠴᠦᠨ ᠨᠡᠮᠡᠷᠢᠯᠡᠭᠦ ᠨᠠᠢᠳᠠᠪᠤᠷᠢᠲᠠᠢ ᠠᠵᠢᠯ᠎ᠤ᠋ᠨ ᠵᠠᠮ᠎ᠢ᠋ ᠨᠡᠭᠡᠭᠡᠭᠰᠡᠨ ᠪᠠᠢᠨ᠎ᠠ᠃
︽ᠳᠠᠷᠠᠭᠠᠴᠢ᠎ᠪᠠᠷ ᠪᠢᠲᠡ ᠲᠣᠰᠬᠣᠨ ᠠᠵᠤ ᠠᠬᠤᠢᠯᠠᠯ᠎ᠤ᠋ᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠠᠵᠤ ᠦᠢᠯᠡᠰ᠎ᠦ᠋ᠨ ᠪᠦᠲᠦᠴᠡ᠎ᠶ᠋ᠢ ᠰᠢᠯᠢᠳᠡᠭᠵᠢᠭᠦᠯᠦᠨ᠂ ᠠᠷᠠᠳ᠎ᠤ᠋ᠨ ᠠᠮᠢᠳᠤᠷᠠᠯ᠎ᠢ ᠡᠳᠦᠷ ᠡᠴᠡ ᠡᠳᠦᠷ ᠰᠠᠢᠵᠢᠷᠠᠭᠤᠯᠬᠤ᠎ᠪᠠᠷ ᠴᠢᠷᠮᠠᠢᠨ᠎ᠠ︾ ᠭᠡᠵᠦ ᠯᠦ᠍ ᠵᠢᠶᠦ᠋ᠨ ᠵᠢᠶᠧ ᠬᠡᠯᠡᠨ᠎ᠡ᠃ ᠡᠨᠳᠡ᠂ ᠠᠵᠤ ᠦᠢᠯᠡᠰ ᠬᠥᠭᠵᠢᠩᠭᠦᠢ᠂ ᠠᠮᠢ ᠠᠬᠤᠢ ᠣᠷᠴᠢᠨ ᠲᠣᠭᠣᠷᠢᠨ ᠲᠠᠭᠠᠯᠠᠮᠵᠢᠲᠠᠢ᠂ ᠠᠮᠢᠳᠤᠷᠠᠯ ᠪᠠᠶᠠᠨ ᠴᠢᠨᠡᠭᠡᠯᠢᠭ ᠬᠥᠳᠡᠭᠡ ᠲᠣᠰᠬᠣᠨᠢ᠋ ᠬᠥᠭᠵᠢᠭᠦᠯᠦᠨ ᠮᠠᠨᠳᠤᠭᠤᠯᠤᠭᠰᠠᠨ ᠵᠢᠷᠤᠭ ᠢᠳᠡᠭ ᠢᠳᠡᠭ᠎ᠢᠶᠡᠷ ᠲᠡᠯᠭᠡᠭᠳᠡᠵᠦ᠂ ᠦᠨᠳᠦᠰᠦᠨ ᠱᠠᠲᠤᠨ᠎ᠤ᠋ ᠺᠠᠳ᠋ᠷ ᠣᠯᠠᠨ ᠲᠦᠮᠡᠨ᠎ᠦ᠌ ᠪᠦᠯᠬᠦᠮᠳᠡᠨ ᠨᠢᠭᠲᠠᠷᠠᠵᠤ ᠴᠢᠷᠮᠠᠢᠨ ᠲᠡᠮᠡᠴᠡᠵᠥ᠂ ᠪᠤᠳᠠᠲᠠᠢ ᠠᠵᠢᠯᠯᠠᠨ ᠦᠢᠯᠡᠰ ᠪᠣᠰᠬᠠᠬᠤ ᠰᠢᠨ᠎ᠡ ᠰᠣᠷᠭᠣᠭ ᠪᠠᠢᠳᠠᠯ᠎ᠢ᠋ ᠵᠢᠷᠤᠭᠯᠠᠵᠠᠢ᠃
[ᠰᠤᠷᠪᠤᠯᠵᠢᠯᠠᠭᠴᠢ᠎ᠶᠢᠨ ᠭᠠᠷ ᠲᠡᠮᠳᠡᠭᠯᠡᠯ]
ᠵᠤᠤᠬᠠᠨ᠎ᠤ ᠤᠲᠤᠭ᠎ᠠ ᠾᠧᠦ ᠶᠢᠩᠦ᠋ᠨ ᠬᠢᠨ ᠡᠴᠡ ᠳᠠᠬᠢᠨ ᠰᠤᠭᠤᠨᠠᠭᠯᠠᠵᠤ᠂ ᠠᠩᠬᠢᠯᠤᠮ᠎ᠠ ᠦᠨᠦᠷ ᠲᠦᠷᠪᠡᠨ ᠵᠦᠭ᠎ᠲᠤ ᠬᠠᠨᠭᠬᠤᠯᠵᠤ᠂ ᠲᠣᠰᠬᠣᠨ᠎ᠤ ᠬᠤᠪᠢᠷᠠᠵᠤ ᠬᠥᠭᠵᠢᠭᠰᠡᠨ ᠦᠯᠢᠭᠡᠷ᠎ᠢ᠋ ᠰᠢᠪᠡᠨᠡᠨ᠎ᠡ᠃ ᠪᠦᠯᠬᠦᠮᠳᠡᠯ ᠲᠣᠰᠬᠣᠨ᠎ᠤ᠋ ᠬᠥᠭᠵᠢᠯᠲᠡ᠎ᠶ᠋ᠢᠨ ᠦᠢᠯᠡᠳᠦᠯᠭᠡ ᠨᠢ ᠪᠦᠯᠬᠦᠮᠳᠡᠯ᠎ᠦ᠋ᠨ ᠬᠦᠴᠦᠨ᠎ᠢ᠋ ᠭᠡᠷᠡᠴᠢᠯᠡᠵᠡᠢ᠃ ᠨᠠᠮ᠎ᠤ᠋ᠨ ᠤᠳᠤᠷᠢᠳᠤᠯᠭ᠎ᠠ ᠳᠣᠣᠷ᠎ᠠ᠂ ᠲᠤᠬᠠᠢ᠎ᠶ᠋ᠢᠨ ᠭᠠᠵᠠᠷ᠎ᠤ᠋ᠨ ᠬᠢᠨ ᠬᠥᠳᠡᠭᠡ ᠲᠣᠰᠬᠣᠨ᠎ᠤ᠋ ᠡᠬᠢ ᠪᠠᠶᠠᠯᠢᠭ᠎ᠢ᠋ ᠨᠢᠭᠡᠳᠦᠯᠲᠡᠢ ᠲᠥᠯᠥᠪᠵᠢᠭᠦᠯᠦᠨ ᠨᠡᠢᠳᠬᠡᠵᠦ᠂ ᠵᠠᠬ᠎ᠠ ᠳᠡᠯᠭᠡᠭᠦᠷ᠎ᠦ᠋ᠨ ᠬᠡᠷᠡᠭᠴᠡᠭᠡ ᠱᠠᠭᠠᠷᠳᠠᠯᠭ᠎ᠠ᠎ᠶ᠋ᠢ ᠵᠣᠯᠭᠠᠭᠤᠯᠵᠤ᠂ ᠣᠯᠠᠨ ᠲᠦᠮᠡᠨ᠎ᠦ᠌ ᠬᠦᠰᠡᠯ ᠡᠷᠡᠮᠡᠯᠵᠡᠯ᠎ᠳᠦ ᠬᠠᠷᠢᠭᠤ ᠲᠤᠰᠬᠠᠵᠤ᠂ ᠡᠨᠡ ᠬᠦ᠌ ᠬᠥᠳᠡᠭᠡ ᠲᠣᠰᠬᠣᠨᠳ᠋ᠤ᠌ ᠨᠤᠲᠤᠭᠰᠢᠭᠰᠠᠨ ︽ᠪᠦᠯᠬᠦᠮᠳᠡᠯ᠎ᠦ᠋ᠨ ᠬᠦᠴᠦᠨ︾ ᠨᠢ ᠲᠣᠰᠬᠣᠨ᠎ᠤ᠋ ᠠᠷᠠᠳ᠎ᠢ ᠭᠡᠷ᠎ᠡᠴᠡ ᠪᠠᠨ ᠬᠤᠯᠠᠳᠠᠯ ᠦᠭᠡᠢ ᠪᠡᠷ ᠬᠤᠪᠢ ᠣᠷᠣᠭᠤᠯᠤᠭᠴᠢ᠂ ᠬᠥᠯᠥᠰᠥᠨ ᠠᠵᠢᠯᠲᠠᠨ ᠪᠠ ᠡᠵᠡᠩᠨᠡᠯᠲᠡ᠎ᠶ᠋ᠢᠨ ᠠᠵᠢᠯᠲᠠᠨ ᠪᠣᠯᠭᠠᠨ ᠬᠤᠪᠢᠷᠠᠭᠤᠯᠵᠤ᠂ ᠰᠠᠢᠨ ᠰᠠᠢᠬᠠᠨ ᠠᠮᠢᠳᠤᠷᠠᠯ ᠴᠤ᠌ ᠠᠯᠬᠤᠮ ᠠᠯᠬᠤᠮᠢ᠋ᠶ᠋ᠠᠷ ᠬᠦᠰᠡᠯ ᠮᠥᠷᠥᠭᠡᠳᠦᠯᠡᠴᠡᠪᠡᠨ ᠪᠣᠳᠠᠲᠤ ᠠᠬᠤᠢ ᠪᠣᠯᠵᠤ ᠬᠤᠪᠢᠷᠠᠵᠠᠢ᠃