ᠣᠢᠷ᠎ᠠ᠎ᠳᠤ ᠨᠡᠢᠳᠡᠯᠡᠭᠰᠡᠨ《〈ᠳᠤᠮᠳᠠᠳᠤ ᠤᠯᠤᠰ᠎ᠤᠨ ᠲᠠᠷᠢᠶᠠᠯᠠᠩ᠎ᠤᠨ ᠲᠤᠰᠭᠠᠶ ᠮᠡᠷᠭᠡᠵᠢᠯ᠎ᠦᠨ ᠨᠡᠢᠭᠡᠮᠯᠢᠭ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ〉 ᠪᠠᠢᠭᠤᠯᠬᠤ᠎ᠶ᠋ᠢ ᠵᠥᠪᠱᠢᠶᠡᠷᠡᠬᠦ᠌ ᠲᠤᠬᠠᠶ ᠴᠣᠬᠣᠯᠠᠪᠤᠷᠢ》 ᠶ᠋ᠢ ᠦᠨᠳᠦᠰᠦᠯᠡᠪᠡᠯ᠂ ᠦᠪᠦᠷ ᠮᠤᠨᠭᠭᠤᠯ᠎ᠦᠨ ᠲᠠᠷᠢᠶᠠᠯᠠᠩ᠎ᠦᠨ ᠶᠡᠭᠡ ᠰᠤᠷᠭᠠᠭᠤᠯᠢ᠎ᠶ᠋ᠢᠨ ᠪᠠᠭ᠍ᠰᠢ᠎ᠪᠠᠷ ᠲᠡᠷᠢᠭᠦᠨ ᠲᠤᠰᠭᠠᠶ ᠮᠡᠷᠭᠡᠵᠢᠯᠲᠡᠨ ᠪᠣᠯᠭᠠᠭ᠍ᠰᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ 24 ᠰᠤᠩᠭᠤᠭᠳᠠᠵᠤ᠂ ᠲᠤᠰ ᠰᠤᠷᠭᠠᠭᠤᠯᠢ᠎ᠶ᠋ᠢᠨ ᠬᠢᠨ᠎ᠤ ᠣᠷᠣᠨ ᠨᠤᠲᠤᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠵᠢᠨ ᠳᠤᠮᠳᠠᠬᠢ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠢᠯᠡᠷᠡᠭᠦᠯᠪᠡ᠃
ᠡᠳᠡᠭᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠨᠢ ᠡᠪᠡᠰᠦᠨ᠎ᠦ ᠦᠶ᠋ᠯᠡᠰ᠂ ᠡᠷᠳᠡᠨᠢ ᠱᠢᠰᠢ᠂ ᠲᠥᠪᠡᠳ ᠬᠠᠰᠢ᠂ ᠮᠢᠬᠠᠨ᠎ᠤ ᠦᠬᠡᠷ ᠵᠡᠷᠭᠡ ᠣᠯᠠᠨ ᠣᠨᠴᠠᠯᠢᠭ᠍ᠲᠤ ᠠᠵᠤ ᠦᠶ᠋ᠯᠡᠰ᠎ᠦᠨ ᠬᠦᠷᠢᠶ᠎ᠡ᠎ᠶ᠋ᠢ ᠬᠠᠮᠤᠷᠴᠤ᠌᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠡᠴᠡ ᠲᠤᠰ ᠰᠤᠷᠭᠠᠭᠤᠯᠢ᠎ᠲᠠᠶ ᠬᠠᠮᠲᠤᠷᠠᠨ ᠪᠥᠲᠥᠭᠡᠨ ᠪᠠᠢᠭᠤᠯᠵᠤ᠂ ᠲᠤᠬᠠᠶ᠎ᠶ᠋ᠢᠨ ᠭᠠᠵᠠᠷ᠎ᠤᠨ ᠳᠠᠭᠠᠭᠤᠯᠤᠭ᠍ᠴᠢ ᠠᠵᠤ ᠠᠬᠤᠢᠯᠠᠯ᠂ ᠲᠠᠷᠢᠶᠠᠴᠢᠳ᠎ᠤᠨ ᠲᠤᠰᠭᠠᠶ ᠬᠣᠷᠱᠢᠶ᠎ᠠ ᠵᠡᠷᠭᠡ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠲᠦᠱᠢᠭ᠌ᠯᠡᠨ ᠪᠣᠳᠠᠲᠠᠶ ᠠᠵᠢᠯᠯᠠᠨ᠎ᠠ᠃ ᠡᠯ᠎ᠡ ᠵᠢᠵᠢᠭ ᠬᠦᠷᠢᠶᠡᠯᠡᠩ᠎ᠦᠨ ᠲᠡᠷᠢᠭᠦᠨ ᠲᠤᠰᠭᠠᠶ ᠮᠡᠷᠭᠡᠵᠢᠯᠲᠡᠨ ᠠᠰᠫᠢᠷᠠᠨᠲ ᠳᠠᠭᠠᠭᠤᠯᠤᠨ ᠦᠶ᠋ᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠣᠷᠳᠣ ᠬᠤᠭᠤᠴᠠᠭ᠎ᠠ᠎ᠪᠠᠷ ᠦᠨᠳᠦᠰᠦᠯᠡᠵᠦ᠍᠂ ᠠᠵᠤ ᠦᠶ᠋ᠯᠡᠰ᠎ᠦᠨ ᠪᠣᠳᠠᠲᠠᠶ ᠮᠡᠷᠭᠡᠵᠢᠯ᠎ᠦᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ ᠥᠷᠨᠢᠭᠦᠯᠵᠦ᠍᠂ ᠱᠢᠨ᠎ᠡ ᠮᠡᠷᠭᠡᠵᠢᠯ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠬᠢᠭᠡᠳ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯ᠎ᠢ ᠵᠡᠷᠭᠡ᠎ᠪᠡᠷ ᠠᠬᠢᠭᠤᠯᠵᠤ᠂ ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨᠳ᠋ᠤ ᠦᠶ᠋ᠯᠡᠴᠢᠯᠡᠭᠡ ᠬᠠᠨᠭᠭᠠᠬᠤ ᠪᠤᠯᠤᠨ᠎ᠠ᠃
2021 ᠣᠨ᠎ᠠᠴᠠ ᠨᠠᠭᠠᠰᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ ᠳᠤᠮᠳᠠᠳᠤ ᠤᠯᠤᠰ᠎ᠤᠨ ᠲᠠᠷᠢᠶᠠᠯᠠᠩ᠎ᠤᠨ ᠲᠤᠰᠬᠠᠢ ᠮᠡᠷᠭᠡᠵᠢᠯ᠎ᠦᠨ ᠨᠡᠢᠭᠡᠮᠯᠢᠭ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ 72 ᠪᠠᠢᠭᠤᠯᠵᠤ᠂ ᠪᠥᠬᠥ᠌ ᠣᠷᠣᠨ᠎ᠤ 12 ᠠᠢᠮᠠᠭ ᠬᠣᠲᠠ᠎ᠶ᠋ᠢ ᠬᠠᠮᠤᠷᠴᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠦᠨ ᠪᠥᠬᠥ᠌ ᠣᠷᠣᠨ ᠪᠦᠰᠡ᠎ᠳᠦ ᠪᠠᠢᠷᠢᠱᠢᠭᠤᠯᠬᠤ᠎ᠶ᠋ᠢ ᠡᠩ ᠲᠡᠷᠢᠭᠦᠨ᠎ᠳᠦ ᠪᠡᠶᠡᠯᠡᠭᠦᠯᠪᠡ᠃ ᠲᠤᠰ ᠰᠤᠷᠭᠠᠭᠤᠯᠢ᠎ᠵᠢᠨ ᠬᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠥᠷᠲᠡᠭᠡ ᠴᠡᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ ᠵᠡᠷᠭᠡ ᠲᠠᠪᠴᠠᠩ᠎ᠳᠤ ᠲᠦᠱᠢᠭ᠌ᠯᠡᠨ᠂ ᠴᠢᠳᠠᠪᠤᠷᠢᠲᠠᠨ᠎ᠢ ᠲᠥᠪᠯᠡᠷᠡᠭᠦᠯᠬᠦ᠌ ᠪᠠ ᠮᠡᠷᠭᠡᠵᠢᠯ᠎ᠢ ᠲᠥᠪᠯᠡᠷᠡᠭᠦᠯᠬᠦ᠌ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ ᠬᠢᠭᠡᠳ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠪᠠᠲᠤ ᠪᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠪᠠ ᠴᠢᠳᠠᠪᠤᠷᠢᠲᠠᠨ᠎ᠤ ᠪᠠᠲᠤᠯᠠᠭ᠎ᠠ ᠬᠠᠩᠭᠠᠪᠠ᠃