2026 ᠣᠨ᠎ᠤ 《6·1》 ᠤ᠋ ᠬᠡᠤᠬᠡᠳ᠎ᠤᠨ ᠪᠠᠶᠠᠷ᠎ᠢ ᠪᠡᠯᠭᠡᠯᠡᠬᠦ᠌ ᠠᠵᠢᠯᠯᠠᠭ᠎ᠠ ᠶᠠᠪᠤᠭ᠍ᠳᠠᠪᠠ
2026-05-31 13:03:01
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠲᠠᠯᠠᠨ ᠵᠢᠷᠭᠤᠳᠠᠬᠢ 《6·1》 ᠤ᠋ ᠳᠡᠯᠡᠬᠡᠢ᠎ᠶ᠋ᠢᠨ ᠬᠡᠦᠬᠡᠳ᠎ᠦᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ 5 ᠰᠠᠷ᠎ᠠ᠎ᠶ᠋ᠢᠨ 28 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠡᠭ᠌ᠲᠡᠢᠴᠦᠳ ᠬᠡᠦᠬᠡᠳ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠵᠡᠷᠭᠡ 10 ᠰᠠᠯᠠᠭ᠎ᠠ ᠮᠥᠴᠢᠷ᠎ᠤᠨ᠎ᠬᠠᠮᠲᠤᠷᠠᠨ ᠡᠷᠬᠢᠯᠡᠭᠰᠡᠨ 《ᠪᠠᠭᠠᠴᠤᠳ ᠬᠡᠦᠬᠡᠳ ᠨᠠᠮ᠎ᠢᠶᠠᠨ ᠲᠠᠭᠠᠨ᠎ᠠ·ᠬᠦᠰᠡᠯ ᠵᠡᠭᠦᠳᠦ᠍᠎ᠪᠡᠨ ᠬᠥᠭᠡᠭᠡᠴᠡᠯᠳᠦᠨ ᠱᠢᠨ᠎ᠡ ᠠᠶᠠᠨ᠎ᠢᠶᠠᠨ ᠡᠬᠢᠯᠡᠭᠦᠯᠦᠶ᠎ᠡ》 2026 ᠣᠨ᠎ᠤ 《6·1》 ᠤ᠋ ᠬᠡᠤᠬᠡᠳ᠎ᠤᠨ ᠪᠠᠶᠠᠷ᠎ᠢ ᠪᠡᠯᠭᠡᠯᠡᠬᠦ᠌ ᠦᠵᠡᠭᠦᠯᠭᠡ᠎ᠶ᠋ᠢᠨ ᠠᠵᠢᠯᠯᠠᠭ᠎ᠠ ᠬᠥᠬᠡᠬᠣᠲᠠ᠎ᠶ᠋ᠢᠨ ᠢᠤᠢ᠍ᠢᠴᠢᠤᠸᠠᠨ ᠲᠣᠭᠣᠷᠢᠭ᠎ᠤᠨ ᠨᠠᠨ ᠴᠠᠢ ᠾᠦᠸᠸ ᠱᠢ ᠵᠡᠭᠡᠯᠢ᠎ᠶ᠋ᠢᠨ ᠪᠠᠭ᠎ᠠ ᠰᠤᠷᠭᠠᠭᠤᠯᠢ᠎ᠳᠤ ᠡᠬᠢᠯᠡᠪᠡ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠂ ᠥᠪᠥᠷ ᠮᠣᠩᠭᠣᠯ᠎ᠤᠨ ᠡᠮᠡᠭ᠌ᠲᠡᠢᠴᠦᠳ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠨᠠᠨ ᠴᠠᠢ ᠾᠦᠸᠸ ᠱᠢ ᠵᠡᠭᠡᠯᠢ᠎ᠶ᠋ᠢᠨ ᠪᠠᠭ᠎ᠠ ᠰᠤᠷᠭᠠᠭᠤᠯᠢ᠎ᠳᠤ 5 ᠲᠦᠮᠡᠨ ᠲᠥᠭᠥᠷᠢᠭ᠎ᠦᠨ ᠥᠷᠲᠡᠭ ᠪᠥᠬᠥᠶ ᠪᠠᠶᠠᠷ᠎ᠤᠨ ᠡᠳᠦᠷ᠎ᠦᠨ ᠪᠡᠯᠡᠭ ᠬᠠᠨᠳᠢᠪᠯᠠᠵᠤ᠂ 2026 ᠣᠨ᠎ᠤ ᠬᠡᠦᠬᠡᠳ᠎ᠢ ᠬᠠᠯᠠᠮᠵᠢᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ — 《ᠬᠠᠪᠤᠷ᠎ᠤᠨ ᠴᠣᠮᠣᠷᠯᠢᠭ ᠲᠥᠯᠥᠪᠯᠡᠭᠡ》 ᠨᠡᠢᠲᠡ᠎ᠶ᠋ᠢᠨ ᠠᠰᠠᠷᠠᠮᠵᠢ᠎ᠶ᠋ᠢᠨ ᠬᠠᠨᠳᠢᠪ ᠴᠤᠭ᠍ᠯᠠᠭᠤᠯᠬᠤ ᠠᠵᠢᠯ᠎ᠢ ᠵᠡᠷᠭᠡ᠎ᠪᠡᠷ ᠡᠬᠢᠯᠡᠭᠦᠯᠪᠡ᠃

ᠣᠢᠯᠠᠭᠠᠭ᠍ᠰᠠᠨ᠎ᠢᠶᠠᠷ᠂ 《ᠬᠠᠪᠤᠷ᠎ᠤᠨ ᠴᠣᠮᠣᠷᠯᠢᠭ ᠲᠥᠯᠥᠪᠯᠡᠭᠡ》 ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠢᠯᠣᠭᠣᠳᠣᠯᠭ᠎ᠠ ᠳᠤᠤᠷ᠎ᠠ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ ᠪᠣᠯᠤᠨ ᠥᠪᠥᠷ ᠮᠣᠩᠭᠣᠯ᠎ᠤᠨ ᠡᠮᠡᠭ᠌ᠲᠡᠢᠴᠦᠳ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠨᠡᠢᠲᠡ 2500 ᠭᠠᠷᠤᠶ ᠲᠦᠮᠡᠨ ᠲᠥᠭᠥᠷᠢᠭ᠎ᠦᠨ ᠪᠠᠯᠠ ᠮᠥᠩᠭᠥ᠌ ᠴᠤᠭ᠍ᠯᠠᠭᠤᠯᠵᠤ᠂ 1.4 ᠲᠦᠮᠡᠨ 《ᠬᠠᠪᠤᠷ᠎ᠤᠨ ᠴᠣᠮᠣᠷᠯᠢᠭ ᠲᠦᠯᠦᠪᠯᠡᠭᠡ》 ᠵᠢᠨ ᠪᠢᠴᠢᠬᠠᠨ ᠬᠡᠦᠭᠡᠨᠴᠦᠳ᠎ᠲᠦ ᠠᠱᠢᠭ ᠬᠦᠷᠲᠡᠭᠡᠨ᠂ ᠨᠡᠢᠭᠡᠮ᠎ᠦᠨ ᠨᠡᠩ ᠤᠯᠠᠨ ᠬᠠᠢᠷ᠎ᠠ᠎ᠶ᠋ᠢᠨ ᠬᠦᠴᠦᠨ᠎ᠢ ᠨᠢᠭ᠍ᠲᠠᠷᠠᠭᠤᠯᠵᠤ᠂ ᠬᠦᠴᠢᠷᠳᠡᠯ᠎ᠳᠦ ᠲᠤᠯᠭᠠᠷᠠᠭ᠍ᠰᠠᠨ ᠬᠡᠤᠬᠡᠨᠴᠤᠳ᠎ᠦᠨ ᠡᠷᠡᠭᠦᠯ ᠮᠡᠨᠳᠦ ᠪᠠᠶᠠᠷ ᠪᠠᠶᠠᠰᠤᠯ᠎ᠲᠠᠶ ᠪᠡᠷ ᠦᠰᠦᠨ ᠪᠣᠢᠵᠢᠬᠤ᠎ᠳᠤ ᠬᠦᠴᠦ᠍ ᠨᠡᠮᠡᠷᠢᠯᠡᠬᠦ᠌᠎ᠶ᠋ᠢ ᠰᠠᠨᠠᠭᠠᠴᠢᠯᠠᠪᠠ᠃

ᠥᠪᠥᠷ ᠮᠣᠩᠭᠣᠯ᠎ᠤᠨ ᠡᠮᠡᠭ᠌ᠲᠡᠢᠴᠦᠳ ᠬᠡᠦᠬᠡᠳ᠎ᠦᠨ ᠲᠥᠪ ᠪᠠᠰᠠ ᠨᠠᠨ ᠴᠠᠢ ᠾᠦᠸᠸ ᠱᠢ ᠵᠡᠭᠡᠯᠢ᠎ᠶ᠋ᠢᠨ ᠪᠠᠭ᠎ᠠ ᠰᠤᠷᠭᠠᠭᠤᠯᠢ᠎ᠲᠠᠶ 《ᠵᠣᠯ ᠵᠢᠷᠭᠠᠯᠲᠤ ᠭᠡᠷ ᠪᠦᠯᠢ ᠵᠢᠨ ᠠᠵᠢᠯᠯᠠᠬᠤ ᠭᠠᠵᠠᠷ》 ᠢ᠋ ᠵᠢᠩᠬᠢᠨᠢ᠎ᠪᠡᠷ ᠪᠠᠢᠭᠤᠯᠤᠭ᠍ᠰᠠᠨ ᠪᠥᠭᠡᠳ ᠫᠠᠢᠰᠠ ᠡᠯᠭᠦᠵᠦ᠂ ᠬᠣᠢᠱᠢᠳᠠ ᠰᠤᠷᠭᠠᠭᠤᠯᠢ᠎ᠶ᠋ᠢᠨ ᠬᠦᠷᠢᠶᠡᠨ᠎ᠳᠦ ᠦᠨᠳᠦᠰᠦᠯᠡᠵᠦ᠍᠂ ᠬᠡᠦᠬᠡᠳ᠎ᠦᠳ᠎ᠲᠦ ᠰᠡᠳᠭᠢᠴᠡ᠎ᠶ᠋ᠢᠨ ᠬᠠᠢᠷ᠎ᠠ ᠬᠠᠯᠠᠮᠵᠢ᠂ ᠭᠡᠷ᠎ᠤᠨ ᠬᠥᠮᠦᠵᠢᠯ᠎ᠦᠨ ᠵᠢᠯᠤᠭᠤᠳᠤᠯᠭ᠎ᠠ ᠵᠡᠷᠭᠡ ᠦᠢᠯᠡᠴᠢᠯᠡᠭᠡ ᠬᠠᠩᠭᠠᠨ᠂ ᠵᠣᠯ ᠵᠢᠷᠭᠠᠯ᠎ᠢ ᠭᠡᠷ ᠪᠦᠯᠢ ᠪᠣᠯᠭᠠᠨ᠎ᠳᠤ ᠲᠠᠮᠵᠢᠭᠤᠯᠬᠤ ᠪᠣᠯᠤᠨ᠎ᠠ᠃

ᠲᠤᠰ ᠡᠳᠦᠷ᠎ᠤᠨ ᠠᠵᠢᠯᠯᠠᠭ᠎ᠠ ᠨᠢ ᠪᠠᠰᠠ 《ᠬᠠᠢᠷ᠎ᠠ ᠬᠠᠯᠠᠮᠵᠢ ᠪᠡᠷ ᠦᠴᠦᠭᠡᠨ ᠬᠦᠰᠡᠯ᠎ᠢ  ᠬᠡᠷᠡᠯᠳᠦᠭᠦᠯᠵᠦ·ᠬᠡᠦᠬᠡᠳ᠎ᠦᠨ ᠰᠡᠳᠭᠢᠯ᠎ᠢ ᠳᠤᠯᠠᠭᠠᠴᠠᠭᠤᠯᠤᠶ᠎ᠠ》 ᠭᠡᠬᠦ᠌  ᠭᠣᠭ᠍ᠴᠣᠭ᠎ᠠ ᠲᠣᠬᠢᠷᠠᠭᠤᠯᠵᠠᠢ᠃ ᠤᠢᠯᠠᠭᠠᠭᠰᠠᠨ ᠵᠢᠡᠷ᠂ 《6·1》 ᠎ᠤ᠋ ᠬᠡᠦᠭᠡᠳ᠎ᠤᠨ ᠪᠠᠶᠠᠷ ᠡᠴᠡ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠂ ᠬᠥᠬᠡᠬᠣᠲᠠ ᠬᠣᠶᠠᠷ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ 1000 ᠬᠡᠦᠬᠡᠳ᠎ᠦᠨ ᠪᠢᠴᠢᠯ ᠬᠦᠰᠡᠯ᠎ᠢ ᠴᠤᠭ᠍ᠯᠠᠭᠤᠯᠤᠭᠰᠠᠨ ᠪᠠᠢᠨ᠎ᠠ᠃ ᠠᠵᠢᠯᠯᠠᠭᠠᠨ᠎ᠤ ᠲᠤᠬᠠᠶ᠎ᠶ᠋ᠢᠨ ᠲᠠᠯᠠᠪᠠᠶ ᠳ᠋ᠤ ᠬᠠᠮᠢᠶ᠎ᠠ ᠪᠦᠬᠦᠢ ᠤᠳᠤᠷᠢᠳᠤᠯᠭ᠎ᠠ᠂ ᠡᠨᠡᠷᠢᠩᠭᠦᠢ ᠰᠡᠳᠬᠢᠯᠲᠤ ᠡᠵᠢ᠎ᠨᠡᠷ ᠰᠠᠨᠠᠭᠠᠴᠢᠯᠠᠭ᠎ᠠ᠎ᠠᠴᠠ᠎ᠪᠠᠨ ᠬᠡᠤᠬᠡᠳ᠎ᠤᠨ ᠬᠦᠰᠡᠯ᠎ᠢ ᠬᠡᠷᠡᠯᠳᠦᠭᠦᠯᠵᠦ᠂ ᠬᠦᠰᠡᠯ᠎ᠦᠨ ᠺᠠᠷᠲ᠎ᠢ ᠨᠢ ᠠᠪᠴᠤ᠌᠂ ᠨᠢᠮᠪᠠᠶ ᠪᠡᠯᠡᠳᠭᠡᠭ᠌ᠰᠡᠨ ᠪᠡᠯᠡᠭ᠎ᠢᠶᠡᠨ ᠬᠡᠦᠬᠡᠳ᠎ᠲᠤ ᠬᠦᠷᠭᠡᠵᠦ᠍᠂ ᠢᠳᠡᠷᠡᠭᠦᠨ᠎ᠢᠶᠡᠷ ᠦᠰᠦᠨ ᠪᠣᠢᠵᠢᠵᠤ᠂ ᠬᠦᠰᠡᠯ ᠵᠡᠭᠦᠳᠦ᠍᠎ᠪᠡᠨ ᠵᠣᠷᠢᠭ᠍ᠲᠠᠶ᠎ᠪᠠᠷ ᠬᠥᠭᠡᠭᠡᠴᠡᠯᠳᠦᠵᠦ᠍᠂ ᠡᠬᠡ ᠤᠯᠤᠰ᠎ᠤᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ ᠪᠣᠯᠬᠤ᠎ᠶ᠋ᠢ ᠵᠣᠷᠢᠭ᠍ᠵᠢᠭᠤᠯᠪᠠ᠃

ᠲᠣᠰ ᠤᠳᠠᠭᠠᠨ᠎ᠤ ᠠᠵᠢᠯᠯᠠᠭ᠎ᠠ᠎ᠨᠢ ᠦᠨᠳᠦᠰᠦᠲᠡᠨ᠎ᠦ ᠪᠦᠯᠬᠦᠮᠳᠡᠯ᠎ᠢ ᠤᠬᠠᠭᠤᠯᠬᠤ᠂ ᠬᠡᠦᠬᠡᠳ᠎ᠦᠨ ᠰᠡᠳᠭᠢᠯ᠎ᠢ ᠳᠤᠯᠠᠭᠠᠴᠠᠭᠤᠯᠬᠤ᠎ᠪᠠᠷ ᠭᠤᠤᠯ ᠪᠣᠯᠭᠠᠵᠤ᠂ ᠰᠣᠨᠢᠷᠬᠠᠯᠲᠤ ᠲᠣᠭ᠍ᠯᠠᠭᠠᠮ᠂ ᠪᠠᠶᠠᠷ ᠪᠠᠶᠠᠰᠤᠯ᠎ᠢ ᠪᠡᠶᠡᠴᠢᠯᠡᠨ ᠣᠢᠯᠠᠭᠠᠬᠤ᠎ᠪᠠᠷ ᠳᠠᠮᠵᠢᠭᠤᠯᠤᠨ᠂ ᠪᠠᠭᠠᠴᠤᠳ ᠬᠡᠦᠬᠡᠳ᠎ᠲᠦ ᠲᠣᠭ᠍ᠯᠠᠭᠠᠮ᠎ᠤᠨ ᠳᠤᠮᠳᠠ ᠮᠡᠳᠡᠯᠭᠡ ᠬᠦᠷᠲᠡᠭᠡᠨ᠂ ᠰᠠᠢᠨ ᠰᠠᠢᠬᠠᠨ᠎ᠢ ᠮᠡᠳᠡᠷᠡᠭᠦᠯᠵᠦ᠍᠂ ᠪᠠᠶᠠᠷ ᠪᠠᠬᠠᠳᠤᠯ᠎ᠤᠨ ᠳᠤᠮᠳᠠ ᠴᠠᠢᠯᠭᠠᠨ ᠰᠠᠢᠬᠠᠨ ᠵᠠᠩ ᠰᠤᠷᠲᠠᠯ᠎ᠢ ᠬᠥᠮᠦᠵᠢᠭᠦᠯᠵᠦ᠍᠂ ᠦᠴᠦᠭᠡᠨ ᠬᠦᠰᠡᠯ᠎ᠢ ᠨᠢ ᠭᠡᠷᠡᠯᠲᠦᠭᠦᠯᠪᠡ᠃

ᠲᠤᠰ ᠡᠳᠦᠷ᠂ ᠡᠯ᠎ᠡ ᠬᠠᠮᠢᠶ᠎ᠠ ᠪᠦᠬᠦᠢ ᠨᠢᠭᠡᠴᠢ᠎ᠶ᠋ᠢᠨ ᠤᠳᠤᠷᠢᠳᠤᠯᠭ᠎ᠠ᠎ᠨᠠᠷ ᠬᠠᠮᠲᠤ᠎ᠪᠠᠷ ᠬᠣᠲᠣᠩ ᠠᠷᠠᠳ᠎ᠤᠨ ᠲᠣᠭᠣᠷᠢᠭ᠎ᠤᠨ ᠭᠦᠸᠧ ᠱᠢᠩ ᠪᠠᠭ᠎ᠠ ᠰᠤᠷᠭᠠᠭᠤᠯᠢ᠎ᠳᠤ ᠬᠦᠷᠴᠦ᠍ ᠣᠨᠴᠠᠭᠠᠢ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠲᠣᠬᠣᠨᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠶ ᠠᠵᠤ ᠠᠬᠤᠢᠯᠠᠯᠲᠠᠨ᠎ᠤ ᠨᠡᠢᠭᠡᠮᠯᠢᠭ᠎ᠤᠨ ᠬᠢᠨ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ 2 ᠲᠦᠮᠡᠨ ᠲᠥᠭᠥᠷᠢᠭ᠎ᠦᠨ ᠥᠷᠲᠡᠭ ᠪᠥᠬᠥᠶ ᠰᠤᠷᠤᠯᠴᠠᠯᠭ᠎ᠠ᠂ ᠰᠣᠶᠣᠯ ᠲᠠᠮᠢᠷ ᠪᠠ ᠠᠮᠢᠳᠤᠷᠠᠯ᠎ᠤᠨ ᠬᠠᠢᠷ᠎ᠠ ᠬᠠᠯᠠᠮᠵᠢ᠎ᠶ᠋ᠢᠨ ᠡᠳ᠋ ᠪᠣᠳᠠᠰ ᠬᠦᠷᠭᠡᠵᠡᠢ᠃ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠤᠳᠤᠷᠢᠳᠤᠯᠭ᠎ᠠ ᠬᠠᠮᠲᠤ᠎ᠳᠠᠭᠠᠨ 1 ᠲᠦᠮᠡᠨ ᠲᠥᠭᠥᠷᠢᠭ᠎ᠦᠨ ᠥᠷᠲᠡᠭ ᠪᠥᠬᠥᠶ ᠭᠡᠭᠡᠭ᠌ᠳᠡᠬᠦ᠌᠎ᠡᠴᠡ ᠰᠡᠷᠭᠡᠢᠯᠡᠬᠦ᠌ ᠤᠶᠤᠨᠲᠤ ᠪᠢᠴᠢᠭ᠎ᠦᠨ ᠪᠣᠭ᠍ᠴᠣ ᠬᠦᠷᠭᠡᠵᠦ᠍᠂ 《6·1》 ᠤ᠋ ᠲᠤᠰᠭᠠᠶ ᠬᠠᠢᠷ᠎ᠠ ᠬᠠᠯᠠᠮᠵᠢ ᠬᠦᠷᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号