ᠲᠤᠬᠠᠢ ᠶ᠋ᠢᠨ ᠲᠠᠯᠠᠪᠠᠢ ᠳ᠋ᠦ 136 ᠵᠦᠢᠯ ᠤ᠋ᠨ ᠭᠡᠷ᠎ᠡ ᠲᠤᠭᠲᠠᠨ 2.1 ᠳ᠋ᠦᠡᠭᠰᠢᠭᠤᠷ ᠲᠦᠭᠦᠷᠢᠭ ᠤ᠋ᠨ ᠠᠷᠠᠯᠵᠢᠶ᠎ᠡ ᠪᠦᠲᠦᠵᠠᠢ
5 ᠰᠠᠷ᠎ᠠ ᠶ᠋ᠢᠨ 30 ᠤ᠋ ᠡᠳᠦᠷ᠂ ᠪᠦᠳᠦᠨ 3 ᠡᠳᠦᠷ ᠶᠠᠪᠤᠭᠳᠠᠭᠰᠠᠨ 2026 · ᠬᠣᠷᠢᠨ ᠭᠤᠷᠪᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠮᠠᠯ ᠠᠵᠤ ᠠᠬᠤᠶ ᠶ᠋ᠢᠨ ᠦᠵᠡᠰᠭᠦᠯᠡᠩ ᠤ᠋ᠨ ᠴᠤᠭ᠍ᠯᠠᠭᠠᠨ ᠬᠦᠬᠡᠬᠤᠲᠠ ᠳ᠋ᠡᠬᠢ ᠥᠪᠥᠷ ᠮᠣᠩᠭᠣᠯ ᠤ᠋ᠨ ᠣᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠦᠨᠳᠦᠷᠯᠡᠪᠡ᠃
ᠲᠣᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠨᠢ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠳ᠋ᠦ ᠰᠠᠭᠤᠷᠢᠯᠠᠨ ᠦᠪᠤᠷ ᠮᠤᠩᠭᠤᠯ ᠤ᠋ᠨ ᠮᠠᠯ ᠠᠵᠤ ᠠᠬᠤᠶ ᠶ᠋ᠢᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠱᠢᠨ᠎ᠡ ᠵᠢ ᠡᠭᠦᠳᠦᠭ᠌ᠰᠡᠨ ᠦᠷ᠎ᠡ ᠪᠦᠲᠦᠭᠡᠯ ᠢ᠋ ᠲᠥᠪᠯᠡᠷᠡᠭᠦᠯᠦᠨ ᠳᠡᠯᠭᠡᠨ ᠦᠵᠡᠭᠦᠯᠵᠦ᠍᠂ ᠦᠵᠡᠰᠭᠦᠯᠡᠩ ᠤ᠋ᠨ ᠬᠡᠪᠴᠢᠶ᠎ᠡ᠂ ᠲᠤᠰᠭᠠᠶ ᠮᠡᠷᠭᠡᠵᠢᠯ ᠤ᠋ᠨ ᠲᠦᠪᠰᠢᠨ ᠬᠢᠭᠡᠳ ᠪᠣᠳᠠᠲᠤ ᠦᠷ᠎ᠡ ᠪᠦᠲᠦᠮᠵᠢ ᠶ᠋ᠢᠨ ᠲᠠᠯ᠎ᠡ ᠪᠡᠷ ᠴᠦᠮ ᠰᠠᠢᠨ ᠦᠷ᠎ᠡ ᠳ᠋ᠦᠡᠭ ᠤᠯᠵᠤ᠂ ᠪᠥᠬᠥ᠌ ᠣᠷᠣᠨ ᠤ᠋ ᠣᠲᠣ ᠦᠶ᠎ᠡ ᠶ᠋ᠢᠨ ᠮᠠᠯ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠳ᠋ᠤ ᠬᠥᠳᠡᠯᠭᠡᠬᠦ᠌ ᠡᠨᠧᠷᠭᠢ ᠨᠡᠮᠡᠷᠢᠯᠡᠵᠠᠢ᠃ ᠲᠤᠰᠭᠠᠶ ᠮᠡᠷᠭᠡᠵᠢᠯ ᠤ᠋ᠨ ᠠᠷᠠᠯᠵᠢᠶᠠᠴᠢᠨ ᠵᠢᠴᠢ ᠲᠡᠵᠢᠭᠡᠨ ᠦᠷᠡᠵᠢᠭᠦᠯᠬᠦ᠌ ᠦᠢᠯᠡᠰ ᠡᠷᠬᠢᠯᠡᠭ᠌ᠴᠢ ᠨᠡᠢᠲᠡ 3.2 ᠲᠦᠮᠡᠨ ᠬᠥᠮᠦᠨ ᠤᠳᠠᠭ᠎ᠠ ᠦᠵᠡᠰᠭᠦᠯᠡᠩ ᠤ᠋ᠨ ᠴᠤᠭᠯᠠᠭᠠᠨ ᠳ᠋ᠦ ᠤᠷᠤᠯᠴᠠᠵᠤ᠂ ᠲᠤᠬᠠᠢ ᠶ᠋ᠢᠨ ᠲᠠᠯᠠᠪᠠᠢ ᠳ᠋ᠦ 136 ᠵᠦᠢᠯ ᠤ᠋ᠨ ᠭᠡᠷ᠎ᠡ ᠲᠤᠭᠲᠠᠨ᠂ 2.1 ᠳ᠋ᠦᠡᠭᠰᠢᠭᠤᠷ ᠲᠦᠭᠦᠷᠢᠭ ᠤ᠋ᠨ ᠠᠷᠠᠯᠵᠢᠶ᠎ᠡ ᠪᠦᠲᠦᠵᠦ᠂ ᠪᠠᠰᠠ 6.8 ᠳ᠋ᠦᠩᠱᠢᠭᠤᠷ ᠭᠠᠷᠤᠢ ᠲᠥᠭᠥᠷᠢᠭ ᠤ᠋ᠨ ᠰᠠᠨᠠᠮᠵᠢ ᠶ᠋ᠢᠨ ᠭᠡᠷ᠎ᠡ ᠲᠤᠭᠲᠠᠭᠰᠠᠨ ᠪᠠᠢᠨ᠎ᠠ᠃
ᠦᠵᠡᠰᠭᠦᠯᠡᠡᠭ ᠤ᠋ᠨ ᠴᠤᠭᠯᠠᠭᠠᠨ ᠤ᠋ ᠬᠤᠭᠤᠴᠠᠭᠠᠨ ᠳ᠋ᠦ ᠡᠷᠭᠢᠯᠡᠭ᠌ᠰᠡᠨ 2026 · ᠥᠪᠥᠷ ᠮᠣᠩᠭᠣᠯ ᠤ᠋ᠨ ᠮᠠᠯ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢᠨ ᠶᠠᠷᠢᠶᠠᠨ ᠤ᠋ ᠲᠠᠪᠴᠠᠩ ᠨᠢ ᠲᠥᠯ ᠲᠤᠰᠴᠤ᠌ ᠪᠣᠢᠵᠢᠭᠤᠯᠬᠤ᠂ ᠲᠥᠯ ᠮᠠᠯ ᠤ᠋ᠨ ᠬᠡᠮ ᠬᠢᠵᠢᠭ ᠢ᠋ ᠰᠡᠷᠭᠡᠢᠯᠡᠨ ᠡᠵᠡᠮᠳᠡᠬᠦ᠌᠂ ᠦᠬᠡᠷ ᠬᠣᠨᠢᠨ ᠤ᠋ ᠪᠠᠢᠩᠭᠤ ᠲᠣᠬᠢᠶᠠᠯᠳᠤᠬᠤ ᠡᠪᠡᠳᠴᠢᠨ ᠢ᠋ ᠣᠨᠣᠱᠢᠯᠠᠨ ᠡᠮᠨᠡᠬᠦ᠌᠂ ᠮᠢᠬᠠᠨ ᠤ᠋ ᠦᠬᠡᠷ ᠢ᠋ ᠨᠠᠷᠢᠨ ᠣᠨᠣᠴᠠᠲᠠᠶᠪᠠᠷ ᠠᠷᠠᠴᠢᠯᠠᠨ ᠲᠡᠵᠢᠭᠡᠬᠦ᠂ ᠵᠣᠨ ᠤ᠋ ᠤᠯᠠᠷᠢᠯ ᠤ᠋ᠨ ᠮᠠᠯᠵᠢᠯ ᠤ᠋ᠨ ᠲᠠᠯᠠᠪᠠᠶ ᠶ᠋ᠢᠨ ᠬᠠᠮᠢᠶᠠᠷᠤᠯᠲᠠ᠂ ᠰᠠᠭᠠᠯᠢ ᠶ᠋ᠢᠨ ᠦᠨᠢᠶᠡᠨ ᠤ᠋ ᠱᠢᠮ᠎ᠡ ᠲᠡᠵᠢᠭᠡᠯ ᠢ᠋ ᠲᠣᠬᠢᠷᠠᠭᠤᠯᠤᠨ ᠡᠵᠡᠮᠳᠡᠬᠦ᠌ ᠵᠡᠷᠭᠡ ᠨᠢᠭᠡᠳᠦᠭᠡᠷ ᠹᠷᠣᠨᠲ ᠤ᠋ᠨ ᠡᠪᠡᠷᠱᠢᠶᠡᠯ ᠤ᠋ᠨ ᠠᠰᠠᠭᠤᠳᠠᠯ ᠤ᠋ᠨ ᠲᠤᠭᠤᠷᠢᠨ ᠳ᠋ᠤ ᠤᠯᠤᠰ ᠤ᠋ᠨ ᠳᠣᠲᠣᠭᠠᠳᠤ ᠶ᠋ᠢᠨ ᠨᠠᠷᠠᠲᠤ ᠲᠤᠰᠭᠠᠶ ᠮᠡᠷᠭᠡᠵᠢᠯᠲᠡᠳ ᠢ᠋ ᠤᠷᠢᠨ ᠳᠠᠢᠯᠤᠮᠵᠢ ᠬᠢᠯᠭᠡᠵᠦ᠂ ᠲᠡᠷᠢᠭᠦᠨ ᠤ᠋ ᠮᠡᠷᠭᠡᠵᠢᠯ ᠢ᠋ ᠦᠨᠳᠦᠰᠦᠨ ᠱᠠᠲᠤᠨ ᠳ᠋ᠦ ᠪᠠᠭᠤᠯᠭᠠᠨ ᠪᠤᠳᠠᠳᠠᠢ ᠳ᠋ᠦ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠵᠢ ᠠᠬᠢᠭᠤᠯᠪᠠ᠃
ᠲᠣᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠢ᠋ ᠠᠮᠵᠢᠯᠲᠠ ᠲᠠᠶ ᠡᠷᠭᠢᠯᠡᠭ᠌ᠰᠡᠨ ᠨᠢ ᠮᠠᠨ ᠤ᠋ ᠤᠷᠤᠨ ᠤ᠋ ᠰᠦ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ᠂ ᠮᠢᠬᠠᠨ ᠤ᠋ ᠦᠬᠡᠷ ᠤ᠋ᠨ ᠰᠦᠷᠦᠭ ᠢ᠋ ᠥᠷᠭᠡᠳᠭᠡᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠵᠡᠷᠭᠡ ᠭᠤᠤᠯᠳᠠᠯᠭ᠎ᠠ ᠲᠠᠶ ᠠᠵᠢᠯ ᠢ᠋ ᠭᠦᠨᠵᠡᠭᠡᠶ ᠠᠬᠢᠭᠤᠯᠤᠭ᠍ᠰᠠᠨ ᠴᠢᠬᠤᠯᠠ ᠦᠶ᠋ᠯᠡᠳᠦᠯᠭᠡ ᠪᠤᠯᠵᠤ᠂ ᠮᠠᠯ ᠠᠵᠤ ᠠᠬᠤᠶ ᠶ᠋ᠢᠨ ᠪᠠᠷᠢᠮᠵᠢᠶᠠᠵᠢᠭᠤᠯᠤᠯᠲᠠ᠂ ᠬᠡᠪᠴᠢᠶᠡᠵᠢᠭᠦᠯᠦᠯᠲᠡ᠂ ᠤᠶᠤᠨᠴᠢᠯᠠᠯᠲᠠ ᠲᠠᠢᠰᠢ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠬᠤ ᠲᠠᠪᠴᠠᠩ ᠪᠤᠯᠵᠠᠢ᠃ ᠦᠵᠡᠰᠭᠦᠯᠡᠩ ᠤ᠋ᠨ ᠴᠤᠭᠯᠠᠭᠠᠨ ᠨᠢ ᠦᠢᠯᠡᠳᠪᠦᠷᠢᠯᠡᠯ ᠵᠢᠭᠠᠨ ᠰᠤᠷᠭᠠᠯᠲᠡ ᠰᠤᠳᠤᠯᠭᠠᠨ ᠪᠠ ᠬᠡᠷᠡᠭᠯᠡᠬᠡᠨ ᠢ᠋ ᠭᠦᠨᠵᠡᠭᠡᠶ ᠠᠭᠤᠰᠤᠯᠴᠠᠭᠤᠯᠬᠤ᠂ ᠦᠶ᠋ᠯᠡᠳᠪᠦᠷᠢᠯᠡᠯ ᠪᠣᠷᠣᠯᠠᠭᠤᠯᠭ᠎ᠠ ᠵᠢ ᠣᠨᠣᠴᠠᠲᠠᠶ ᠵᠣᠯᠭᠠᠭᠤᠯᠬᠤ᠂ ᠴᠢᠬᠤᠯᠠ ᠡᠯᠧᠮᠧᠨ᠋ᠲ ᠢ᠋ ᠥᠨᠳᠥᠷ ᠪᠦᠲᠦᠮᠵᠢᠲᠡᠶ ᠪᠡᠷ ᠲᠥᠪᠯᠡᠷᠡᠭᠦᠯᠬᠦ᠌ ᠵᠢ ᠪᠦᠲᠦᠮᠵᠢᠲᠡᠶ ᠠᠬᠢᠭᠤᠯᠵᠤ᠂ ᠠᠵᠤ ᠠᠬᠤᠢᠯᠠᠯ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠤᠨ ᠦᠷ᠎ᠡ ᠠᠱᠢᠭ ᠵᠢᠡᠨ ᠨᠡᠮᠡᠭ᠌ᠳᠡᠭᠦᠯᠬᠦ᠌᠂ ᠲᠡᠵᠢᠭᠡᠨ ᠦᠷᠡᠵᠢᠭᠦᠯᠬᠦ᠌ ᠡᠷᠦᠬᠡ ᠶ᠋ᠢᠨ ᠣᠷᠣᠯᠭ᠎ᠠ ᠪᠠᠨ ᠨᠡᠮᠡᠭ᠌ᠳᠡᠭᠦᠯᠦᠨ ᠪᠠᠶᠠᠵᠢᠬᠤ ᠳ᠋ᠦ ᠬᠦᠴᠦᠨ ᠨᠡᠮᠡᠷᠢᠯᠡᠵᠦ᠍᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠠᠢᠷᠢ ᠰᠠᠭᠤᠷᠢ ᠵᠢ ᠦᠷᠭᠦᠯᠵᠢᠯᠡᠨ ᠪᠡᠬᠢᠵᠢᠭᠦᠯᠪᠡ᠃