4 ᠰᠠᠷ᠎ᠠ᠎ᠶ᠋ᠢᠨ 27᠎ᠤ᠋ ᠡᠳᠦᠷ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠂ ᠪᠥᠬᠥ᠌ ᠤᠯᠤᠰ᠎ᠤᠨ ᠵᠠᠯᠠᠭᠤᠴᠤᠳ᠎ᠤᠨ ᠬᠤᠯᠪᠤᠭ᠎ᠠ᠎ᠠᠴᠠ 2026 ᠣᠨ᠎ᠤ ᠳᠤᠮᠳᠠᠳᠤ ᠤᠯᠤᠰ᠎ᠤᠨ ᠵᠠᠯᠠᠭᠤᠴᠤᠳ᠎ᠤᠨ ᠲᠠᠪᠤᠨ ᠰᠠᠷ᠎ᠠ᠎ᠶ᠋ᠢᠨ ᠳᠥᠷᠪᠡᠨ᠎ᠦ ᠱᠠᠩᠨᠠᠯ᠎ᠤᠨ ᠮᠧᠳᠡᠯ ᠵᠢᠴᠢ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ ᠱᠠᠩᠨᠠᠯ ᠣᠯᠭᠣᠵᠤ᠂ ᡁᠢ ᠳ᠋ᠸ ᠶᠤᠸᠠᠨ ᠵᠡᠷᠭᠡ 29 ᠨᠥᠬᠥᠷ᠎ᠲᠦ ᠳᠤᠮᠳᠠᠳᠤ ᠤᠯᠤᠰ᠎ᠤᠨ ᠵᠠᠯᠠᠭᠤᠴᠤᠳ᠎ᠤᠨ ᠲᠠᠪᠤᠨ ᠰᠠᠷ᠎ᠠ᠎ᠶ᠋ᠢᠨ ᠳᠥᠷᠪᠡᠨ᠎ᠦ ᠱᠠᠩᠨᠠᠯ᠎ᠤᠨ ᠮᠧᠳᠡᠯ ᠣᠯᠭᠣᠵᠤ᠂ ᠱᠠᠩᠬᠠᠶ᠎ᠶ᠋ᠢᠨ 《ᠵᠠᠭ᠍ᠪᠤᠷ᠎ᠤᠨ ᠬᠤᠷᠳᠤᠴᠠ᠎ᠶ᠋ᠢᠨ ᠣᠷᠣᠨ ᠵᠠᠶ》 ᠵᠢᠨ ᠲᠣᠮᠣ ᠵᠠᠭ᠍ᠪᠤᠷ᠎ᠤᠨ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢᠨ ᠨᠡᠢᠭᠡᠮ ᠲᠣᠭᠣᠷᠢᠭ᠎ᠤᠨ ᠵᠠᠯᠠᠭᠤᠴᠤᠳ᠎ᠤᠨ ᠪᠦᠯᠬᠦᠮ ᠵᠡᠷᠭᠡ 30 ᠵᠠᠯᠠᠭᠤᠴᠤᠳ᠎ᠤᠨ ᠬᠠᠮᠲᠤ ᠨᠢᠭᠡᠴᠢ᠎ᠳᠦ ᠳᠤᠮᠳᠠᠳᠤ ᠤᠯᠤᠰ᠎ᠤᠨ ᠵᠠᠯᠠᠭᠤᠴᠤᠳ᠎ᠤᠨ ᠲᠠᠪᠤᠨ ᠰᠠᠷ᠎ᠠ᠎ᠶ᠋ᠢᠨ ᠳᠥᠷᠪᠡᠨ᠎ᠦ ᠱᠠᠩᠨᠠᠯ᠎ᠤᠨ ᠮᠧᠳᠡᠯ ᠣᠯᠭᠣᠵᠤ᠂ ᠳ᠋ᠢᠶᠤᠤ ᠱᠢᠨ ᠢᠦᠶ ᠵᠡᠷᠭᠡ 749 ᠨᠥᠬᠥᠷ᠎ᠲᠦ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ ᠱᠠᠨᠭᠨᠠᠯ ᠣᠯᠭᠣᠭ᠍ᠰᠠᠨ ᠪᠠᠢᠨ᠎ᠠ᠃
ᠡᠭᠦᠨ᠎ᠳᠦ᠂ ᠥᠪᠥᠷ ᠮᠣᠩᠭᠣᠯ᠎ᠤᠨ ᠬᠣᠶᠠᠷ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ ᠱᠠᠩᠨᠠᠯ᠎ᠢ ᠭᠥᠷᠳᠡᠪᠡ᠂ ᠲᠡᠳᠡ ᠪᠤᠯ ᠲᠣᠰ ᠲᠣᠰ ᠥᠪᠥᠷ ᠮᠣᠩᠭᠣᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠠᠦ᠋ᠲ᠋ᠣᠴᠢᠯᠠᠭ᠍ᠰᠠᠨ ᠮᠡᠷᠭᠡᠵᠢᠯ᠎ᠦᠨ ᠵᠢᠭᠠᠨ ᠰᠤᠳᠤᠯᠬᠤ ᠲᠠᠰᠤᠭ᠎ᠤᠨ ᠳᠡᠳ᠋ ᠡᠷᠬᠢᠯᠡᠭ᠌ᠴᠢ ᠵᠠᠩ ᠪᠢᠨ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠬᠢᠭᠡᠳ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠠᠷᠤᠬᠠᠨ ᠪᠣᠯᠤᠨ᠎ᠠ᠃
ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠵᠠᠯᠠᠭᠤᠴᠤᠳ᠎ᠤᠨ ᠬᠣᠯᠪᠣᠭ᠎ᠠ᠎ᠠᠴᠠ ᠥᠷᠭᠡᠨ ᠤᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠢ ᠵᠢᠱ᠌ᠢᠶᠡᠴᠢ᠎ᠡᠴᠡ ᠰᠤᠷᠤᠯᠴᠠᠵᠦ᠍᠂ ᠲᠡᠷᠢᠭᠦᠨ᠎ᠦ ᠬᠢ ᠪᠡᠷ ᠲᠠᠭᠤᠷᠢᠶᠠᠯ ᠪᠤᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠠᠷᠠᠯᠲᠠ ᠡᠭᠦᠷᠭᠡ᠎ᠪᠡᠨ ᠪᠠᠲᠤ ᠲᠣᠭ᠍ᠲᠠᠭᠠᠵᠤ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠴᠤᠭ ᠪᠠᠳᠠᠷᠠᠩᠭᠤᠢ ᠥᠭᠡᠳᠡᠯᠡᠨ ᠲᠠᠪᠱᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠪᠤᠢ ᠪᠤᠯᠭᠠᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠬᠠᠷᠢᠭᠤᠴᠠᠯᠭ᠎ᠠ ᠡᠭᠦᠷᠭᠡᠯᠡᠵᠦ᠍᠂ 《ᠨᠠᠮ ᠮᠠᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢᠳᠡ ᠪᠠᠢᠨᠠᠮ》 ᠭᠡᠬᠦ ᠵᠠᠯᠠᠭᠤ ᠨᠠᠰᠤᠨ᠎ᠤ ᠲᠠᠩᠭᠠᠷᠢᠭ᠎ᠢᠶᠠᠨ ᠦᠢᠯᠡᠳᠦᠯᠭᠡᠵᠢᠭᠦᠯᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠵᠠᠯᠠᠭᠤ ᠨᠠᠰᠤᠨ᠎ᠤ ᠱᠢᠨ᠎ᠡ ᠬᠠᠭᠤᠳᠠᠰᠤ᠎ᠶ᠋ᠢ ᠪᠢᠴᠢᠭ᠌ᠯᠡᠳᠦᠭᠡᠢ ᠭᠡᠵᠦ᠍ ᠤᠷᠢᠶᠠᠯᠠᠪᠠ᠃