ᠨᠡᠬᠡᠬᠡᠯᠳᠡ ᠬᠢᠬᠦ ᠱᠢᠮᠡᠯᠢᠭ ᠬᠥᠷᠥᠰᠥ᠍ᠨ ᠳ᠋ᠤ᠌ ᠦᠨᠳᠦᠰᠦᠯᠡᠵᠤ ᠠᠵᠤ ᠦᠶ᠋ᠯᠡᠰ᠎ᠦᠨ ᠲᠠᠰ ᠳᠡᠪᠱᠢᠬᠦ᠌ ᠢ᠋ᠢ ᠠᠬᠢᠭᠤᠯᠤᠨ᠎ᠠ
2026-05-31 12:27:33
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

ᠤᠨᠴᠠᠯᠢᠭᠳᠤ ᠲᠠᠪᠠᠭᠤᠯᠢᠭ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠤᠨ᠎ᠠ᠃

— 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠢ ᠲᠥᠰᠦᠯ》 ᠡᠴᠡ ᠡᠰᠢᠯᠡᠪᠡ᠃


2026 ᠣᠨ ᠤ᠋ 4 ᠰᠠᠷ᠎ᠠ ᠢ᠋ᠢᠨ 9 ᠤ᠋ ᠡᠳᠦᠷ᠂ ᠲᠥᠷᠥ ᠢ᠋ᠢᠨ ᠶᠠᠪᠤᠳᠠᠯ ᠤ᠋ᠨ ᠬᠤᠷᠢᠶ᠎ᠡ ᠢ᠋ᠢᠨ ᠳᠠᠷᠤᠮᠠᠯᠯᠠᠵᠤ ᠲᠠᠷᠬᠠᠭᠠᠭ᠍ᠰᠠᠨ 《ᠳᠤᠮᠳᠠᠳᠤ ᠤᠯᠤᠰ ( ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠶᠡᠷᠦᠩᠬᠡᠶ ᠲᠥᠰᠦᠯ》 (ᠳᠣᠷᠣᠭ᠍ᠰᠢ 《ᠶᠡᠷᠦᠩᠬᠡᠶ ᠲᠥᠰᠦᠯ》 ᠭᠡᠵᠦ᠍ ᠲᠣᠪᠴᠢᠯᠠᠨ᠎ᠠ)᠎ᠢ᠋ ᠨᠡᠢᠲᠡᠯᠡᠪᠡ᠃ ᠲᠦᠷᠦ᠍ ᠢ᠋ᠢᠨ ᠪᠤᠳᠤᠯᠭ᠎ᠠ ᠵᠢ ᠨᠠᠢᠳᠠᠪᠤᠷᠢᠵᠢᠭᠤᠯᠬᠤ ᠢ᠋ᠢ ᠳᠠᠭᠠᠯᠳᠤᠨ᠂ ᠣᠷᠣᠨ ᠪᠦᠰᠡ ᠢ᠋ᠢᠨ ᠬᠥᠭ᠌ᠵᠢᠯᠲᠡ ᠢ᠋ᠢᠨ ᠬᠥᠳᠡᠯᠭᠡᠬᠦ᠌ ᠬᠦᠴᠦᠨ ᠦᠷᠭᠦᠯᠵᠢᠯᠡᠨ ᠪᠠᠳᠠᠷᠠᠭᠰᠠᠨ ᠪᠠᠢᠨ᠎ᠡ᠃ ᠣᠢᠷ᠎ᠠ ᠢ᠋ᠢᠨ ᠡᠳᠦᠷ᠂ ᠥᠪᠥᠷ ᠮᠣᠩᠭᠣᠯ ᠤ᠋ᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠢ᠋ᠢᠨ ᠰᠠᠯᠠᠭ᠎ᠠ ᠮᠥᠴᠢᠷ᠎ᠤᠨ ᠬᠢᠨ ᠥᠭᠡᠷᠡᠴᠢᠯᠡᠯᠲᠡ ᠢ᠋ᠢᠨ ᠪᠠᠢᠷᠢᠯᠠᠭᠤᠯᠤᠯᠲᠠ ᠢ᠋ᠢ ᠣᠨᠣᠴᠠᠳᠠᠢ ᠨᠠᠢᠳᠠᠪᠤᠷᠢᠵᠢᠭᠤᠯᠵᠤ᠂ ᠨᠢᠭᠡ ᠲᠠᠯ᠎ᠠ ᠪᠡᠷ ᠠᠵᠤ ᠠᠬᠤᠢᠯᠠᠯ ᠤ᠋ᠨ ᠪᠥᠬᠥ᠌ ᠦᠶᠡᠯᠡᠯ᠎ᠦᠨ ᠬᠤᠭᠤᠴᠠᠭᠠᠨ ᠤ᠋ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠢ᠋ᠢ ᠡᠮᠬᠢᠳᠬᠡᠵᠤ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌》 ᠥᠭᠡᠷᠡᠴᠢᠯᠡᠯᠲᠡ ᠢ᠋ᠢ ᠭᠦᠨᠵᠡᠭᠡᠢᠷᠡᠭᠦᠯᠤᠨ᠂ ᠡᠵᠡᠩᠨᠡᠯᠲᠡ ᠢ᠋ᠢᠨ ᠭᠤᠤᠯ ᠴᠣᠭ᠍ᠴᠠ ᠢ᠋ᠢ ᠪᠠᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ᠂ ᠨᠡᠭᠦᠯᠭᠡᠬᠦ᠌᠂ 《ᠬᠤᠪᠢ ᠢ᠋ᠢᠨ ᠤᠢᠯᠡᠳᠪᠤᠷᠢ ᠬᠤᠳᠠᠯᠳᠤᠭᠠᠨ ᠤ᠋ ᠡᠷᠤᠬᠡ ᠢ᠋ᠢ ᠠᠵᠤ ᠠᠬᠤᠢᠯᠠᠯ ᠪᠤᠯᠭᠠᠨ ᠬᠤᠪᠢᠷᠠᠭᠤᠯᠬᠤ》 ᠮᠡᠳᠡᠭᠡ ᠵᠠᠩᠭᠢ ᠢ᠋ᠢ ᠮᠡᠳᠡᠭᠦᠯᠬᠦ᠌ ᠵᠢᠴᠢ ᠲᠥᠬᠥᠮ ᠦᠵᠡᠭᠦᠯᠬᠦ᠌ ᠬᠠᠮ ᠳᠡᠯᠭᠡᠭᠦᠷ᠂ ᠢᠳᠡᠭᠡᠨ ᠤᠮᠳᠠᠭᠠᠨ ᠤ᠋ ᠳᠡᠯᠭᠡᠭᠦᠷ ᠡᠷᠭᠢᠯᠡᠬᠦ᠌ ᠵᠡᠷᠭᠡ ᠥᠨᠳᠥᠷ ᠳᠠᠪᠲᠠᠮᠵᠢᠲᠤ ᠵᠦᠶ᠋ᠯᠡᠰ᠎ᠢ 《ᠨᠢᠭᠡ ᠶᠠᠪᠤᠳᠠᠯ》᠎ᠳ᠋ᠤ ᠣᠷᠣᠭᠤᠯᠤᠨ ᠲᠥᠪᠯᠡᠷᠡᠭᠦᠯᠦᠨ ᠭᠦᠶ᠋ᠴᠡᠳᠭᠡᠵᠦ᠍᠂ ᠠᠵᠢᠯ ᠶᠠᠪᠤᠳᠠᠯ ᠭᠦᠶ᠋ᠴᠡᠳᠭᠡᠬᠦ᠌ ᠭᠣᠭ᠍ᠴᠣᠭ᠎ᠠ ᠪᠠ ᠴᠠᠭ ᠤ᠋ᠨ ᠬᠢᠵᠠᠭᠠᠷ᠎ᠢ ᠶᠡᠬᠡ᠎ᠪᠡᠷ ᠪᠠᠭᠠᠰᠬᠠᠪᠠ᠃ ᠨᠥᠭᠥᠭᠡ ᠲᠠᠯ᠎ᠠ ᠪᠡᠷ ᠵᠠᠬ᠎ᠠ ᠳᠡᠯᠭᠡᠭᠦᠷ ᠲᠦ᠍ ᠣᠷᠣᠬᠤ ᠵᠥᠪᠱᠢᠶᠡᠷᠡᠯ ᠤ᠋ᠨ ᠳᠡᠩᠰᠡᠯᠡᠯᠲᠡ ᠢ᠋ᠢᠨ ᠭᠣᠭ᠍ᠴᠣᠭ᠎ᠠ ᠳ᠋ᠤ᠌ ᠲᠤᠰᠭᠠᠶ ᠬᠠᠷᠢᠶᠠᠯᠠᠭ᠍ᠳᠠᠬᠤ ᠲᠡᠮᠳᠡᠭ ᠱᠤᠰᠢᠭ᠎ᠠ ᠬᠠᠳᠠᠬᠤ ᠬᠠᠮᠢᠶᠠᠷᠤᠯᠲᠠ ᠢ᠋ᠢ ᠬᠡᠷᠡᠭ᠌ᠵᠢᠭᠦᠯᠵᠦ᠍᠂ ᠠᠵᠤ ᠠᠬᠤᠢᠯᠠᠯ ᠤ᠋ᠨ ᠨᠡᠷᠡᠢᠳᠦᠯ᠂ ᠣᠷᠣᠨ ᠰᠠᠭᠤᠴᠠ ᠢ᠋ᠢᠨ ᠮᠡᠳᠡᠭᠡ ᠵᠠᠩᠭᠢ ᠪᠡᠷ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠬᠠᠷᠢᠶᠠᠯᠠᠭ᠍ᠳᠠᠬᠤ ᠬᠦᠷᠢᠶ᠎ᠡ ᠴᠠᠷᠠᠭ᠎ᠠ ᠢ᠋ᠢᠨ ᠴᠢᠨᠠᠷ᠎ᠢ ᠱᠢᠭᠤᠳ ᠢᠯᠡᠷᠡᠭᠦᠯᠬᠦ᠌ ᠢ᠋ᠢ ᠠᠬᠢᠭᠤᠯᠤᠨ᠎ᠠ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠦᠭ᠌ᠰᠡᠨ᠎ᠡᠴᠡ ᠭᠠᠳᠠᠭᠠᠳᠤ ᠪᠡᠯᠡ ᠢ᠋ᠢ ᠲᠠᠳᠠᠬᠤ ᠦᠷ᠎ᠡ ᠪᠦᠳᠦᠮᠵᠢ ᠢᠯᠡᠷᠬᠡᠢ ᠪᠤᠯᠵᠤ᠂ ᠣᠳᠣᠬᠠᠨ ᠪᠣᠯᠲᠠᠯ᠎ᠠ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠬᠥᠬᠡᠬᠣᠲᠠ ᠢ᠋ᠢᠨ ᠬᠡᠰᠡᠭ ᠲᠦ᠍ ᠭᠠᠳᠠᠭᠠᠳᠤ ᠢ᠋ᠢᠨ ᠬᠤᠳᠠᠯᠳᠤᠭᠠᠴᠢᠨ ᠤ᠋ ᠪᠡᠯᠡ ᠣᠷᠣᠭᠤᠯᠤᠭ᠍ᠰᠠᠨ ᠠᠵᠤ ᠠᠬᠤᠢᠯᠠᠯ 43 ᠪᠣᠯᠪᠠ᠃ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠵᠠᠬ᠎ᠠ ᠳᠡᠯᠭᠡᠭᠦᠷ ᠲᠦ᠍ ᠣᠷᠣᠬᠤ ᠢ᠋ᠢ ᠵᠥᠪᠱᠢᠶᠡᠷᠡᠬᠦ᠌ ᠡᠮᠦᠨ᠎ᠡ ᠹᠷᠣᠨᠲ ᠤ᠋ᠨ ᠰᠠᠯᠠᠭ᠎ᠠ ᠮᠥᠴᠢᠷ ᠪᠣᠯᠤᠭ᠍ᠰᠠᠨ ᠤ᠋ ᠬᠤᠪᠢ ᠳ᠋ᠤ᠌᠂ 《ᠶᠡᠷᠦᠩᠬᠡᠶ ᠲᠥᠰᠦᠯ》 ᠤ᠋ᠨ ᠡᠯ᠎ᠡ ᠵᠦᠶ᠋ᠯ᠎ᠦᠨ ᠥᠭᠡᠷᠡᠴᠢᠯᠡᠯᠲᠡ ᠢ᠋ᠢᠨ ᠡᠭᠦᠷᠭᠡ ᠢ᠋ᠢ ᠬᠡᠷᠬᠢᠨ ᠲᠦᠷᠭᠡᠳᠭᠡᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠢ᠋ᠢᠨ ᠲᠣᠪᠴᠢᠶ᠎ᠠ ᠢ᠋ᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠳ᠋ᠦᠩ᠎ᠢ ᠰᠤᠷᠪᠤᠯᠵᠢᠯᠠᠪᠠ᠃

ᠯᠢ ᠳ᠋ᠦᠩ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠵᠥᠪᠱᠢᠶᠡᠷᠡᠭ᠌ᠳᠡᠭ᠌ᠰᠡᠨ᠎ᠡᠴᠡ ᠨᠠᠭᠠᠰᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠢ᠋ᠢᠨ ᠲᠣᠪᠴᠢᠶ᠎ᠠ ᠎ᠵᠢᠨ ᠬᠢᠨ ᠡᠭᠦᠷᠭᠡ ᠴᠢᠳᠠᠪᠤᠷᠢ ᠢ᠋ᠢᠨ ᠳᠠᠪᠠᠭᠤᠯᠢᠭ᠎ᠲᠠᠭᠠᠨ ᠰᠠᠭᠤᠷᠢᠯᠠᠨ᠂ ᠭᠤᠤᠯ ᠬᠠᠷᠢᠭᠤᠴᠠᠯᠭ᠎ᠠ ᠭᠤᠤᠯ ᠠᠵᠢᠯ᠂ ᠰᠢᠯᠭᠠᠨ ᠪᠠᠢᠴᠠᠭᠠᠵᠤ ᠰᠢᠯᠭᠠᠨ ᠬᠡᠮᠵᠢᠬᠦ ᠭᠡᠷᠡᠴᠢᠯᠡᠯ᠂ ᠪᠠᠷᠢᠮᠵᠢᠶ᠎ᠠ ᠢ᠋ᠢᠨ ᠱᠢᠰᠲ᠋ᠧᠮ ᠤ᠋ᠨ ᠪᠠᠢᠭᠤᠯᠤᠯᠲᠠ᠂ ᠮᠡᠳᠡᠯᠭᠡ ᠢ᠋ᠢᠨ ᠪᠦᠲᠦᠭᠡᠭ᠌ᠳᠡᠬᠦᠨ᠎ᠦ ᠥᠮᠴᠢᠯᠡᠯ ᠤ᠋ᠨ ᠡᠷᠬᠡ᠎ᠳ᠋ᠤ᠌ ᠬᠦᠴᠦᠨ ᠤᠯᠭᠤᠬᠤ᠂ ᠣᠷᠣᠨ ᠪᠦᠰᠡ ᠢ᠋ᠢᠨ ᠲᠥᠷᠥᠯ ᠲᠡᠮᠳᠡᠭ᠌ᠲᠦ᠍ ᠢ᠋ᠢ ᠪᠣᠢᠵᠢᠭᠤᠯᠬᠤ ᠳᠥᠷᠪᠡᠨ ᠶᠡᠬᠡ ᠭᠤᠤᠯᠯᠠᠬᠤ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠢᠮ᠎ᠦᠨ ᠱᠢᠨ᠎ᠡ ᠡᠭᠦᠳᠦᠯᠲᠡ ᠢ᠋ᠢ ᠪᠠᠷᠢᠮᠳᠠᠯᠠᠵᠤ᠂ ᠣᠨᠣᠪᠴᠢᠲᠠᠶ ᠦᠶ᠋ᠯᠡᠴᠢᠯᠡᠭᠡ᠎ᠪᠡᠷ ᠬᠦᠴᠦᠨ ᠨᠡᠮᠡᠷᠢᠯᠡᠬᠦ᠂ ᠨᠡᠭᠡᠭᠡᠯᠲᠡ ᠬᠢᠵᠦ᠍ ᠬᠠᠮᠲᠤᠷᠠᠨ ᠠᠵᠢᠯᠯᠠᠬᠤ ᠬᠦᠴᠦᠨ ᠴᠢᠳᠠᠯ᠎ᠢ ᠨᠢᠭᠳᠠᠷᠠᠭᠤᠯᠤᠨ᠂ ᠲᠥᠷᠥ ᠢ᠋ᠢᠨ ᠪᠣᠳᠣᠯᠭ᠎ᠠ ᠢ᠋ᠢᠨ ᠠᠱᠢᠭ ᠢ᠋ ᠦᠷᠭᠦᠯᠵᠢᠯᠡᠨ ᠠᠵᠤ ᠦᠶ᠋ᠯᠡᠰ᠎ᠦᠨ ᠬᠥᠭ᠌ᠵᠢᠯᠲᠡ ᠢ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠥᠪᠥᠷ ᠮᠣᠩᠭᠣᠯ ᠤ᠋ᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠂ ᠭᠠᠳᠠᠭᠠᠳᠤ ᠨᠡᠭᠡᠭᠡᠯᠲᠡ ᠢ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠪᠠᠲᠤ ᠴᠢᠩᠭ᠎ᠠ ᠬᠥᠳᠡᠯᠭᠡᠬᠦ᠌ ᠬᠦᠴᠦᠨ ᠨᠡᠮᠡᠷᠢᠯᠡᠨ᠎ᠡ ᠬᠡᠪᠠ᠃

— ᠤᠮᠠᠷᠠᠰᠢ ᠨᠡᠭᠡᠭᠡᠯᠲᠡ ᠬᠢᠬᠦ᠌ ᠲᠤᠰᠭᠠᠶ ᠲᠥᠷᠥᠯ᠎ᠦᠨ ᠰᠢᠯᠭᠠᠨ ᠪᠠᠢᠴᠠᠭᠠᠵᠤ ᠰᠢᠯᠭᠠᠨ ᠬᠡᠮᠵᠢᠬᠦ ᠭᠡᠷᠡᠴᠢᠯᠡᠭᠡ ᠢ᠋ᠢᠨ ᠦᠶ᠋ᠯᠡᠴᠢᠯᠡᠭᠡᠨ᠎ᠦ ᠱᠢᠰᠲ᠋ᠧᠮ᠎ᠢ᠋ ᠪᠠᠢᠭᠤᠯᠤᠨ᠎ᠠ᠃ ᠬᠥᠷᠰᠢ ᠵᠡᠷᠭᠡᠯᠡᠳᠡᠭᠡ ᠤᠯᠤᠰ ᠤ᠋ᠳ᠎ᠲᠠᠶ ᠰᠠᠨᠠᠭᠠᠴᠢᠯᠠᠭ᠎ᠠ᠎ᠠᠴᠠ᠎ᠪᠠᠨ ᠬᠣᠯᠪᠣᠭᠠᠯᠠᠨ ᠬᠥᠳᠡᠯᠦᠯᠴᠡᠵᠦ᠍ ᠰᠢᠯᠭᠠᠨ ᠪᠠᠢᠴᠠᠭᠠᠵᠤ ᠰᠢᠯᠭᠠᠨ ᠬᠡᠮᠵᠢᠬᠦ ᠭᠡᠷᠡᠴᠢᠯᠡᠭᠡ ᠢ᠋ᠢᠨ ᠬᠠᠮᠵᠢᠯᠴᠠᠭᠠᠨ᠎ᠤ ᠲᠣᠭ᠍ᠲᠠᠴᠠ ᠢ᠋ᠢ ᠪᠠᠢᠭᠤᠯᠤᠨ᠂  ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠰᠢᠯᠭᠠᠨ ᠬᠡᠮᠵᠢᠭᠰᠡᠨ ᠦᠷ᠎ᠡ ᠳ᠋ᠦᠩ᠎ᠢ ᠬᠠᠷᠢᠯᠴᠠᠨ ᠮᠡᠳᠡᠷᠡᠵᠦ᠍ ᠬᠠᠮᠲᠤ ᠪᠠᠷ ᠡᠳ᠋ᠯᠡᠬᠦ ᠶ᠋ᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ᠋ ᠠᠵᠤ ᠠᠬᠤᠢᠯᠠᠯ ᠤ᠋ᠨ ᠪᠣᠳᠠᠲᠠᠶ ᠡᠵᠡᠩᠨᠡᠯᠲᠡ ᠢ᠋ᠢᠨ ᠬᠦᠰᠡᠯ ᠱᠠᠭᠠᠷᠳᠠᠯᠭ᠎ᠠ ᠢ᠋ᠢ ᠨᠠᠷᠢᠯᠢᠭ ᠣᠨᠣᠴᠠᠲᠠᠶ ᠪᠡᠷ ᠤᠢᠯᠠᠭᠠᠨ ᠵᠢᠭ᠍ᠰᠠᠭᠠᠵᠤ᠂ ᠡᠷᠢᠶᠡᠨ ᠬᠣᠲᠠ᠂ ᠮᠠᠨᠵᠤᠤᠷ ᠬᠤᠳᠠ ᠢ᠋ᠢᠨ ᠪᠠᠢᠷᠢᠯᠠᠭᠤᠯᠤᠯᠳᠡ ᠳ᠋ᠤ᠌ ᠲᠦᠰᠢᠭᠯᠡᠨ ᠱᠢᠯᠭᠠᠨ ᠬᠡᠮᠵᠢᠭᠰᠡᠨ ᠦᠷ᠎ᠡ ᠳ᠋ᠦᠩ᠎ᠢ᠋ ᠬᠠᠮᠳᠤ ᠪᠡᠷ ᠡᠳ᠋ᠯᠡᠬᠦ ᠲᠤᠷᠱᠢᠯᠲᠠ ᠢ᠋ᠢᠨ ᠲᠠᠰᠤᠭ᠎ᠢ᠋ ᠪᠠᠢᠷᠢᠯᠠᠭᠤᠯᠤᠨ᠎ᠡ᠃ ᠪᠣᠭᠣᠮᠲᠠ ᠢ᠋ᠢᠨ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠯᠦᠭᠡ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠢ᠋ᠢ ᠴᠢᠩᠭᠠᠳᠭᠠᠵᠤ᠂ ᠭᠤᠷᠪᠠᠳᠠᠬᠢ ᠡᠲᠡᠭᠡᠳ᠎ᠦᠨ ᠱᠢᠯᠭᠠᠨ ᠬᠡᠮᠵᠢᠭᠰᠡᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ᠌ ᠵᠠᠭ᠍ᠪᠤᠷ᠎ᠢ ᠯᠠᠪᠳᠠᠭᠤᠨ᠎ᠢᠶᠠᠷ ᠨᠠᠢᠳᠠᠪᠤᠷᠢᠵᠢᠭᠤᠯᠤᠨ᠂ ᠳᠠᠬᠢᠨ ᠬᠠᠷᠭᠤᠭᠤᠯᠵᠤ ᠱᠢᠯᠭᠠᠨ ᠪᠠᠢᠴᠠᠭᠠᠬᠤ ᠭᠣᠭ᠍ᠴᠣᠭ᠎ᠠ ᠢ᠋ᠢ ᠴᠣᠮᠬᠠᠳᠭᠠᠵᠤ᠂ ᠪᠠᠷᠠᠭᠠᠨ ᠤ᠋ ᠪᠣᠭᠣᠮᠲᠠ ᠪᠡᠷ ᠥᠩᠭᠡᠷᠡᠬᠦ᠌ ᠴᠠᠭ᠎ᠢ ᠪᠣᠭᠣᠨᠢᠰᠭᠠᠨ᠎ᠠ᠃ ᠨᠤᠳᠤᠭᠰᠢᠭᠤᠯᠤᠨ ᠡᠳ᠋ᠰᠢᠬᠦᠯᠬᠦ ᠠᠵᠤ ᠦᠶ᠋ᠯᠡᠰ᠎ᠦᠨ ᠲᠣᠭ᠍ᠲᠠᠭᠠᠯ ᠳ᠋ᠤ᠌ ᠨᠡᠢᠴᠡᠭᠦᠯᠦᠨ ᠡᠵᠡᠨᠭᠨᠡᠯᠳᠡ ᠢ᠋ᠢᠨ ᠥᠪᠡᠷ᠎ᠦᠨ ᠥᠷᠲᠡᠭ᠎ᠢ ᠪᠣᠳᠠᠲᠠᠢᠵᠢᠭᠤᠯᠤᠨ᠂ ᠦᠶ᠋ᠯᠡᠳᠬᠦᠨ᠎ᠦ ᠶᠠᠰᠤ ᠴᠢᠨᠠᠷ ᠤ᠋ᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠨ᠎ᠠ᠃

— ᠣᠷᠣᠨ ᠪᠦᠰᠡ ᠢ᠋ᠢᠨ ᠣᠨᠴᠠᠯᠢᠭ᠎ᠲᠤ ᠨᠡᠢᠴᠡᠭ᠌ᠰᠡᠨ᠂ ᠤᠯᠠᠨ ᠤᠯᠤᠰ ᠤ᠋ᠨ ᠪᠠᠷᠢᠮᠵᠢᠶ᠎ᠠ᠎ᠲᠠᠶ ᠵᠣᠯᠭᠠᠯᠳᠤᠭ᠍ᠰᠠᠨ ᠪᠠᠷᠢᠮᠵᠢᠶᠠᠲᠤ ᠱᠢᠰᠲ᠋ᠧᠮ᠎ᠢ ᠪᠠᠢᠭᠤᠯᠤᠨ᠎ᠠ ᠃ ᠪᠠᠷᠢᠮᠵᠢᠶ᠎ᠠ ᠪᠣᠯ ᠭᠠᠳᠠᠭᠠᠳᠤ ᠨᠡᠭᠡᠭᠡᠯᠲᠡ ᠢ᠋ᠢᠨ ᠨᠡᠢᠳᠡᠮ ᠬᠡᠷᠡᠭ᠌ᠯᠡᠬᠦ᠌ ᠦᠭᠡ ᠬᠡᠯᠡ ᠪᠠᠢᠵᠤ᠂ ᠨᠠᠩ ᠴᠤ᠌ ᠠᠵᠤ ᠦᠶ᠋ᠯᠡᠰ᠎ᠦᠨ ᠲᠠᠰ ᠳᠡᠪᠱᠢᠬᠦ᠌ ᠮᠡᠷᠭᠡᠵᠢᠯ᠎ᠦᠨ ᠲᠤᠯᠭᠠᠭᠤᠷᠢᠯᠠᠯ ᠮᠥᠨ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠢ᠋ᠢᠨ ᠲᠣᠪᠴᠢᠶ᠎ᠠ᠎ᠵᠢᠨ ᠬᠢᠨ ᠪᠠᠷᠢᠮᠵᠢᠶᠠᠵᠢᠭᠤᠯᠬᠤ ᠪᠠᠢᠭᠤᠯᠤᠯᠲᠠ ᠢ᠋ᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠤᠯᠤᠰ ᠤ᠋ᠨ ᠬᠣᠱᠢᠭᠤᠷᠠᠯ ᠪᠠᠷᠢᠮᠵᠢᠶ᠎ᠠ ᠢ᠋ᠢᠨ ᠵᠢᠷᠤᠮᠵᠢᠯ᠎ᠢᠶᠠᠷ ᠪᠠᠷᠢᠮᠵᠢᠶᠠᠯᠠᠨ᠂ ᠰᠠᠯᠬᠢᠨ ᠬᠦᠴᠦᠨ᠎ᠢ᠋ᠢᠡᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠎ᠦᠨ ᠲᠥᠬᠥᠭᠡᠷᠦᠮᠵᠢ ᠢ᠋ᠢ ᠡᠭᠡᠭᠦᠯᠦᠨ ᠬᠤᠷᠢᠶᠠᠵᠤ ᠠᠱᠢᠭ᠍ᠯᠠᠬᠤ ᠬᠠᠮᠢᠶ᠎ᠠ ᠪᠥᠬᠥᠶ ᠪᠠᠷᠢᠮᠵᠢᠶ᠎ᠠ ᠢ᠋ᠢᠨ ᠱᠢᠰᠲ᠋ᠧᠮ᠎ᠢ᠋ ᠲᠣᠭ᠍ᠲᠠᠭᠠᠨ ᠲᠡᠭᠦᠯᠳᠡᠷᠵᠢᠭᠦᠯᠵᠦ᠍᠂ ᠬᠡᠷᠡᠯᠴᠢ ᠴᠡᠨᠡᠭ᠎ᠦᠨ ᠲᠥᠬᠥᠭᠡᠷᠦᠮᠵᠢ ᠢ᠋ᠢ ᠡᠭᠡᠭᠦᠯᠦᠨ ᠬᠤᠷᠢᠶᠠᠵᠤ ᠠᠱᠢᠭ᠍ᠯᠠᠬᠤ ᠣᠷᠣᠨ ᠨᠤᠲᠤᠭ ᠤ᠋ᠨ ᠪᠠᠷᠢᠮᠵᠢᠶ᠎ᠠ᠂ ᠥᠨᠳᠥᠷ ᠦᠷᠳᠡᠭᠳᠤ ᠪᠠᠷᠢᠮᠵᠢᠶ᠎ᠠ ᠢ᠋ᠢᠨ ᠱᠢᠰᠲ᠋ᠧᠮ ᠢ᠋ ᠡᠯᠰᠡᠨ ᠴᠤᠭ᠍ᠯᠠᠭᠤᠯᠵᠤ ᠨᠠᠢᠷᠠᠭᠤᠯᠤᠨ ᠵᠣᠬᠢᠶᠠᠬᠤ ᠠᠵᠢᠯ᠎ᠢ ᠵᠡᠷᠭᠡ ᠪᠡᠷ ᠥᠷᠨᠢᠭᠦᠯᠦᠨ᠎ᠡ᠃ ᠬᠠᠮᠢᠶ᠎ᠡ ᠪᠥᠬᠥᠶ ᠪᠠᠷᠢᠮᠵᠢᠶ᠎ᠠ ᠢ᠋ᠢ ᠪᠠᠢᠭᠤᠯᠵᠤ ᠳᠠᠭᠤᠰᠤᠭ᠍ᠰᠠᠨ ᠤ᠋ ᠳᠠᠷᠠᠭ᠎ᠠ᠂ ᠤᠯᠤᠰ ᠤ᠋ᠨ ᠳᠣᠲᠣᠭᠠᠳᠤ ᠢ᠋ᠢᠨ ᠰᠠᠯᠬᠢᠨ ᠬᠦᠴᠦᠨ᠎ᠢ᠋ᠢᠡᠷ ᠴᠠᠬᠢᠯᠭᠠᠨ ᠭᠠᠷᠭᠠᠬᠤ ᠲᠠᠯᠠᠪᠤᠷ᠎ᠢ ᠠᠱᠢᠭ᠍ᠯᠠᠯᠲᠠ᠎ᠠᠴᠠ ᠭᠠᠷᠭᠠᠬᠤ ᠠᠵᠢᠯ ᠳ᠋ᠤ᠌ ᠤᠯᠤᠰ ᠤ᠋ᠨ ᠲᠠᠰ ᠤ᠋ᠨ ᠨᠡᠢᠳᠡᠮ ᠬᠡᠷᠡᠭ᠌ᠯᠡᠬᠦ᠌ ᠮᠡᠷᠭᠡᠵᠢᠯ᠎ᠦᠨ ᠵᠢᠷᠤᠮᠵᠢᠯ ᠬᠠᠩᠭᠠᠵᠤ᠂ ᠤᠯᠤᠰ ᠵᠢᠴᠢ ᠣᠷᠣᠨ ᠨᠤᠲᠤᠭ ᠤ᠋ᠨ ᠬᠣᠯᠪᠣᠭ᠍ᠳᠠᠯ ᠪᠥᠬᠥᠶ ᠬᠦᠷᠢᠶᠡᠨ᠎ᠦ ᠪᠠᠷᠢᠮᠵᠢᠶ᠎ᠠ ᠢ᠋ᠢᠨ ᠬᠣᠭᠣᠰᠣᠨ᠎ᠢ ᠨᠥᠬᠥᠪᠥᠷᠢᠯᠡᠵᠦ᠍᠂ ᠬᠠᠭᠤᠯᠪᠤᠷᠢᠯᠠᠨ ᠳᠡᠯᠭᠡᠷᠡᠭᠦᠯᠵᠦ᠍ ᠪᠣᠯᠬᠤ ᠱᠢᠨ᠎ᠡ ᠡᠨᠧᠷᠭᠢ ᠢ᠋ᠢᠨ ᠡᠷᠬᠢᠯᠳᠡᠳᠤ ᠠᠵᠤ ᠠᠬᠤᠶ ᠢ᠋ᠢᠨ ᠪᠠᠷᠢᠮᠵᠢᠶ᠎ᠠ ᠢ᠋ᠢᠨ ᠱᠢᠨ᠎ᠡ ᠢ᠋ᠢ ᠡᠭᠦᠳᠬᠦ᠌ ᠵᠠᠭ᠍ᠪᠤᠷ᠎ᠢ ᠪᠣᠶ ᠪᠣᠯᠭᠠᠨ᠎ᠠ᠃

— ᠮᠡᠳᠡᠯᠭᠡ ᠢ᠋ᠢᠨ ᠥᠮᠴᠢᠯᠡᠯ᠎ᠦᠨ ᠡᠷᠬᠡ ᠢ᠋ᠢᠨ ᠬᠥᠳᠡᠯᠭᠡᠬᠦ᠌ ᠬᠦᠴᠦᠨ ᠢ᠋ ᠬᠥᠭ᠌ᠵᠢᠭᠡᠵᠦ᠍᠂ ᠠᠵᠤ ᠦᠢᠯᠡᠰ᠎ᠦᠨ ᠱᠢᠨ᠎ᠡ ᠢ᠋ᠢ ᠡᠭᠦᠳᠬᠦ᠌ ᠬᠥᠭ᠌ᠵᠢᠯᠲᠡ ᠢ᠋ᠢᠨ ᠳᠠᠪᠠᠭᠤᠯᠢᠭ᠎ᠢ ᠪᠡᠬᠢᠵᠢᠭᠦᠯᠦᠨ᠎ᠡ᠃ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠱᠢᠨ᠎ᠡ ᠡᠨᠧᠷᠭᠢ ᠢ᠋ᠢᠨ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ ᠲᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠠᠱᠢᠭ᠎ᠢ ᠤᠷᠢᠳᠴᠢᠯᠠᠨ ᠲᠦᠷᠬᠡᠨ ᠬᠢᠨᠠᠬᠤ ᠲᠤᠰᠭᠠᠶ ᠦᠶ᠋ᠯᠡᠴᠢᠯᠡᠭᠡ ᠢ᠋ᠢ ᠬᠡᠷᠡᠭ᠌ᠵᠢᠭᠦᠯᠵᠦ᠍᠂ ᠱᠢᠨ᠎ᠡ ᠡᠨᠧᠷᠭᠢ ᠢ᠋ᠢᠨ ᠬᠦᠷᠢᠶᠡᠨ᠎ᠦ ᠡᠭᠦᠳᠦᠯᠲᠡ ᠢ᠋ᠢᠨ ᠲᠤᠰᠭᠠᠶ ᠠᠱᠢᠭ᠎ᠢ ᠳᠤᠮᠳᠠᠴᠢ ᠪᠡᠷ 16 ᠰᠠᠷ᠎ᠠ ᠢ᠋ᠢᠨ ᠡᠷᠬᠡ ᠣᠯᠭᠣᠬᠤ ᠦᠶᠡᠯᠡᠯ᠎ᠦᠨ ᠬᠤᠭᠤᠴᠠᠭ᠎ᠠ ᠢ᠋ᠢ 61 ᠡᠳᠦᠷ ᠪᠣᠯᠭᠠᠨ ᠪᠤᠭᠤᠨᠢᠰᠬᠠᠪᠠ᠃ ᠣᠳᠣᠬᠠᠨ ᠳ᠋ᠤ᠌᠂ ᠥᠪᠥᠷ ᠮᠣᠩᠭᠣᠯ ᠤ᠋ᠨ ᠱᠢᠨ᠎ᠡ ᠡᠨᠧᠷᠭᠢ ᠢ᠋ᠢᠨ ᠲᠤᠰᠭᠠᠶ ᠠᠱᠢᠭ᠎ᠢ ᠤᠷᠢᠳᠴᠢᠯᠠᠨ ᠲᠦᠷᠬᠡᠨ ᠬᠢᠨᠠᠬᠤ ᠦᠶ᠋ᠯᠡᠴᠢᠯᠡᠭᠡ᠎ᠨᠢ ᠨᠢᠭᠡᠨᠲᠡ ᠤᠯᠤᠰ ᠤ᠋ᠨ ᠮᠡᠳᠡᠯᠭᠡ ᠢ᠋ᠢᠨ ᠪᠦᠲᠦᠭᠡᠭ᠌ᠳᠡᠬᠦᠨ᠎ᠦ ᠥᠮᠴᠢᠯᠡᠯ ᠤ᠋ᠨ ᠡᠷᠬᠡ ᠢ᠋ᠢᠨ ᠲᠣᠪᠴᠢᠶ᠎ᠠ ᠢ᠋ᠢᠨ ᠴᠣᠬᠣᠯᠠᠪᠤᠷᠢ ᠢ᠋ᠢ ᠣᠯᠵᠤ᠂ ᠮᠡᠳᠡᠯᠭᠡ ᠢ᠋ᠢᠨ ᠪᠦᠲᠦᠭᠡᠭ᠌ᠳᠡᠬᠦᠨ᠎ᠦ ᠥᠮᠴᠢᠯᠡᠯ ᠤ᠋ᠨ ᠡᠷᠬᠡ ᠢ᠋ᠢᠨ ᠥᠨᠳᠥᠷ ᠪᠦᠲᠦᠮᠵᠢᠲᠡᠶ᠂ ᠨᠠᠷᠢᠯᠢᠭ ᠣᠨᠣᠪᠴᠢᠲᠠᠶ᠂ ᠲᠤᠰᠭᠠᠶ ᠮᠡᠷᠭᠡᠵᠢᠯ᠎ᠦᠨ ᠪᠠᠲᠤᠯᠠᠭ᠎ᠠ ᠢ᠋ᠢᠨ ᠦᠶ᠋ᠯᠡᠴᠢᠯᠡᠭᠡ ᠬᠠᠩᠭᠠᠬᠤ ᠪᠡᠷ ᠳᠠᠮᠵᠢᠭᠤᠯᠤᠨ᠂ ᠡᠵᠡᠩᠨᠡᠯᠲᠡ ᠢ᠋ᠢᠨ ᠭᠤᠤᠯ ᠴᠣᠭ᠍ᠴᠠ ᠢ᠋ᠢᠨ 《ᠣᠶᠤᠨ ᠤ᠋ ᠠᠭᠤᠯᠤᠭ᠍ᠳᠠᠴᠠ》᠂ 《ᠪᠤᠬᠢᠷᠳᠤᠯ ᠦᠬᠡᠢ ᠠᠭᠤᠯᠤᠭ᠍ᠳᠠᠴᠠ》᠂ 《ᠦᠷᠳᠡᠭ ᠤ᠋ᠨ ᠠᠭᠤᠯᠤᠭ᠍ᠳᠠᠴᠠ》 ᠢ᠋ᠢ ᠵᠡᠷᠭᠡ᠎ᠪᠡᠷ ᠳᠡᠭᠡᠭ᠌ᠰᠢᠯᠡᠭᠦᠯᠬᠦ᠌ ᠢ᠋ᠢ ᠠᠬᠢᠭᠤᠯᠤᠨ᠎ᠡ᠃

— 《ᠦᠪᠤᠷ ᠮᠤᠨᠭᠭᠤᠯ ᠨᠡᠷᠡᠮᠵᠢᠳᠤ》 ᠲᠦᠷᠦᠯ ᠲᠡᠮᠳᠡᠭᠳᠤ ᠢ᠋ᠢᠨ ᠪᠦᠲᠦᠭᠡᠨ ᠪᠠᠢᠭᠤᠯᠤᠯᠲᠠ ᠢ᠋ᠢ ᠭᠦᠨᠵᠡᠭᠡᠢᠷᠡᠭᠦᠯᠵᠦ᠍᠂ ᠥᠪᠥᠷ ᠮᠣᠩᠭᠣᠯ ᠤ᠋ᠨ ᠠᠵᠤ ᠦᠢᠯᠡᠰ᠎ᠦᠨ ᠬᠥᠭ᠌ᠵᠢᠯᠲᠡ ᠢ᠋ᠢᠨ ᠨᠡᠷ᠎ᠡ ᠢ᠋ᠢᠨ ᠬᠠᠭᠤᠳᠠᠰᠤ ᠢ᠋ᠢ ᠪᠤᠢ ᠪᠣᠯᠭᠠᠨ᠎ᠠ᠃ ᠥᠪᠥᠷ ᠮᠣᠩᠭᠣᠯ ᠤ᠋ᠨ ᠣᠷᠣᠨ ᠪᠦᠰᠡ ᠢ᠋ᠢᠨ ᠨᠡᠢᠲᠡ ᠢ᠋ᠢᠨ ᠬᠡᠷᠡᠭ᠌ᠯᠡᠭᠡᠨ᠎ᠦ ᠲᠥᠷᠥᠯ ᠲᠡᠮᠳᠡᠭᠳᠤ ᠪᠣᠯᠤᠭ᠍ᠰᠠᠨ ᠤ᠋ ᠬᠤᠪᠢ ᠳ᠋ᠤ᠌᠂ 《ᠥᠪᠥᠷ ᠮᠣᠩᠭᠣᠯ ᠨᠡᠷᠡᠮᠵᠢᠳᠤ》 ᠲᠦᠷᠦᠯ ᠲᠡᠮᠳᠡᠭᠳᠤ ᠨᠢ ᠮᠠᠯ ᠠᠵᠤ ᠠᠬᠤᠶ ᠲᠠᠷᠢᠶᠠᠯᠠᠨᠭ᠌ ᠤ᠋ᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠢ᠋ᠢ ᠳᠠᠢᠴᠢᠯᠠᠬᠤ ᠪᠡᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠠᠵᠤ ᠦᠶ᠋ᠯᠡᠰ᠎ᠦᠨ ᠰᠠᠭᠤᠷᠢ ᠢ᠋ᠢ ᠪᠡᠬᠢᠵᠢᠭᠦᠯᠬᠦ᠌᠂ ᠭᠠᠳᠠᠭᠠᠳᠤ ᠨᠡᠭᠡᠭᠡᠯᠲᠡ ᠢ᠋ᠢᠨ ᠲᠠᠰ ᠳᠠᠪᠬᠤᠷᠭ᠎ᠠ ᠢ᠋ᠢ ᠳᠡᠭᠡᠭ᠌ᠰᠢᠯᠡᠭᠦᠯᠬᠦ᠌᠂ ᠣᠷᠣᠨ ᠪᠦᠰᠡ ᠢ᠋ᠢᠨ ᠥᠷᠢᠰᠥᠯᠳᠦᠭᠡᠨ᠎ᠦ ᠳᠠᠪᠠᠭᠤᠯᠢᠭ᠎ᠢ ᠪᠣᠶ ᠪᠣᠯᠭᠠᠬᠤ ᠴᠢᠬᠤᠯᠠ ᠠᠴᠢᠶᠠᠯᠠᠪᠤᠷᠢ ᠪᠤᠯᠬᠤ ᠶᠤᠮ᠃ ᠡᠨᠡ ᠵᠢᠯ ᠥᠪᠥᠷ ᠮᠣᠩᠭᠣᠯ 《ᠦᠪᠤᠷ ᠮᠤᠨᠭᠭᠤᠯ ᠨᠡᠷᠡᠮᠵᠢᠳᠤ》 ᠲᠦᠷᠦᠯ ᠲᠡᠮᠳᠡᠭᠳᠤ ᠢ᠋ᠢᠨ ᠭᠡᠷᠡᠴᠢᠯᠡᠯ ᠤ᠋ᠨ ᠠᠵᠤ ᠠᠬᠤᠢᠯᠠᠯ᠎ᠢ 30᠎ᠡᠴᠡ ᠳᠡᠭᠡᠭ᠌ᠰᠢ ᠱᠢᠨ᠎ᠡ᠎ᠪᠡᠷ ᠨᠡᠮᠡᠭ᠌ᠳᠡᠭᠦᠯᠬᠦ᠌᠎ᠪᠡᠷ ᠲᠥᠯᠥᠪᠯᠡᠵᠦ᠍᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠢ᠋ᠢᠨ ᠣᠷᠣᠨ ᠤ᠋ ᠲᠤᠳᠤᠷᠡᠬᠢ ᠨᠥᠬᠥᠴᠡᠯ᠎ᠳᠦ ᠨᠡᠢᠴᠡᠬᠦ᠌ ᠠᠵᠤ ᠠᠬᠤᠢᠯᠠᠯ᠎ᠢ ᠪᠣᠢᠵᠢᠭᠤᠯᠬᠤ ᠬᠥᠮᠥᠷᠭᠡ᠎ᠳᠦ ᠨᠢᠭᠡᠳᠦᠯᠲᠡᠶ ᠣᠷᠣᠭᠤᠯᠤᠨ᠎ᠠ᠃ ᠯᠢ ᠳ᠋ᠦᠩ᠄ 《ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠢ᠋ᠢᠨ ᠰᠠᠯᠠᠭ᠎ᠠ ᠮᠥᠴᠢᠷ᠎ᠤᠨ ᠬᠢᠨ ᠲᠦᠷᠢᠮ᠎ᠦᠨ ᠱᠢᠨ᠎ᠡ ᠢ᠋ᠢ ᠡᠭᠦᠳᠬᠦ᠌ ᠢ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠶ᠋ᠯᠡᠴᠢᠯᠡᠭᠡᠨ᠎ᠦ ᠬᠠᠩᠭᠠᠯᠭ᠎ᠠ ᠢ᠋ᠢ ᠱᠢᠯᠢᠳᠡᠭ᠌ᠵᠢᠭᠦᠯᠵᠦ᠍᠂ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠨᠡᠭᠡᠭᠡᠯᠲᠡ ᠢ᠋ᠢ ᠥᠷᠭᠡᠳᠭᠡᠬᠦ᠌ ᠬᠣᠶᠠᠷ ᠶᠡᠬᠡ ᠭᠤᠤᠯᠳᠠᠯᠭ᠎ᠠ ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ ᠢ᠋ᠢᠨ ᠠᠱᠢᠭ᠎ᠢ ᠦᠷᠭᠦᠯᠵᠢᠯᠡᠨ ᠪᠠᠳᠠᠷᠠᠭᠤᠯᠵᠤ᠂ ᠣᠷᠣᠨ ᠪᠦᠰᠡ ᠢ᠋ᠢᠨ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠢ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ》 ᠬᠡᠵᠤ ᠲᠠᠷᠠᠭᠠᠴᠢ ᠢ᠋ᠢᠨ ᠠᠵᠢᠯ ᠢ᠋ᠢᠡᠨ ᠲᠠᠨᠢᠯᠴᠠᠭᠤᠯᠤᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号