ᠯᠢ ᠴᠢᠶᠠᠩ ᠪᠣᠯᠤᠨ ᠶᠧᠵᠢᠫᠲ᠎ᠦᠨ ᠶᠡᠷᠦᠩᠬᠡᠢ ᠰᠠᠢᠳ ᠮᠠᠳ᠋ᠸᠪᠦ᠋ᠯᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠠᠢ
5 ᠰᠠᠷ᠎ᠠ᠎ᠶ᠋ᠢᠨ 30 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠣᠯᠤᠨ ᠶᠧᠵᠢᠫᠲ᠎ᠦᠨ ᠶᠡᠷᠦᠩᠬᠡᠢᠯᠡᠭ᠌ᠴᠢ ᠰᠠᠢ᠌ᠰᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠤᠢ᠎ᠶ᠋ᠢ ᠪᠡᠯᠭᠡᠯᠡᠪᠡ᠃
ᠰᠢ ᠵᠢᠨ ᠫᠢᠩ᠂ ᠶᠧᠵᠢᠫᠲ ᠪᠣᠯ ᠬᠠᠮᠤᠭ᠎ᠤᠨ ᠡᠷᠲᠡ ᠱᠢᠨ᠎ᠡ ᠳᠤᠮᠳᠠᠳᠤ ᠤᠯᠤᠰ᠎ᠲᠠᠶ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠠᠷᠠᠪ ᠪᠣᠯᠤᠨ ᠠᠹᠷᠢᠺᠠ ᠲᠢᠪ᠎ᠦᠨ ᠤᠯᠤᠰ ᠪᠣᠯᠤᠨ᠎ᠠ᠃ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠲᠤᠷᠰᠢ᠂ ᠳᠡᠯᠡᠬᠡᠢ᠎ᠶ᠋ᠢᠨ ᠪᠠ ᠭᠠᠵᠠᠷ ᠣᠷᠣᠨ᠎ᠤ ᠪᠠᠢᠳᠠᠯ ᠶᠠᠭᠠᠬᠢᠵᠤ ᠬᠤᠪᠢᠷᠠᠭ᠍ᠰᠠᠨ ᠴᠤ᠌᠂ ᠬᠣᠶᠠᠷ ᠤᠯᠤᠰ᠎ᠢᠶᠠᠷ᠎ᠢᠶᠠᠨ ᠢᠮᠠᠭ᠍ᠲᠠ ᠬᠠᠷᠢᠯᠴᠠᠨ ᠬᠦᠨᠳᠦᠳᠭᠡᠵᠦ᠍᠂ ᠡᠷᠬᠡ ᠲᠡᠭ᠌ᠰᠢ᠎ᠪᠡᠷ ᠬᠠᠨᠳᠤᠯᠴᠠᠵᠤ᠂ ᠬᠠᠷᠢᠯᠴᠠᠨ ᠢᠲᠡᠭᠡᠯᠴᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠤᠮᠳᠠᠳᠤ ᠶᠧᠵᠢᠫᠲ᠎ᠦᠨ ᠬᠠᠷᠢᠯᠴᠠᠭ᠎ᠠ ᠨᠢᠭᠡᠨᠲᠡ ᠬᠥᠭ᠌ᠵᠢᠵᠦ᠍ ᠪᠠᠢᠭ᠎ᠠ ᠤᠯᠤᠰ᠎ᠤᠳ᠎ᠤᠨ ᠨᠥᠬᠥᠷᠰᠡᠭ᠎ᠢᠶᠡᠷ ᠶᠠᠪᠤᠯᠴᠠᠬᠤ᠂ ᠪᠦᠯᠬᠦᠮᠳᠡᠨ ᠬᠠᠮᠵᠢᠯᠴᠠᠬᠤ ᠬᠡᠪ ᠳᠠᠭᠤᠷᠢᠶᠠᠯ ᠪᠠ ᠳᠤᠮᠳᠠᠳᠤ ᠠᠷᠠᠪ᠂ ᠳᠤᠮᠳᠠᠳᠤ ᠠᠹᠷᠢᠺᠠ᠎ᠶ᠋ᠢᠨ ᠬᠠᠮᠲᠤ᠎ᠶ᠋ᠢᠨ ᠬᠠᠮᠲᠤᠷᠠᠯᠴᠠᠭᠠᠨ᠎ᠤ ᠦᠯᠢᠭᠡᠷ ᠳᠠᠭᠤᠷᠢᠶᠠᠯ ᠪᠤᠯᠵᠤ᠂ ᠱᠢᠨ᠎ᠡ ᠴᠠᠭ ᠦᠶ᠎ᠡ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠬᠠᠷᠠᠯᠲᠠ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠵᠤ ᠪᠠᠢᠨ᠎ᠠ᠃ ᠳᠤᠮᠳᠠᠳᠤ ᠶᠧᠵᠢᠫᠲ ᠬᠣᠶᠠᠷ ᠤᠯᠤᠰ ᠴᠥᠮ ᠳᠡᠯᠡᠬᠡᠢ᠎ᠶ᠋ᠢᠨ ᠡᠷᠲᠡᠨ᠎ᠦ ᠪᠣᠯᠪᠠᠰᠤᠨ ᠤᠯᠤᠰ ᠪᠠ ᠪᠦᠬᠦ᠌ ᠪᠥᠮᠪᠥᠷᠴᠡᠭ᠎ᠦᠨ ᠬᠥᠭ᠌ᠵᠢᠵᠦ᠍ ᠪᠠᠢᠭ᠎ᠠ ᠤᠯᠤᠰ᠎ᠤᠳ᠎ᠤᠨ ᠴᠢᠬᠤᠯᠠ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠲᠡᠦᠬᠡ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠡᠩᠬᠡ ᠲᠠᠢᠪᠤᠩ᠎ᠢ ᠡᠷᠢᠯᠬᠢᠯᠡᠬᠦ᠌᠂ ᠬᠥᠭ᠌ᠵᠢᠯᠲᠡ᠎ᠶ᠋ᠢ ᠡᠷᠢᠯᠬᠢᠯᠡᠬᠦ᠌᠂ ᠬᠠᠮᠲᠤᠷᠠᠯᠴᠠᠭ᠎ᠠ᠎ᠶ᠋ᠢ ᠠᠬᠢᠭᠤᠯᠬᠤ᠂ ᠱᠢᠳᠤᠷᠭᠤ ᠶᠣᠰᠣ᠎ᠶ᠋ᠢ ᠮᠠᠨᠳᠤᠭᠤᠯᠬᠤ ᠴᠠᠭ ᠦᠶ᠎ᠡ᠎ᠶ᠋ᠢᠨ ᠡᠭᠦᠷᠭᠡ᠎ᠶ᠋ᠢ ᠡᠭᠦᠷᠭᠡᠯᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠶ᠎ᠠ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠪᠢ ᠳᠤᠮᠳᠠᠳᠤ ᠶᠧᠵᠢᠫᠲ᠎ᠦᠨ ᠬᠠᠷᠢᠯᠴᠠᠭᠠᠨ᠎ᠤ ᠬᠥᠭ᠌ᠵᠢᠯᠲᠡ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭ᠌ᠴᠢ ᠰᠠᠢ᠌ᠰᠢ ᠳᠠᠢ ᠬᠠᠮᠲᠤ᠎ᠪᠠᠷ ᠴᠢᠷᠮᠠᠢᠵᠤ᠂ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ᠎ᠦᠨ ᠤᠢ᠎ᠪᠠᠷ ᠱᠢᠨ᠎ᠡ ᠭᠠᠷᠤᠭ᠎ᠠ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠡᠯ᠎ᠡ ᠬᠦᠷᠢᠶᠡᠨ᠎ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠶᠧᠵᠢᠫᠲ᠎ᠦᠨ ᠬᠠᠷᠢᠯᠴᠠᠭ᠎ᠠ᠎ᠶ᠋ᠢ ᠨᠡᠩ ᠶᠡᠬᠡ ᠪᠠᠢᠯᠳᠤᠬᠤ ᠪᠤᠳᠤᠯᠭ᠎ᠠ᠎ᠶ᠋ᠢᠨ ᠬᠦᠳᠦᠯᠥᠨ ᠳᠠᠭᠠᠭᠤᠯᠬᠤ ᠬᠦᠴᠦᠨ᠎ᠲᠡᠶ᠂ ᠬᠥᠭ᠌ᠵᠢᠯᠲᠡ᠎ᠶ᠋ᠢᠨ ᠬᠠᠮᠲᠤᠷᠠᠯ ᠬᠦᠴᠦᠨ ᠲᠠᠢ᠂ ᠳᠡᠯᠡᠬᠡᠢᠳ᠋ᠡᠬᠢᠨ ᠳ᠋ᠤ ᠨᠥᠯᠥᠭᠡᠯᠡᠬᠦ᠌ ᠬᠦᠴᠦᠨ ᠲᠠᠢ ᠪᠤᠯᠭᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠠᠱᠢᠭ ᠬᠦᠷᠲᠡᠭᠡᠵᠦ᠍᠂ ᠳᠡᠯᠡᠬᠡᠢ᠎ᠶ᠋ᠢᠨ ᠪᠠ ᠭᠠᠵᠠᠷ ᠣᠷᠣᠨ᠎ᠤ ᠡᠩᠬᠡ ᠲᠠᠢᠪᠤᠩ ᠬᠥᠭ᠌ᠵᠢᠯᠲᠡ᠎ᠳᠦ ᠨᠡᠩ ᠶᠡᠬᠡ ᠬᠦᠴᠦᠨ ᠨᠡᠮᠡᠷᠢᠯᠡᠨ᠎ᠡ ᠭᠡᠵᠦ᠍ ᠴᠢᠬᠤᠯᠠᠴᠢᠯᠠᠪᠠ᠃
ᠰᠠᠢ᠌ᠰᠢ᠂ ᠶᠧᠵᠢᠫᠲ ᠳᠤᠮᠳᠠᠳᠤ ᠬᠣᠶᠠᠷ ᠤᠯᠤᠰ ᠡᠯ᠎ᠡ ᠲᠡᠦᠬᠡᠨ ᠴᠠᠭ ᠦᠶ᠎ᠡ᠎ᠳᠦ ᠪᠦᠷ ᠮᠥᠷᠥ᠍ ᠵᠡᠷᠭᠡᠴᠡᠨ ᠬᠠᠮᠲᠤ ᠵᠣᠭ᠍ᠰᠣᠪᠠ᠃ 70 ᠵᠢᠯ ᠦᠨ ᠲᠤᠷᠰᠢ᠂ ᠬᠣᠶᠠᠷ ᠤᠯᠤᠰ ᠤᠨ ᠤᠳᠤᠷᠢᠳᠭᠤ ᠬᠥᠮᠦᠰ ᠤ᠋ᠨ ᠬᠠᠮᠲᠤ ᠶ᠋ᠢᠨ ᠳᠠᠭᠠᠭᠤᠯᠭ᠎ᠠ ᠪᠠᠷ ᠶᠧᠵᠢᠫᠲ ᠳᠤᠮᠳᠠᠳᠤ ᠶ᠋ᠢᠨ ᠬᠠᠷᠢᠯᠴᠠᠭ᠎ᠠ ᠦᠷᠭᠦᠯᠵᠢᠯᠡᠨ ᠬᠥᠭ᠌ᠵᠢᠪᠡ᠃ ᠪᠢ ᠶᠧᠵᠢᠫᠲ ᠳᠤᠮᠳᠠᠳᠤ ᠶ᠋ᠢᠨ ᠬᠠᠷᠢᠯᠴᠠᠭ᠎ᠠ ᠶ᠋ᠢᠨ ᠣᠯᠤᠭ᠍ᠰᠠᠨ ᠴᠢᠬᠤᠯᠠ ᠠᠮᠵᠢᠯᠲᠠ ᠶ᠋ᠢ ᠮᠠᠭ᠍ᠲᠠᠨ ᠰᠠᠢᠱᠢᠶᠠᠵᠤ ᠪᠠᠢᠨ᠎ᠠ᠂ ᠲᠡᠷᠢᠭᠦᠯᠡᠭ᠌ᠴᠢ ᠰᠢ ᠵᠢᠨ ᠫᠢᠩ ᠲᠡᠶ ᠬᠠᠮᠲᠤ ᠪᠠᠷ᠂ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢᠨ ᠨᠡᠩ ᠡᠯᠪᠡᠭ ᠪᠠᠶᠠᠯᠢᠭ ᠦᠷ᠎ᠡ ᠪᠦᠲᠦᠭᠡᠯ ᠤᠯᠬᠤ᠎ᠶ᠋ᠢ ᠦᠷᠭᠦᠯᠵᠢᠯᠡᠨ ᠠᠬᠢᠭᠤᠯᠵᠤ᠂ ᠪᠦᠬᠦ᠌ ᠪᠥᠮᠪᠥᠷᠴᠡᠭ᠎ᠦᠨ ᠥᠷᠢᠰᠥᠯᠳᠦᠭᠡᠨ᠎ᠢ ᠠᠷᠭᠠᠴᠠᠭᠠᠬᠤ ᠳ᠋ᠤ ᠨᠡᠩ ᠲᠣᠭ᠍ᠲᠠᠭᠤᠨ᠂ ᠨᠡᠩ ᠴᠢᠳᠠᠪᠤᠷᠢ᠎ᠲᠠᠶ ᠤᠯᠠᠨ ᠲᠤᠢ᠌ᠯ᠎ᠲᠤ ᠳᠡᠯᠡᠬᠡᠢ ᠶᠢᠷᠲᠢᠨᠴᠦ᠍᠎ᠶ᠋ᠢ ᠬᠠᠮᠲᠤ᠎ᠪᠠᠷ ᠪᠦᠳᠦᠭᠡᠨ ᠪᠠᠢᠭᠤᠯᠵᠤ᠂ ᠡᠯ᠎ᠡ ᠤᠯᠤᠰ᠎ᠲᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠵᠦ᠍᠂ ᠡᠩᠭᠡ ᠲᠠᠢᠪᠤᠩ ᠪᠣᠯᠤᠨ ᠠᠮᠤᠷ ᠲᠦᠪᠱᠢᠨ᠎ᠢ ᠬᠠᠮᠲᠤ᠎ᠪᠠᠷ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃
ᠲᠤᠰ ᠡᠳᠦᠷ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠪᠣᠯᠤᠨ ᠶᠧᠵᠢᠫᠲ᠎ᠦᠨ ᠶᠡᠷᠦᠩᠬᠡᠢ ᠰᠠᠢᠳ ᠮᠠᠳ᠋ᠸᠪᠦᠢ᠍ᠯᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠶᠧᠵᠢᠫᠲᠦᠨᠬᠢᠨᠲᠡᠶ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠲᠡᠷᠢᠭᠦᠨ᠎ᠦ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠶ ᠪᠥᠲᠥᠭᠡᠨ ᠪᠠᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠡᠯ᠎ᠡ ᠬᠦᠷᠢᠶᠡᠨ᠎ᠳᠡᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠨᠢᠭ᠍ᠲᠠᠷᠠᠭᠤᠯᠵᠤ᠂ ᠳᠤᠮᠳᠠᠳᠤ ᠶᠧᠵᠢᠫᠲ᠎ᠦᠨ ᠪᠥᠬᠥ᠌ ᠲᠠᠯ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠲᠠ ᠥᠬᠡᠶ ᠬᠥᠭ᠌ᠵᠢᠬᠦ᠌᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠠᠩ ᠰᠠᠢᠳᠤᠷ ᠪᠤᠶᠠᠨ ᠦᠶ᠋ᠯᠡᠳᠦᠨ᠎ᠡ ᠭᠡᠵᠦ᠍ ᠢᠯᠡᠳᠭᠡᠪᠡ᠃
ᠮᠠᠳ᠋ᠸᠪᠦ᠋ᠯᠢ᠂ 70 ᠵᠢᠯ᠎ᠦᠨ ᠲᠤᠷᠰᠢ᠂ ᠶᠧᠵᠢᠫᠲ ᠳᠤᠮᠳᠠᠳᠤ᠎ᠶ᠋ᠢᠨ ᠬᠠᠷᠢᠯᠴᠠᠭ᠎ᠠ ᠲᠦᠷᠭᠡᠨ ᠬᠥᠭ᠌ᠵᠢᠵᠦ᠍᠂ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ ᠤᠷᠢᠳ ᠡᠮᠦᠨ᠎ᠡ ᠪᠠᠢᠭ᠎ᠠ ᠦᠭᠡᠢ ᠦᠷ᠎ᠡ ᠪᠦᠲᠦᠭᠡᠯ ᠤᠯᠪᠠ᠃ ᠶᠧᠵᠢᠫᠲ᠎ᠦᠨ ᠬᠢᠨ ᠳᠤᠮᠳᠠᠳᠤ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠠᠵᠤ ᠠᠬᠤᠢ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ᠎ᠳᠦ ᠨᠡᠩ ᠤᠯᠠᠨ ᠠᠮᠵᠢᠯᠲᠠ ᠣᠯᠵᠤ᠂ ᠨᠥᠬᠥᠷᠰᠡᠭ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠌᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 30᠎ᠤ᠋ ᠴᠠᠬᠢᠯᠭᠠᠨ ᠮᠡᠳᠡᠭᠡ)