ᠲᠦᠷᠦᠬᠦᠭᠡᠨ ᠱᠧᠨᠵᠧᠨ᠎ᠦ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ ᠪᠤᠯᠤᠨ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ ᠴᠢᠫ ᠤ᠋ᠨ ᠲᠤᠷᠰᠢᠯᠲᠠ᠎ᠶᠢᠨ ᠲᠠᠰᠤᠭ᠎ᠢ ᠬᠠᠮᠳᠤᠷᠠᠨ ᠪᠠᠢᠭᠤᠯᠬᠤ ᠲᠥᠷᠥᠯ ᠵᠦᠢᠯ᠎ᠳᠦ ᠭᠠᠷᠤᠨ ᠥᠰᠥᠭ ᠵᠢᠷᠤᠪᠠ᠃
ᠰᠢᠨ᠎ᠡ ᠮᠠᠶᠢᠭ᠎ᠤᠨ ᠰᠤᠳᠤᠯᠭᠠᠨ᠎ᠤ ᠬᠡᠯᠪᠡᠷᠢ᠎ᠶᠢᠨ ᠶᠡᠬᠡ ᠰᠤᠷᠭᠠᠭᠤᠯᠢ ᠪᠣᠯᠤᠭᠰᠠᠨ᠎ᠤ ᠬᠤᠪᠢ᠎ᠳᠤ ᠱᠧᠨᠵᠧᠨ᠎ᠦ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ ᠨᠢ ᠤᠯᠤᠰ᠎ᠤᠨ ᠳᠤᠷᠰᠢᠯᠳᠠ ᠵᠢᠨ ᠴᠡᠭ᠎ᠤᠨ ᠬᠡᠯᠪᠡᠷᠢ ᠪᠡᠷ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠠᠬᠢᠭᠤᠯᠬᠤ ᠡᠬᠦᠷᠬᠡ ᠵᠢ ᠡᠬᠦᠷᠬᠡᠯᠡᠵᠦ ᠪᠠᠢᠳᠠᠭ᠃ ᠱᠧᠨᠵᠧᠨ᠎ᠦ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠴᠢᠫ ᠤ᠋ᠨ ᠲᠤᠷᠰᠢᠯᠲᠠ᠎ᠶᠢᠨ ᠲᠠᠰᠤᠭ᠎ᠤᠨ ᠲᠥᠷᠥᠯ ᠵᠦᠢᠯ ᠨᠢ ᠰᠠᠭᠤᠷᠢ ᠰᠤᠷᠭᠠᠨ ᠬᠥᠮᠦᠵᠢᠯ ᠪᠣᠯᠣᠨ ᠳᠡᠭᠡᠳᠦ ᠵᠡᠷᠬᠡ ᠵᠢᠨ ᠰᠤᠷᠭᠠᠨ ᠬᠦᠮᠦᠵᠢᠯ᠎ᠤᠨ ᠵᠤᠯᠭᠠᠯᠴᠠᠭ᠎ᠠ ᠵᠢ ᠬᠦᠨᠵᠡᠬᠡᠢᠷᠡᠬᠦᠯᠵᠦ᠂ ᠳᠤᠷ᠎ᠠ ᠰᠣᠨᠢᠷᠬᠠᠯ᠎ᠤᠨ ᠰᠡᠬᠡᠭᠡᠷᠡᠭᠦᠯᠦᠯ᠎ᠡᠴᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠢᠯᠡᠳᠦᠯᠭᠡ ᠬᠦᠷᠲᠡᠯᠡᠬᠢ ᠰᠢᠨ᠎ᠡ᠎ᠶᠢ ᠡᠭᠦᠳᠬᠦ ᠣᠷᠣᠢᠯᠠᠭᠰᠠᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠪᠦᠬᠦ ᠬᠡᠯᠬᠢᠶ᠎ᠡ᠎ᠪᠡᠷ ᠵᠤᠯᠭᠠᠭᠤᠯᠤᠨ ᠬᠦᠮᠦᠵᠢᠬᠦᠯᠬᠦ ᠰᠢᠰᠲ᠋ᠧᠮ᠎ᠢ ᠪᠠᠢᠭᠤᠯᠵᠤ᠂ ᠤᠯᠤᠰ᠎ᠤᠨ ᠳᠣᠲᠣᠭᠠᠳᠤ᠎ᠶᠢᠨ ᠴᠢᠫ᠎ᠤ᠋ᠨ ᠴᠢᠳᠠᠪᠤᠷᠢᠲᠠᠨ᠎ᠢ ᠬᠦᠮᠦᠵᠢᠬᠦᠯᠬᠦ ᠠᠩᠬ᠎ᠠ ᠠᠯᠬᠤᠮ᠎ᠤᠨ ᠵᠠᠭᠪᠤᠷ᠎ᠢ ᠪᠤᠢ ᠪᠤᠯᠭᠠᠭᠰᠠᠨ ᠪᠠᠢᠨ᠎ᠠ᠃ ᠱᠧᠨᠵᠧᠨ᠎ᠦ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ ᠪᠣᠯᠣᠨ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ ᠴᠢᠫ ᠤ᠋ᠨ ᠲᠤᠷᠰᠢᠯᠲᠠ᠎ᠶᠢᠨ ᠲᠠᠰᠤᠭ᠎ᠢᠶᠠᠷ ᠠᠴᠢᠶᠠᠯᠠᠪᠤᠷᠢ ᠪᠣᠯᠭᠠᠵᠤ᠂ ᠰᠢᠨᠵᠢᠯᠡᠬᠦ ᠤᠬᠠᠭᠠᠨ᠎ᠤ ᠬᠥᠮᠦᠵᠢᠯ᠎ᠦᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠴᠢᠨᠠᠷ ᠰᠠᠢᠲᠠᠢ ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠬᠥᠮᠥᠵᠢᠭᠦᠯᠬᠦ ᠠᠷᠭ᠎ᠠ ᠵᠠᠮ᠎ᠢ ᠬᠠᠮᠲᠤ ᠪᠠᠷ ᠰᠦᠪᠡᠭᠴᠢᠯᠡᠵᠦ᠂ ᠨᠡᠩ ᠤᠯᠠᠨ ᠰᠢᠯᠢᠳᠡᠭ ᠰᠤᠷᠤᠭ᠍ᠴᠢᠳ᠎ᠢ ᠤᠯᠤᠰ ᠭᠡᠷ᠎ᠦᠨ ᠬᠠᠢᠷ᠎ᠠ ᠰᠡᠳᠬᠢᠯᠭᠡ ᠲᠠᠢ᠂ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ ᠲᠠᠢ᠂ ᠰᠢᠨ᠎ᠡ᠎ᠶᠢ ᠡᠭᠦᠳᠬᠦ ᠴᠢᠳᠠᠪᠤᠷᠢ᠎ᠲᠠᠢ ᠰᠢᠨ᠎ᠡ ᠴᠠᠭ ᠦᠶ᠎ᠡ᠎ᠶᠢᠨ ᠴᠢᠳᠠᠪᠤᠷᠢᠲᠠᠨ ᠪᠣᠯᠭᠠᠨ ᠬᠥᠮᠥᠵᠢᠭᠦᠯᠬᠦ᠎ᠳᠦ ᠬᠦᠴᠦᠨ ᠨᠡᠮᠡᠷᠢᠯᠡᠬᠦ ᠪᠤᠯᠤᠨ᠎ᠠ᠃
ᠲᠤᠬᠠᠢ᠎ᠶᠢᠨ ᠡᠳᠦᠷ᠂ ᠱᠧᠨᠵᠧᠨ᠎ᠦ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ 2026 ᠣᠨ᠎ᠤ ᠵᠢᠩᠬᠢᠨᠢ ᠠᠩᠭᠢ᠎ᠶᠢᠨ ᠰᠣᠷᠣᠭ᠍ᠴᠢ ᠡᠯᠰᠡᠬᠦ ᠤᠬᠠᠭᠤᠯᠤᠨ ᠲᠠᠢᠯᠪᠤᠷᠢᠯᠠᠬᠤ ᠬᠤᠷᠠᠯ᠎ᠤᠨ ᠬᠥᠬᠡᠬᠣᠲᠠ᠎ᠳ᠋ᠡᠬᠢ ᠲᠤᠰᠬᠠᠢ ᠲᠠᠯᠠᠪᠠᠶ ᠠᠵᠢᠯᠯᠠᠭ᠎ᠠ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠶᠠᠪᠤᠭᠳᠠᠪᠠ᠃ ᠣᠢᠯᠠᠭᠠᠭᠰᠠᠨ᠎ᠢᠶᠠᠷ᠂ 2025 ᠣᠨ᠎ᠳᠤ ᠱᠧᠨᠵᠧᠨ᠎ᠦ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ ᠵᠢᠨ ᠬᠢᠨ ᠭᠤᠸᠠᠩᠳᠦ᠋ᠩ᠂ ᠥᠪᠥᠷ ᠮᠣᠩᠭᠣᠯ᠂ ᠵᠧᠵᠢᠶᠠᠩ ᠂ ᠵᠢᠶᠠᠩᠰᠢ᠂ ᠾᠧᠨᠠᠨ᠂ ᠬᠤᠪᠧᠢ᠂ ᠬᠤᠨᠠᠨ᠂ ᠰᠧᠴᠦᠸᠠᠨ ᠠ᠋ᠴᠠ 360 ᠵᠢᠩᠬᠢᠨᠢ ᠠᠩᠭᠢ᠎ᠶᠢᠨ ᠰᠣᠷᠣᠭ᠍ᠴᠢ ᠡᠯᠰᠡᠵᠦ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ᠎ᠤ ᠰᠣᠷᠣᠭ᠍ᠴᠢ᠎ᠶᠢᠨ ᠢᠷᠡᠯᠲᠡ᠎ᠶᠢᠨ ᠴᠢᠨᠠᠷ ᠴᠢᠨᠰᠠᠭ᠎ᠠ ᠨᠢ ᠮᠠᠰᠢ ᠦᠨᠳᠦᠷ ᠪᠠᠢᠳᠠᠭ᠂ ᠡᠭᠦᠨ᠎ᠳᠦ ᠥᠪᠥᠷ ᠮᠣᠩᠭᠣᠯ ᠠ᠋ᠴᠠ 11 ᠰᠢᠯᠢᠳᠡᠭ ᠰᠣᠷᠣᠭ᠍ᠴᠢ ᠡᠯᠰᠡᠵᠦ᠂ ᠬᠠᠮᠤᠭ᠎ᠤᠨ ᠳᠣᠣᠷ᠎ᠠ ᠬᠤᠪᠢ᠎ᠶᠢᠨ ᠬᠢᠵᠠᠭᠠᠷᠯᠠᠯ ᠨᠢ ᠥᠪᠡᠷᠲᠡᠭᠡᠨ ᠵᠠᠰᠠᠬᠤ ᠣᠷᠣᠨ᠎ᠤ ᠡᠮᠦᠨ᠎ᠡ 1.69% ᠳ᠋ᠤ ᠪᠠᠢᠪᠠ᠃ 2026 ᠣᠨ᠎ᠳᠤ᠂ ᠲᠣᠰ ᠰᠤᠷᠭᠠᠭᠤᠯᠢ ᠥᠪᠥᠷ ᠮᠣᠩᠭᠣᠯ ᠠ᠋ᠴᠠ ᠰᠣᠷᠣᠭ᠍ᠴᠢ ᠡᠯᠰᠡᠬᠦ ᠬᠡᠪᠴᠢᠶ᠎ᠡ᠎ᠪᠡᠨ ᠥᠷᠭᠡᠳᠬᠡᠵᠦ᠂ ᠵᠢᠱ᠌ᠢᠯᠲᠡ᠎ᠪᠡᠷ 20 ᠬᠥᠮᠥᠨ᠎ᠡᠴᠡ ᠳᠡᠭᠡᠭᠰᠢ ᠰᠣᠷᠣᠭ᠍ᠴᠢ ᠡᠯᠰᠡᠬᠦ ᠪᠡᠷ ᠪᠠᠢᠨ᠎ᠠ᠃