ᠥᠪᠥᠷ ᠮᠣᠩᠭᠣᠯ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》 ᠶ᠋ᠢᠨ ᠠᠵᠢᠯᠯᠠᠭ᠎ᠠ ᠵᠢ ᠬᠦᠨᠵᠡᠬᠡᠢ ᠥᠷᠨᠢᠭᠦᠯᠵᠤ ᠪᠤᠢ
2026-05-31 11:37:14
ᠵᠣᠬᠢᠶᠠᠭ᠍ᠴᠢ᠄
ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

ᠬᠦᠮᠦᠰ᠎ᠤᠨ ᠰᠡᠳᠬᠢᠯ᠎ᠢ ᠲᠤᠯᠠᠭᠠᠴᠠᠭᠤᠯᠵᠤ ᠤᠯᠠᠨ ᠲᠦᠮᠡᠨ ᠲᠠᠢ ᠤᠢᠷᠠᠳᠤᠭᠤᠯᠤᠨ ᠪᠤᠳᠠᠳᠤ ᠦᠷ᠎ᠠ ᠪᠦᠲᠦᠮᠵᠢ ᠤᠯᠪᠠ


5 ᠰᠠᠷ᠎ᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠵᠢᠨ ᠤᠬᠠᠭᠤᠯᠭ᠎ᠠ ᠵᠢᠨ ᠰᠠᠷ᠎ᠠ》 ᠮᠦᠨ᠂ 5 ᠰᠠᠷ᠎ᠠ᠎ᠶ᠋ᠢᠨ 25 ᠤ᠋ ᠡᠳᠦᠷ᠎ᠡᠴᠡ 31 ᠤ᠋ ᠡᠳᠦᠷ ᠪᠤᠯᠳᠠᠯᠡᠬᠢ ᠨᠢᠬᠡ ᠭᠠᠷᠠᠭ ᠪᠣᠯ 《ᠦᠨᠳᠦᠰᠦᠲᠡᠨ᠎ᠦ ᠬᠠᠤᠯᠢ᠎ᠪᠠᠷ ᠵᠠᠰᠠᠬᠤ᠎ᠤᠬᠠᠭᠤᠯᠭ᠎ᠠ ᠵᠢᠨ ᠭᠠᠷᠠᠭ》 ᠮᠦᠨ᠃

ᠣᠢᠷ᠎ᠠ᠎ᠶ᠋ᠢᠨ ᠡᠳᠦᠷ᠎ᠦᠳ᠎ᠲᠦ᠂ ᠪᠥᠬᠥ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠬᠤ》 ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠦ ᠣᠨᠣᠯ᠎ᠤᠨ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠤᠨ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 (ᠳᠣᠷᠣᠭ᠍ᠰᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ ᠭᠡᠵᠦ᠍ ᠳᠦᠭᠦᠮᠴᠢᠯᠡᠨ᠎ᠠ)᠎ᠶ᠋ᠢ ᠰᠤᠷᠤᠯᠴᠠᠨ ᠤᠬᠠᠭᠤᠯᠬᠤ ᠠᠵᠢᠯᠯᠠᠭ᠎ᠠ᠎ᠶ᠋ᠢ ᠥᠷᠭᠡᠨ᠎ᠢᠶᠡᠷ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠪᠠ ᠬᠠᠤᠯᠢ᠎ᠪᠠᠷ ᠵᠠᠰᠠᠬᠤ ᠮᠡᠳᠡᠯᠭᠡ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶ᠋ᠢ ᠪᠡᠬᠢᠵᠢᠭᠦᠯᠪᠠ᠃

ᠬᠡᠯᠪᠡᠷᠢ ᠪᠠ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍ ᠤᠬᠠᠭᠤᠯᠭ᠎ᠠ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ 《ᠠᠨᠠᠷ᠎ᠤᠨ ᠬᠡᠯᠬᠢᠶ᠎ᠠ》 ᠲᠣᠭᠠᠴᠢᠯᠠᠭ᠍ᠰᠠᠨ ᠦᠵᠡᠭᠦᠯᠭᠡ᠎ᠶ᠋ᠢᠨ ᠲᠢᠩᠬᠢᠮ᠎ᠳᠦ ᠠᠯᠬᠤᠨ ᠣᠷᠣᠬᠤ᠎ᠳᠤ᠂ ᠵᠣᠬᠢᠶᠠᠮᠠᠯ ᠤᠶᠤᠨ ᠴᠢᠳᠠᠪᠤᠷᠢ ᠵᠢᠨ ᠲᠣᠭᠠᠴᠢᠯᠠᠭ᠍ᠰᠠᠨ ᠬᠥᠮᠦᠨ 《ᠠᠨᠠᠷ᠎ᠤᠨ ᠦᠷ᠎ᠠ》 ᠲᠠᠢᠯᠪᠤᠷᠢᠯᠠᠭ᠍ᠴᠢ ᠸᠢᠳᠢᠣ᠋ ᠬᠡᠯᠪᠡᠷᠢ᠎ᠪᠡᠷ ᠢᠯᠡᠷᠡᠵᠤ᠂ ᠬᠠᠤᠯᠢ ᠵᠢᠨ ᠵᠦᠢᠯ ᠵᠤᠷᠪᠤᠰ ᠨᠢᠭᠡ ᠪᠦᠷᠢ᠎ᠶ᠋ᠢ ᠣᠨᠣᠪᠴᠢᠲᠠᠶ ᠵᠠᠳᠠᠯᠤᠨ ᠲᠠᠢᠯᠪᠤᠷᠢᠯᠠᠨ᠎ᠠ;  ᠡᠯᠧᠺᠲ᠋ᠷᠣᠨ ᠨᠣᠮ᠎ᠤᠨ ᠳᠡᠯᠭᠡᠴᠡ᠎ᠶ᠋ᠢ ᠲᠣᠶᠢᠪᠠᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ ᠳᠠᠷᠤᠶ ᠭᠠᠷ᠎ᠤᠨ ᠠᠶ᠎ᠠ᠎ᠪᠠᠷ ᠤᠷᠪᠠᠭᠤᠯᠵᠤ ᠦᠵᠡᠵᠦ᠍ ᠪᠣᠯᠬᠤ᠂ ᠣᠶᠤᠨᠴᠢ᠎ᠪᠠᠷ ᠡᠷᠢᠵᠦ᠍ ᠪᠣᠯᠬᠤ ᠲᠣᠭᠠᠴᠢᠯᠠᠭ᠍ᠰᠠᠨ ᠪᠢᠴᠢᠭ ᠪᠣᠯᠵᠣ ᠬᠤᠪᠢᠷᠠᠨ᠎ᠠ; VR ᠲᠡᠯᠭᠡᠴᠡᠳᠤ ᠪᠠᠭ᠎ᠢ ᠵᠡᠭᠦᠪᠡᠯ᠂ ᠲᠣᠭᠣᠷᠢᠨ ᠦᠵᠡᠭ᠌ᠴᠢ ᠦᠨᠳᠦᠰᠦᠲᠡᠨ᠎ᠨᠦᠭᠦᠳ᠎ᠦᠨ ᠬᠠᠮᠲᠤ᠎ᠪᠠᠷ ᠣᠷᠣᠱᠢᠨ ᠰᠠᠭᠤᠵᠤ ᠬᠠᠮᠲᠤ᠎ᠪᠠᠷ ᠪᠠᠶᠠᠰᠤᠯ ᠲᠠᠢ ᠠᠮᠢᠳᠤᠷᠠᠵᠤ ᠪᠠᠢᠬᠤ ᠵᠤᠬᠢᠶᠠᠮᠠᠯ ᠨᠡᠢᠭᠡᠮ ᠲᠣᠭᠣᠷᠢᠭ ᠲᠤ᠌ ᠬᠦᠷᠴᠤ᠂ ᠦᠯᠢᠭᠡᠷ ᠬᠦᠦᠷᠨᠢᠬᠦ ᠳᠤᠮᠳᠠ ᠦᠨᠳᠦᠰᠦᠲᠡᠨ᠎ᠦ ᠪᠦᠯᠬᠦᠮᠳᠡᠯ᠎ᠦᠨ ᠬᠦᠴᠦᠨ᠎ᠢ ᠮᠡᠳᠡᠷᠡᠵᠦ᠍ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠰᠦᠯᠵᠢᠶ᠎ᠠ ᠪᠠ ᠪᠤᠳᠠᠳᠤ ᠴᠤᠭᠴᠠ ᠵᠢ ᠭᠦᠨᠵᠡᠭᠡᠶ ᠠᠭᠤᠰᠤᠯᠴᠠᠭᠤᠯᠤᠭ᠍ᠰᠠᠨ 《ᠠᠨᠠᠷ᠎ᠤᠨ ᠬᠡᠯᠬᠢᠶ᠎ᠠ》 ᠲᠣᠭᠠᠴᠢᠯᠠᠭ᠍ᠰᠠᠨ ᠦᠵᠡᠭᠦᠯᠭᠡ᠎ᠶ᠋ᠢᠨ ᠲᠢᠩᠬᠢᠮ᠎ᠢ ᠱᠢᠨ᠎ᠡ᠎ᠪᠡᠷ ᠡᠭᠦᠳᠦᠨ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠪᠥᠬᠥ᠌ ᠠᠭᠤᠯᠭ᠎ᠠ᠎ᠶ᠋ᠢ ᠪᠦᠬᠦ ᠦᠵᠡᠮᠵᠢ ᠪᠡᠷ ᠢᠯᠡᠷᠡᠭᠦᠯᠦᠭ᠌ᠰᠡᠨ ᠪᠥᠭᠡᠳ ᠪᠣᠳᠠᠲᠤ ᠴᠣᠭ᠍ᠴᠠ᠎ᠶ᠋ᠢᠨ ᠦᠵᠡᠭᠦᠯᠭᠡ᠎ᠶ᠋ᠢᠨ ᠲᠢᠩᠬᠢᠮ᠎ᠢ ᠡᠭᠦᠯᠡᠨ ᠲᠠᠪᠴᠠᠩ᠎ᠳᠤ ᠤᠷᠤᠭᠤᠯᠵᠤ᠂ ᠴᠠᠭ ᠬᠤᠭᠤᠴᠠᠭ᠎ᠠ ᠪᠠ ᠣᠷᠣᠨ ᠵᠠᠶ᠎ᠶ᠋ᠢᠨ ᠬᠢᠵᠠᠭᠠᠷᠯᠠᠯ᠎ᠢ ᠡᠪᠳᠡᠵᠦ᠍᠂ ᠪᠥᠬᠥ᠌ ᠴᠠᠭ ᠮᠦᠴᠡ ᠵᠢᠨ᠂ ᠥᠷᠭᠡᠨ ᠵᠢᠡᠷ ᠬᠠᠮᠤᠷᠤᠭᠰᠠᠨ ᠬᠠᠤᠯᠢ ᠪᠡᠷ ᠵᠠᠰᠠᠬᠤ ᠬᠥᠮᠦᠵᠢᠯ᠎ᠦᠨ ᠣᠷᠣᠨ ᠵᠠᠶ᠎ᠶ᠋ᠢ ᠪᠠᠢᠭᠤᠯᠵᠤ᠂ ᠦᠵᠡᠭᠦᠯᠭᠡ᠎ᠶ᠋ᠢᠨ ᠲᠢᠩᠬᠢᠮ᠎ᠢ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠰᠤᠷᠤᠯᠴᠠᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠪᠠ᠃

《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》᠎ᠶ᠋ᠢᠨ ᠬᠤᠭᠤᠴᠠᠭᠠᠨ᠎ᠳᠤ᠂ ᠪᠥᠬᠥ᠌ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠡᠯᠪᠡᠷᠢ ᠪᠠ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ + ᠬᠠᠤᠯᠢ᠎ᠪᠠᠷ ᠵᠠᠰᠠᠬᠤ + ᠰᠣᠶᠣᠯ》 ᠢ᠋ ᠠᠭᠤᠰᠤᠯᠴᠠᠭᠤᠯᠬᠤ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠨ᠂ ᠨᠠᠮ᠎ᠤᠨ ᠦᠨᠳᠦᠰᠦᠲᠡᠨ᠎ᠦ ᠣᠨᠣᠯ᠎ᠤᠨ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠤᠨ ᠤᠬᠠᠭᠤᠯᠭ᠎ᠠ᠎ᠶ᠋ᠢ ᠤᠳᠭ᠎ᠠ ᠤᠷᠠᠯᠢᠭ᠎ᠤᠨ ᠲᠣᠭ᠍ᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠱᠢᠨᠵᠢᠯᠡᠬᠦ᠌ ᠤᠬᠠᠭᠠᠨ ᠤ᠋ ᠮᠡᠳᠡᠯᠭᠡ ᠵᠢ ᠲᠦᠭᠡᠮᠡᠯᠵᠢᠭᠦᠯᠬᠦ᠌ ᠤᠬᠠᠭᠤᠯᠭ᠎ᠠ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠡᠷᠭᠡ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠠᠵᠢᠯᠯᠠᠭ᠎ᠠ᠎ᠳᠤ ᠠᠭᠤᠰᠬᠠᠪᠠ᠃

ᠡᠷᠢᠶᠡᠨ ᠬᠣᠲᠠ ᠵᠢᠨ ᠬᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠢᠯᠢ ᠬᠢᠵᠠᠭᠠᠷ᠎ᠤᠨ ᠠᠶᠠᠯᠠᠯ᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠮᠡᠷᠭᠡᠵᠢᠯ᠎ᠦᠨ ᠪᠣᠯᠪᠠᠰᠤᠷᠠᠯ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠡᠶᠡᠴᠢᠯᠡᠨ ᠣᠢᠯᠠᠭᠠᠬᠤ᠎ᠶ᠋ᠢ ᠨᠢᠭᠡ ᠴᠣᠭ᠍ᠴᠠᠵᠢᠭᠤᠯᠬᠤ ᠵᠢ ᠲᠦᠪᠯᠡᠷᠡᠬᠦᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠬᠠᠤᠯᠢ ᠴᠠᠭᠠᠵᠠ᠎ᠶ᠋ᠢ ᠰᠤᠷᠤᠯᠴᠠᠬᠤ᠂ ᠡᠷᠳᠡᠮ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠦᠶ᠋ᠯᠡᠴᠢᠯᠡᠭᠡ ᠭᠥᠷᠳᠡᠬᠦ᠌ ᠳᠤᠮᠳᠠ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠲᠠᠰᠤᠷᠠᠯᠲᠠ ᠥᠬᠡᠶ ᠨᠡᠮᠡᠭ᠌ᠳᠡᠭᠦᠯᠪᠡ; ᠣᠷᠳᠣᠰ ᠬᠣᠲᠠ ᠵᠢᠨ ᠬᠢᠨ ᠵᠢᠷᠤᠭ ᠦᠰᠦᠭ᠎ᠢ ᠬᠠᠪᠰᠤᠷᠭᠠᠨ ᠤᠬᠠᠭᠤᠯᠤᠨ ᠲᠠᠢᠯᠪᠤᠷᠢᠯᠠᠬᠤ᠂ ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡ᠂ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠬᠠᠷᠢᠯᠴᠠᠨ ᠬᠦᠳᠡᠯᠦᠯᠴᠡᠬᠦ ᠠᠰᠠᠭᠤᠯᠲᠠ ᠬᠠᠷᠢᠭᠤᠯᠲᠠ ᠵᠢᠨ ᠠᠵᠢᠯᠯᠠᠭ᠎ᠠ ᠵᠡᠷᠭᠡ ᠣᠯᠠᠨ ᠡᠱᠢᠵᠢᠭ᠌ᠰᠡᠨ ᠬᠡᠯᠪᠡᠷᠢ᠎ᠪᠡᠷ ᠳᠠᠮᠵᠢᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ᠎ᠪᠠᠷ ᠤᠬᠠᠭᠤᠯᠪᠠ; ᠤᠯᠠᠭᠠᠨᠴᠠᠪ ᠬᠤᠳᠠ ᠵᠢᠨ ᠬᠢᠨ 《ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》 ᠵᠢᠨ ᠭᠣᠣᠯ ᠲᠠᠯᠠᠪᠤᠷ᠎ᠤᠨ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠎ᠶ᠋ᠢᠨ ᠲᠣᠭᠣᠷᠢᠭ᠂ ᠬᠠᠤᠯᠢ ᠪᠡᠷ ᠵᠠᠰᠬᠠᠤ ᠲᠥᠪᠯᠡᠷᠡᠩᠭᠦᠢ ᠤᠬᠠᠭᠤᠯᠭ᠎ᠠ᠎ᠶ᠋ᠢᠨ ᠲᠣᠭᠣᠷᠢᠭ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶ᠋ᠢᠨ ᠲᠣᠭᠣᠷᠢᠭ᠂ ᠲᠦᠷᠦ᠍᠎ᠶ᠋ᠢᠨ ᠪᠤᠳᠤᠯᠭ᠎ᠠ᠎ᠶ᠋ᠢ ᠯᠠᠪᠯᠠᠨ ᠠᠰᠠᠭᠤᠬᠤ ᠲᠣᠭᠣᠷᠢᠭ᠂ ᠠᠯᠪᠠᠨ ᠵᠢᠷᠤᠮ᠎ᠤᠨ ᠡᠮᠴᠢᠯᠡᠭᠡᠨ᠎ᠦ ᠦᠢᠯᠡᠴᠢᠯᠡᠭᠡᠨ᠎ᠦ ᠲᠣᠭᠣᠷᠢᠭ ᠢ᠋ ᠲᠤᠬᠢᠷᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠦᠷᠭᠡᠨ ᠵᠢᠡᠷ ᠤᠷᠤᠯᠴᠠᠪᠠ ᠁ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠲᠠᠩ ᠴᠢᠭ᠌ᠯᠡᠯ᠎ᠦᠨ ᠤᠬᠠᠭᠤᠯᠭ᠎ᠠ᠎ᠡᠴᠡ ᠬᠠᠷᠢᠯᠴᠠᠨ ᠬᠦᠳᠡᠯᠦᠯᠴᠡᠵᠤ ᠪᠡᠶᠡᠴᠢᠯᠡᠨ ᠣᠢᠯᠠᠭᠠᠬᠤ ᠲᠡᠢᠰᠢ ᠬᠤᠪᠢᠷᠠᠬᠤ᠎ᠶ᠋ᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ᠎ᠦ 《ᠣᠯᠵᠤ ᠬᠠᠷᠠᠬᠤ᠂ ᠰᠣᠨᠣᠰᠴᠤ᠌ ᠣᠢᠯᠠᠭᠠᠬᠤ᠂ ᠣᠷᠣᠯᠴᠠᠬᠤ ᠲᠤᠷᠠᠳᠠᠢ》 ᠬᠡᠯᠪᠡᠷᠢ᠎ᠪᠡᠷ ᠨᠠᠮ᠎ᠤᠨ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ ᠪᠣᠯᠤᠨ ᠬᠠᠤᠯᠢ ᠲᠣᠭ᠍ᠲᠠᠭᠠᠯ᠎ᠢ ᠬᠥᠮᠦᠰ᠎ᠦᠨ ᠲᠠᠷᠢᠬᠢᠨ᠎ᠳᠤ ᠬᠠᠳᠠᠩᠱᠢᠭᠤᠯᠤᠨ ᠰᠡᠳᠬᠢᠯ ᠳ᠋ᠤ ᠰᠠᠭᠤᠬᠳᠠᠭᠤᠯᠪᠠ᠃

ᠨᠠᠷᠢᠯᠢᠭ ᠣᠨᠣᠴᠠᠲᠠᠶ ᠬᠤᠪᠢᠶᠠᠷᠢᠴᠢᠯᠠᠨ ᠠᠷᠭ᠎ᠠ ᠪᠣᠳᠣᠯᠭ᠎ᠠ ᠵᠢ ᠬᠡᠷᠡᠭ᠌ᠵᠢᠭᠦᠯᠵᠦ᠍ ᠡᠯ᠎ᠡ ᠲᠥᠷᠥᠯ᠎ᠦᠨ ᠬᠦᠮᠦᠰ᠎ᠢ ᠪᠦᠬᠦᠨ᠎ᠢ ᠬᠠᠮᠤᠷᠪᠠ

ᠪᠦᠬᠦ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ 《ᠨᠢᠳᠤᠨ ᠳ᠋ᠤ ᠦᠵᠡᠭᠳᠡᠮ᠎ᠠ ᠰᠡᠳᠬᠢᠯ ᠳ᠋ᠤ ᠰᠠᠭᠤᠬᠳᠠᠮ᠎ᠠ ᠭᠠᠷ ᠲᠤ᠌ ᠪᠠᠷᠢᠬᠳᠠᠮ᠎ᠠ》 ᠠᠵᠢᠯ᠎ᠤᠨ ᠱᠠᠭᠠᠷᠳᠠᠯᠭ᠎ᠠ᠎ᠶ᠋ᠢ ᠴᠢᠩᠭ᠎ᠠ ᠡᠵᠡᠮᠳᠡᠵᠦ᠍᠂ ᠠᠳᠠᠯᠢ ᠪᠤᠰᠤ ᠬᠥᠮᠦᠰ᠎ᠲᠦ ᠴᠢᠭ᠌ᠯᠡᠭᠦᠯᠦᠨ ᠬᠤᠪᠢᠶᠠᠷᠢᠴᠢᠯᠠᠬᠰᠡᠨ᠂ ᠵᠦᠷᠢᠶᠡᠴᠢᠯᠡᠭ᠌ᠰᠡᠨ ᠤᠬᠠᠭᠤᠯᠭ᠎ᠠ ᠵᠢ ᠥᠷᠨᠢᠭᠦᠯᠵᠦ᠍᠂ ᠨᠠᠮ᠎ᠤᠨ ᠦᠨᠳᠦᠰᠦᠲᠡᠨ᠎ᠦ ᠤᠨᠤᠯ ᠲᠦᠷᠦ᠍᠎ᠶ᠋ᠢᠨ ᠪᠤᠳᠤᠯᠭ᠎ᠠ ᠪᠠ ᠬᠠᠤᠯᠢ ᠲᠣᠭ᠍ᠲᠠᠭᠠᠯ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠪᠠ᠃

ᠨᠠᠮ᠎ᠤᠨ ᠭᠡᠱᠢᠭᠦᠨ ᠺᠠᠳ᠋ᠷᠴᠤᠳ᠎ᠲᠤ ᠬᠠᠨᠳᠤᠭᠤᠯᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠣᠨᠣᠯ᠎ᠢᠶᠠᠷ ᠵᠡᠪᠰᠡᠭ᠌ᠯᠡᠬᠦ᠌ ᠪᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠰᠡᠳᠦᠪᠲᠦ ᠲᠠᠢᠯᠤᠮᠵᠢ ᠬᠢᠬᠦ᠌᠂ ᠮᠡᠳᠡᠯᠭᠡ᠎ᠶ᠋ᠢᠨ ᠤᠷᠤᠯᠳᠤᠭᠠᠨ ᠬᠢᠬᠦ᠌ ᠵᠡᠷᠭᠡ ᠠᠷᠭ᠎ᠠ ᠮᠠᠶᠢᠭ᠎ᠢᠶᠠᠷ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠢ ᠲᠠᠷᠢᠬᠢᠨ᠎ᠳᠠᠭᠠᠨ ᠬᠠᠳᠠᠩᠱᠢᠭᠤᠯᠤᠨ ᠰᠡᠳᠬᠢᠯ ᠳ᠋ᠡᠭᠡᠨ ᠰᠠᠭᠤᠬᠳᠠᠭᠤᠯᠵᠤ᠂ ᠡᠳᠦᠷ ᠲᠤᠲᠤᠮ᠎ᠤᠨ ᠠᠵᠢᠯ᠎ᠳᠠᠭᠠᠨ ᠠᠭᠤᠰᠭᠠᠬᠤ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ》 ᠶ᠋ᠢᠨ ᠲᠤᠰᠭᠠᠶ ᠰᠡᠳᠦᠪᠲᠦ ᠲᠠᠢᠯᠤᠮᠵᠢ ᠵᠢᠴᠢ ᠪᠠᠢᠭᠤᠯᠭ᠎ᠠ᠎ᠶ᠋ᠢᠨ ᠺᠠᠳ᠋ᠷ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢᠨ ᠪᠣᠯᠪᠠᠰᠤᠷᠠᠯ᠎ᠢ ᠡᠷᠭᠢᠯᠡᠵᠦ᠍᠂ ᠲᠤᠰᠭᠠᠶ ᠮᠡᠷᠭᠡᠵᠢᠯᠲᠡᠨ ᠡᠷᠳᠡᠮᠲᠡᠳ᠎ᠢ ᠤᠷᠢᠵᠤ 《ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠭᠢᠯᠭᠡ᠎ᠶ᠋ᠢᠨ ᠰᠠᠭᠤᠷᠢ》᠂ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠭᠦᠨᠵᠡᠭᠡᠶ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠥᠷᠲᠡᠭ》 ᠵᠡᠷᠭᠡ ᠲᠠᠯ᠎ᠠ᠎ᠪᠠᠷ ᠪᠥᠬᠥ᠌ ᠲᠠᠯ᠎ᠠ᠎ᠪᠠᠷ ᠭᠦᠨᠵᠡᠭᠡᠶ ᠲᠠᠢᠯᠤᠮᠵᠢ ᠬᠢᠯᠭᠡᠪᠡ; ᠲᠦᠩᠯᠢᠶᠣᠤ ᠬᠣᠲᠠ ᠵᠢᠨ ᠬᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠬᠠᠪᠰᠤᠷᠤᠨ ᠵᠢᠯᠣᠭᠣᠳᠭᠤ ᠲᠠᠢᠯᠤᠮᠵᠢ ᠡᠷᠭᠢᠯᠡᠵᠦ᠍᠂ ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠮᠡᠳᠡᠯᠭᠡ᠎ᠶ᠋ᠢᠨ ᠤᠷᠤᠯᠳᠤᠭᠠᠨ᠎ᠢ ᠵᠡᠷᠭᠡ ᠪᠡᠷ ᠥᠷᠨᠢᠭᠦᠯᠵᠦ᠍᠂ ᠪᠥᠬᠥ᠌ ᠬᠣᠲᠠ᠎ᠶ᠋ᠢᠨ 47 ᠨᠢᠭᠡᠴᠢ᠎ᠶ᠋ᠢ ᠬᠠᠮᠤᠷᠪᠠ; ᠤᠯᠠᠭᠠᠨᠬᠠᠳᠠ ᠬᠣᠲᠠ ᠵᠢᠨ ᠬᠢᠨ ᠲᠣᠭᠣᠷᠢᠨ ᠦᠵᠡᠵᠦ᠍ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ ᠡᠯ᠎ᠡ ᠬᠣᠱᠢᠭᠤ ᠱᠢᠶᠠᠨ ᠲᠣᠭᠣᠷᠢᠭ᠎ᠤᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠭᠦᠯᠵᠦ᠍᠂ ᠲᠤᠷᠱᠢᠯᠭ᠎ᠠ ᠠᠷᠭ᠎ᠠ ᠬᠢᠳᠡᠯ᠎ᠢᠶᠡᠨ ᠬᠠᠷᠢᠯᠴᠠᠨ ᠰᠣᠯᠢᠯᠴᠠᠪᠠ᠃

ᠮᠠᠯᠴᠢᠨ ᠲᠠᠷᠢᠶᠠᠴᠢᠨ ᠲᠦᠮᠡᠨ᠎ᠳᠦ ᠬᠠᠨᠳᠤᠭᠤᠯᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠢᠷ᠎ᠠ ᠰᠡᠳᠭᠢᠯᠭᠡ᠎ᠲᠡᠶ᠂ ᠦᠨᠳᠦᠰᠦᠨ ᠱᠠᠲᠤᠨ᠎ᠳᠤ ᠣᠢᠷᠠᠲᠤᠭ᠍ᠰᠠᠨ ᠬᠡᠯᠪᠡᠷᠢ᠎ᠪᠡᠷ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠪᠣᠯᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠯᠢᠭᠡᠷ᠎ᠢ ᠮᠠᠯᠵᠢᠬᠤ ᠲᠠᠷᠢᠶᠠᠯᠠᠬᠤ ᠣᠷᠣᠨ᠎ᠳᠤ ᠬᠦᠷᠭᠡᠪᠡ᠃ ᠬᠥᠯᠥᠨ ᠪᠣᠢᠷ ᠬᠣᠲᠠ᠎ᠶ᠋ᠢᠨ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》 ᠵᠢᠨ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠠᠯᠪᠠᠨ ᠵᠢᠷᠤᠮ᠎ᠤᠨ ᠡᠮᠴᠢᠯᠡᠭᠡ᠂ ᠬᠠᠤᠯᠢ ᠴᠠᠭᠠᠵᠠ᠎ᠶ᠋ᠢᠨ ᠵᠦᠪᠯᠡᠯᠬᠡ ᠦᠭᠬᠦ᠂ ᠲᠠᠷᠢᠶᠠᠯᠠᠩ᠎ᠤᠨ ᠮᠠᠱᠢᠨ᠎ᠢ ᠬᠡᠷᠡᠭᠯᠡᠬᠦ ᠪᠣᠯᠪᠠᠰᠤᠷᠠᠯ ᠵᠡᠷᠭᠡ ᠦᠶ᠋ᠯᠡᠴᠢᠯᠡᠭᠡᠨ᠎ᠦ ᠲᠤᠰᠭᠠᠶ ᠲᠣᠭᠣᠷᠢᠭ ᠭᠠᠷᠭᠠᠵᠤ᠂ ᠭᠦᠨ ᠵᠤᠵᠠᠭᠠᠨ ᠦᠨᠳᠦᠰᠦᠲᠡᠨ᠎ᠦ ᠪᠦᠯᠬᠦᠮᠳᠡᠯ᠎ᠦᠨ ᠠᠭᠤᠷ ᠠᠮᠢᠰᠭᠤᠯ᠎ᠢ ᠬᠥᠳᠡᠭᠡ ᠲᠣᠰᠭᠣᠨ᠎ᠳᠤ ᠨᠡᠪᠴᠢᠭᠦᠯᠪᠡ; ᠪᠠᠶᠠᠨᠨᠠᠭᠤᠷ ᠬᠣᠲᠠ 《ᠬᠠᠤᠯᠢ ᠴᠠᠭᠠᠵᠠ᠎ᠶ᠋ᠢ ᠬᠥᠳᠡᠭᠡ ᠲᠣᠰᠭᠣᠨ᠎ᠳᠤ ᠬᠦᠷᠭᠡᠬᠦ᠌ ᠪᠠ ᠨᠡᠢᠭᠡᠮ ᠲᠣᠭᠣᠷᠢᠭ᠎ᠲᠤ ᠬᠦᠷᠭᠡᠬᠦ᠌》 ᠨᠣᠮ ᠪᠡᠯᠡᠭ᠌ᠯᠡᠬᠦ᠌ ᠶᠣᠰᠣᠯᠠᠯ ᠶᠠᠪᠤᠭᠤᠯᠵᠤ᠂ ᠦᠨᠳᠦᠰᠦᠨ ᠱᠠᠲᠤᠨ᠎ᠤ ᠲᠥᠯᠥᠭᠡᠯᠡᠭ᠌ᠴᠢᠳ᠎ᠲᠦ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠤᠨ ᠤᠬᠠᠭᠤᠯᠭ᠎ᠠ᠎ᠶ᠋ᠢᠨ ᠨᠣᠮ ᠪᠢᠴᠢᠭ᠎ᠢ ᠪᠡᠯᠡᠭ᠌ᠯᠡᠪᠡ; ᠪᠤᠭᠤᠲᠤ ᠬᠣᠲᠠ᠎ᠶ᠋ᠢᠨ ᠭᠦᠶᠡᠩ ᠱᠢᠶᠠᠨ ᠳ᠋ᠠ ᠶᠢᠩ ᠲᠦ ᠲᠣᠰᠭᠣᠨ᠎ᠳᠤ ᠬᠠᠤᠯᠢ ᠴᠠᠭᠠᠵᠠ᠎ᠵᠢ ᠬᠥᠳᠡᠭᠡ ᠲᠣᠰᠭᠣᠨ᠎ᠳᠤ ᠬᠦᠷᠭᠡᠬᠦ᠌ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠬᠠᠤᠯᠢ᠎ᠪᠡᠷ ᠵᠠᠰᠠᠬᠤ ᠤᠬᠠᠭᠤᠯᠭ᠎ᠠ ᠬᠢᠭᠡᠳ ᠰᠠᠢᠨ ᠳᠤᠷ᠎ᠠ᠎ᠶ᠋ᠢᠨ ᠦᠶ᠋ᠯᠡᠴᠢᠯᠡᠭᠡ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠎ᠶ᠋ᠢ ᠭᠦᠨᠵᠡᠭᠡᠶ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠵᠤ ᠤᠷᠤᠬᠰᠢᠯᠠᠬᠤ᠎ᠶ᠋ᠢ ᠬᠥᠲᠥᠯᠥᠨ ᠵᠢᠯᠣᠭᠣᠳᠪᠠ᠃

ᠵᠠᠯᠠᠭᠤᠴᠤᠳ ᠪᠠᠭᠠᠴᠤᠳ᠎ᠲᠤ ᠬᠠᠨᠳᠤᠭᠤᠯᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠤᠳᠤᠯᠤᠨ ᠰᠤᠷᠤᠯᠴᠠᠬᠤ ᠠᠵᠢᠯᠯᠠᠭ᠎ᠠ᠂ ᠦᠢᠯᠡᠳᠦᠯᠭᠡ᠎ᠶ᠋ᠢᠨ ᠪᠡᠶᠡᠴᠢᠯᠡᠨ ᠣᠢᠯᠠᠭᠠᠬᠤ ᠵᠡᠷᠭᠡ ᠰᠤᠷᠭᠠᠨ ᠬᠥᠮᠦᠵᠢᠯ᠎ᠤᠨ ᠠᠭᠤᠯᠭ᠎ᠠ᠎ᠵᠢ ᠵᠤᠭ᠎ᠠ ᠴᠡᠨᠭᠬᠡᠯ᠎ᠤᠨ ᠬᠦᠳᠡᠯᠭᠡᠭᠡᠨ᠎ᠳᠤ ᠠᠭᠤᠰᠤᠯᠴᠠᠭᠤᠯᠬᠤ ᠠᠷᠭ᠎ᠠ ᠮᠠᠶᠢᠭ᠎ᠢᠶᠠᠷ ᠳᠠᠮᠵᠢᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠶᠠᠪᠤᠳᠠᠯ᠎ᠢ ᠵᠠᠯᠠᠭᠤᠴᠤᠳ ᠪᠠᠭᠠᠴᠤᠳ᠎ᠤᠨ ᠰᠡᠳᠭᠢᠯ ᠵᠢᠷᠦᠬᠡᠨ᠎ᠳᠦ ᠦᠨᠳᠦᠰᠦᠯᠡᠭᠦᠯᠪᠠ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠪᠥᠬᠥ᠌ ᠣᠷᠣᠨ᠎ᠤ ᠪᠠᠭᠠᠴᠤᠳ ᠬᠡᠦᠬᠡᠳ᠎ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ 《ᠵᠢᠷᠭᠤᠭ᠎ᠠ ᠳ᠋ᠤ ᠬᠦᠷᠬᠡᠬᠦ》 ᠦᠶ᠋ᠯᠡᠳᠦᠯᠭᠡ᠎ᠶ᠋ᠢᠨ ᠠᠵᠢᠯᠯᠠᠭ᠎ᠠ ᠵᠢ ᠥᠷᠨᠢᠭᠦᠯᠵᠦ᠍᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ 100 ᠭᠠᠷᠤᠶ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠢ ᠵᠣᠬᠢᠶᠠᠨ ᠪᠠᠢᠭᠤᠯᠵᠤ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠣᠲᠠ᠎ᠶ᠋ᠢᠨ AI ᠴᠡᠴᠡᠷᠯᠢᠭ᠎ᠲᠦ ᠣᠴᠢᠭᠤᠯᠤᠨ᠂ ᠭᠦᠨᠵᠡᠭᠡᠶ ᠪᠡᠶᠡᠴᠢᠯᠡᠨ ᠤᠢᠯᠠᠭᠠᠬᠤ ᠳᠤᠮᠳᠠ ᠪᠦᠯᠬᠦᠮᠳᠡᠯ᠎ᠦᠨ ᠬᠦᠴᠦᠨ᠎ᠢ ᠮᠡᠳᠡᠷᠡᠭᠦᠯᠵᠦ᠂ ᠡᠬᠡ ᠣᠷᠣᠨᠴᠢ ᠬᠠᠢᠷ᠎ᠠ ᠰᠡᠳᠭᠢᠯᠭᠡ᠎ᠶ᠋ᠢ ᠵᠤᠵᠠᠭᠠᠳᠭᠠᠪᠠ; ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤ ᠤᠯᠠᠭᠠᠨ ᠪᠥᠴᠡᠲᠡᠨ᠎ᠦ ᠲᠠᠢᠯᠪᠤᠷᠢᠯᠠᠭ᠍ᠴᠢ᠎ᠶ᠋ᠢᠨ ᠤᠷᠤᠯᠳᠤᠭᠠᠨ᠎ᠢ ᠡᠷᠬᠢᠯᠡᠵᠦ᠍᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠥᠪᠡᠷ᠎ᠦᠨ ᠪᠡᠶ᠎ᠡ᠎ᠪᠡᠷ᠎ᠢᠶᠡᠨ ᠶᠠᠷᠢᠬᠤ ᠶᠠᠪᠤᠴᠠ᠎ᠳᠠᠭᠠᠨ ᠪᠦᠯᠬᠦᠮᠳᠡᠨ ᠲᠡᠮᠡᠴᠡᠬᠦ᠌ ᠬᠦᠴᠦᠨ᠎ᠢ ᠮᠡᠳᠡᠷᠡᠪᠡ; ᠮᠠᠨᠵᠤᠤᠷ ᠬᠣᠲᠠ 《ᠬᠥᠳᠡᠯᠮᠦᠷᠢ᠎ᠶ᠋ᠢᠨ ᠵᠢᠱ᠌ᠢᠶᠡᠴᠢ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》 ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠍᠂ ᠪᠠᠭ᠍ᠰᠢ ᠰᠤᠷᠤᠭ᠍ᠴᠢᠳ ᠥᠯᠢᠭᠡᠷ ᠳᠠᠭᠤᠷᠢᠶᠠᠯ ᠪᠤᠯᠬᠤ ᠬᠦᠮᠦᠰ᠎ᠤᠨ ᠦᠯᠢᠭᠡᠷ᠎ᠤᠨ ᠳᠤᠮᠳᠠ᠎ᠡᠴᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠠᠯᠠᠭᠤᠨ ᠳᠤᠯᠠᠭᠠᠨ᠎ᠢ ᠮᠡᠳᠡᠷᠡᠪᠡ᠃

ᠠᠷᠠᠳ᠎ᠤᠨ ᠠᠮᠢᠳᠤᠷᠠᠯ ᠵᠢᠡᠷ ᠵᠢᠯᠣᠭᠣᠳᠤᠮᠵᠢ ᠪᠤᠯᠭᠠᠬᠤ᠎ᠶ᠋ᠢ ᠪᠠᠷᠢᠮᠲᠠᠯᠠᠵᠤ ᠣᠯᠠᠨ ᠲᠦᠮᠡᠨ᠎ᠳᠦ ᠦᠶ᠋ᠯᠡᠴᠢᠯᠡᠪᠡ

5 ᠰᠠᠷ᠎ᠠ᠎ᠶ᠋ᠢᠨ 9᠎ᠡᠴᠡ 10᠎ᠤ᠋ ᠡᠳᠦᠷ ᠪᠣᠯᠲᠠᠯ᠎ᠠ᠂ ᠬᠥᠬᠡᠬᠣᠲᠠ ᠵᠢᠨ ᠵᠦᠯᠭᠡᠲᠦ ᠴᠡᠴᠡᠷᠯᠢᠭ᠎ᠲᠦ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠵᠢᠨ ᠰᠠᠷ᠎ᠠ》 ᠶ᠋ᠢᠨ ᠠᠵᠢᠯᠯᠠᠭ᠎ᠠ ᠵᠢ ᠥᠷᠨᠢᠭᠦᠯᠵᠦ᠍᠂ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ᠂ ᠰᠣᠶᠣᠯ᠎ᠤᠨ ᠤᠬᠠᠭᠤᠯᠭ᠎ᠠ ᠬᠥᠮᠦᠵᠢᠯ᠎ᠡᠴᠡ ᠭᠠᠳᠠᠨ᠎ᠠ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠵᠤ ᠬᠠᠮᠠᠭᠠᠯᠠᠬᠤ ᠤᠷ᠎ᠠ ᠴᠢᠳᠠᠪᠤᠷᠢ᠎ᠶ᠋ᠢᠨ ᠮᠡᠳᠡᠯᠬᠡ ᠵᠢ ᠲᠦᠭᠡᠮᠡᠯᠵᠢᠭᠦᠯᠬᠦ᠌᠂ ᠡᠷᠡᠭᠦᠯ ᠮᠡᠨᠳᠦ᠍᠎ᠶ᠋ᠢᠨ ᠪᠡᠶ᠎ᠡ᠎ᠶ᠋ᠢᠨ ᠪᠠᠢᠴᠠᠭᠠᠯᠲᠠ᠂ ᠱᠢᠨᠵᠢᠯᠡᠬᠦ᠌ ᠤᠬᠠᠭᠠᠨ᠎ᠤ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ᠂ ᠬᠢᠲᠠᠳ ᠡᠮᠨᠡᠯᠭᠡ᠎ᠶ᠋ᠢᠨ ᠣᠶᠤᠨᠴᠢ ᠣᠨᠣᠱᠢᠯᠠᠨ ᠡᠮᠨᠡᠬᠦ᠌ ᠵᠡᠷᠭᠡ ᠠᠵᠢᠯᠯᠠᠭ᠎ᠠ᠎ᠶ᠋ᠢ ᠵᠡᠷᠭᠡ᠎ᠪᠡᠷ ᠥᠷᠨᠢᠭᠦᠯᠵᠦ᠍᠂ ᠥᠷᠭᠡᠨ ᠣᠯᠠᠨ ᠲᠦᠮᠡᠨ᠎ᠤ ᠰᠡᠳᠭᠢᠯ᠎ᠢ ᠳᠤᠯᠠᠭᠠᠴᠠᠭᠤᠯᠤᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠬᠠᠩᠭᠠᠪᠠ᠃

《ᠴᠡᠴᠡᠷᠯᠢᠭ᠎ᠲᠦ ᠵᠤᠭᠠᠴᠠᠬᠤ᠎ᠪᠠᠷ ᠢᠷᠡᠭᠡᠳ᠂ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠰᠣᠷᠣᠭ᠍ᠰᠠᠨ᠎ᠢᠶᠠᠷ ᠪᠠᠷᠠᠬᠤ ᠥᠬᠡᠶ ᠪᠠᠰᠠ ᠣᠶᠤᠨᠴᠢ ᠬᠢᠲᠠᠳ ᠡᠮᠨᠡᠯᠭᠡ᠎ᠶ᠋ᠢᠨ ᠮᠠᠱᠢᠨ ᠬᠥᠮᠦᠨ᠎ᠦ ᠠᠯᠪᠠᠨ ᠵᠢᠷᠤᠮ᠎ᠤᠨ ᠡᠮᠴᠢᠯᠡᠭᠡ᠎ᠶ᠋ᠢ ᠪᠡᠶᠡᠴᠢᠯᠡᠨ ᠣᠢᠯᠠᠭᠠᠪᠠ᠂ ᠡᠨᠡ ᠠᠵᠢᠯᠯᠠᠭ᠎ᠠ ᠦᠨᠡᠬᠡᠷ ᠤᠳᠬ᠎ᠠ ᠠᠭᠤᠯᠭ᠎ᠠ ᠲᠠᠢ!》 ᠭᠡᠵᠦ᠍ ᠬᠤᠳᠠ᠎ᠶ᠋ᠢᠨ ᠠᠷᠠᠳ ᠯᠢ ᠡᠪᠦᠭᠡ ᠰᠡᠳᠭᠢᠯ ᠲᠤᠭᠳᠤᠯᠤᠨ ᠬᠡᠯᠡᠪᠡ᠃

《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》 ᠶ᠋ᠢᠨ ᠬᠤᠭᠤᠴᠠᠭᠠᠨ᠎ᠳᠤ᠂ ᠪᠥᠬᠥ᠌ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠤᠨ ᠤᠬᠠᠭᠤᠯᠭ᠎ᠠ᠎ᠶ᠋ᠢ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠬᠠᠤᠯᠢ ᠪᠡᠷ ᠵᠠᠰᠠᠬᠤ ᠤᠬᠠᠭᠤᠯᠭ᠎ᠠ᠎ᠶ᠋ᠢ ᠨᠠᠩ ᠬᠠᠢᠷ᠎ᠠ ᠰᠡᠳᠭᠢᠯᠭᠡ᠎ᠲᠡᠶ ᠪᠣᠯᠭᠠᠪᠠ᠃

ᠬᠢᠩᠭᠠᠨ ᠠᠢᠮᠠᠭ᠎ᠲᠤ ᠶᠠᠪᠤᠭ᠍ᠳᠠᠭ᠍ᠰᠠᠨ ᠪᠥᠬᠥ᠌ ᠣᠷᠣᠨ᠎ᠤ 《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠰᠠᠷ᠎ᠠ》 ᠶ᠋ᠢᠨ ᠭᠤᠤᠯ ᠲᠠᠯᠠᠪᠤᠷ᠎ᠤᠨ ᠠᠵᠢᠯᠯᠠᠭ᠎ᠠ᠎ᠨᠢ ᠬᠠᠤᠯᠢ ᠪᠡᠷ ᠵᠠᠰᠠᠬᠤ ᠤᠬᠠᠭᠤᠯᠭ᠎ᠠ ᠬᠢᠭᠡᠳ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌᠂ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠲᠤᠬᠠᠶ᠎ᠶ᠋ᠢᠨ ᠲᠠᠯᠠᠪᠠᠶ᠎ᠳᠤ ᠥᠷᠭᠡᠨ ᠣᠯᠠᠨ ᠲᠦᠮᠡᠨ᠎ᠳᠦ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠦᠨ ᠮᠡᠳᠡᠭᠡ ᠵᠠᠩᠭᠢ᠂ ᠡᠷᠡᠭᠦᠯ ᠮᠡᠨᠳᠦ᠍᠎ᠶ᠋ᠢᠨ ᠠᠯᠪᠠᠨ ᠵᠢᠷᠤᠮ᠎ᠤᠨ ᠡᠮᠴᠢᠯᠡᠭᠡ᠂ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠠᠨᠢᠯᠴᠠᠭᠤᠯᠬᠤ ᠵᠡᠷᠭᠡ ᠦᠶ᠋ᠯᠡᠴᠢᠯᠡᠭᠡ ᠬᠠᠩᠭᠠᠪᠠ; ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ ᠪᠠ ᠡᠮ ᠡᠮᠨᠡᠯᠭᠡ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠵᠡᠷᠭᠡ ᠪᠡᠷ ᠤᠬᠠᠭᠤᠯᠵᠤ᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠲᠠᠭᠠᠳᠬᠠᠯ᠎ᠢ ᠭᠦᠶ᠋ᠴᠡᠳᠭᠡᠬᠦ᠌ ᠵᠡᠷᠭᠡ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠩᠬᠠᠷᠴᠤ᠌ ᠪᠠᠢᠭ᠎ᠠ ᠵᠦᠶ᠋ᠯᠡᠰ᠎ᠢ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ᠎ᠳᠤ ᠠᠭᠤᠰᠭᠠᠪᠠ; ᠠᠯᠠᠱᠠ ᠠᠢᠮᠠᠭ ᠤ᠋ᠨ ᠬᠢᠨ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠤᠨ ᠤᠬᠠᠭᠤᠯᠭ᠎ᠠ᠎ᠶ᠋ᠢᠨ ᠠᠵᠢᠯᠯᠠᠭ᠎ᠠ ᠳᠤᠮᠳᠠ ᠬᠡᠷᠡᠭᠯᠡᠬᠦ ᠬᠤᠭᠤᠴᠠᠭ᠎ᠠ ᠨᠢ ᠬᠡᠲᠦᠷᠡᠭ᠌ᠰᠡᠨ ᠡᠮ᠎ᠦᠨ ᠵᠦᠶ᠋ᠯᠡᠰ᠎ᠢ ᠰᠣᠯᠢᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠥᠷᠨᠢᠭᠦᠯᠪᠡ ᠁

ᠵᠦᠪ ᠡᠨᠧᠷᠭᠢ ᠵᠢ ᠲᠠᠮᠵᠢᠭᠤᠯᠤᠬᠰᠠᠨ᠂ ᠬᠥᠮᠦᠰ᠎ᠦᠨ ᠰᠡᠳᠭᠢᠯ᠎ᠢ ᠳᠤᠯᠠᠭᠠᠴᠠᠭᠤᠯᠤᠬᠰᠠᠨ ᠤᠯᠠᠨ ᠲᠠᠯᠠᠪᠠᠢ ᠠᠵᠢᠯᠯᠠᠭ᠎ᠠ ᠨᠢ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠠ ᠬᠠᠤᠯᠢ ᠲᠣᠭ᠍ᠲᠠᠭᠠᠯ᠎ᠤᠨ ᠤᠬᠠᠭᠤᠯᠭ᠎ᠠ᠎ᠶ᠋ᠢ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ᠎ᠳᠤ ᠠᠭᠤᠰᠬᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠭ᠌ᠰᠡᠨ᠎ᠢᠶᠡᠷ ᠪᠠᠷᠠᠬᠤ ᠥᠬᠡᠶ ᠨᠠᠩ ᠴᠤ᠌ ᠠᠷᠠᠳ᠎ᠤᠨ ᠵᠣᠪᠠᠨᠢᠯ᠎ᠢ ᠱᠢᠶ᠋ᠳᠪᠦᠷᠢᠯᠡᠬᠦ᠌᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠶᠠᠪᠤᠴᠠ᠎ᠳᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠬᠠᠮᠳᠤᠷᠠᠯ ᠬᠦᠴᠦᠨ᠎ᠢ ᠨᠢᠭ᠍ᠲᠠᠷᠠᠭᠤᠯᠪᠠ᠃

ᠪᠥᠬᠥ᠌ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠣᠯᠤᠨ ᠬᠠᠤᠯᠢ ᠲᠣᠭ᠍ᠲᠠᠭᠠᠯ᠎ᠤᠨ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠤᠬᠠᠭᠤᠯᠤᠨ ᠲᠦᠭᠡᠮᠡᠯᠵᠢᠭᠦᠯᠬᠦ᠌᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠠᠸ᠋ᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号