《ᠬᠠᠤᠯᠢ》 ᠵᠢ ᠰᠤᠷᠤᠯᠴᠠᠨ ᠤᠬᠠᠭᠤᠯᠵᠤ 《ᠪᠦᠯᠬᠦᠮᠳᠡᠯ》 ᠢ᠋ ᠬᠠᠮᠠᠭᠠᠯᠠᠨ ᠠᠬᠢᠭᠤᠯᠤᠶ᠎ᠠ
2026-05-06 11:31:12
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

《ᠳᠦᠷᠪᠡᠨ ᠨᠠᠰᠤᠳᠠᠢ ᠬᠠᠯᠢᠭᠤᠨ ᠨᠢ ᠡ᠂ ᠳᠦᠷᠦᠭᠡ ᠵᠢᠭᠢᠭᠡᠮᠡᠷ ᠶᠦᠷᠭᠡᠭᠡ ᠲᠠᠢ ᠁ 》 ᠲᠥᠪ ᠲᠧᠯᠸᠢᠰ᠎ᠤᠨ ᠮᠣᠷᠢᠨ ᠵᠢᠯ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ᠎ᠳᠡᠭᠡᠷ᠎ᠡ ᠳᠠᠭᠤᠴᠢᠨ ᠤᠷᠠᠨ᠎ᠠ᠂ ᠲᠣᠭ᠍ᠯᠠᠭ᠍ᠴᠢ ᠠᠷᠢᠭᠤᠨ᠎ᠠ ᠪᠤᠯᠤᠨ ᠥᠪᠥᠷ ᠮᠣᠩᠭᠣᠯ ᠎ᠤᠨ ᠤᠯᠠᠭᠠᠨᠮᠥ᠋ᠴᠢᠷ᠎ᠦᠨ 95 ᠲᠤᠭᠯᠠᠭᠴᠢ 《ᠳᠦᠷᠪᠡᠨ ᠨᠠᠰᠤᠳᠠᠢ ᠬᠠᠯᠢᠭᠤᠨ》 ᠭᠡᠬᠦ᠌ ᠳᠠᠭᠤᠤ ᠎ᠶ᠋ᠢ ᠳᠠᠭᠤᠯᠠᠵᠤ᠂ ᠢᠷᠠᠭᠤ ᠰᠠᠢᠬᠠᠨ ᠠᠶᠠᠯᠭᠤ ᠪᠠ ᠭᠣᠢᠳᠠ ᠰᠠᠢᠬᠠᠨ ᠲᠣᠭ᠍ᠯᠠᠯᠲᠠ᠎ᠪᠠᠷ᠎ᠢᠶᠠᠨ ᠮᠣᠩᠭᠣᠯ ᠮᠣᠷᠢᠨ ᠎ᠤ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠵᠦ᠍᠂ ᠰᠠᠢᠨ ᠰᠠᠢᠬᠠᠨ ᠠᠮᠢᠳᠤᠷᠠᠯ᠎ᠢ ᠬᠠᠮᠲᠤ ᠪᠠᠷ ᠴᠤᠬᠴᠠᠯᠠᠵᠤ ᠪᠠᠢᠭ᠎ᠠ ᠬᠠᠯᠠᠭᠤᠨ ᠳᠤᠯᠠᠭᠠᠨ ᠵᠢᠷᠤᠭ᠎ᠢ ᠳᠡᠯᠭᠡᠨ ᠦᠵᠡᠭᠦᠯᠵᠦ᠍᠂ ᠦᠵᠡᠭᠴᠢᠳ ᠤᠯᠠᠨ ᠎ᠤ ᠬᠠᠯᠠᠭᠤᠨ ᠬᠦᠷᠢᠶᠡᠯᠡᠯ᠎ᠢ ᠣᠯᠵᠠᠶ᠃

ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠳᠤ ᠤᠯᠠᠮᠵᠢᠯᠠᠯ᠎ᠲᠠᠶ ᠪᠠᠢᠵᠤ᠂ ᠤᠷᠳᠤ ᠬᠤᠭᠤᠴᠠᠭᠠᠨ᠎ᠤ ᠲᠤᠷᠰᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ ᠵᠢᠡᠨ ᠬᠠᠮᠠᠭᠠᠯᠠᠭᠰᠠᠭᠠᠷ ᠢᠷᠡᠵᠡᠢ᠃ ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠪᠣᠯᠤᠨ ᠤᠨᠤᠯ᠎ᠤᠨ ᠰᠤᠳᠤᠯᠭᠠᠨ᠎ᠢ ᠭᠦᠨᠵᠡᠭᠡᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ ᠎ᠤ ᠭᠡᠷ ᠣᠷᠣᠨ ᠎ᠤ  ᠪᠠᠢᠭᠤᠯᠤᠯᠲᠠ᠎ᠶ᠋ᠢ ᠲᠠᠰᠤᠷᠠᠯᠳᠠ ᠦᠭᠡᠢ ᠠᠬᠢᠭᠤᠯᠵᠤ᠂ ᠦᠨᠳᠦᠰᠦᠲᠡᠨ᠎ᠨᠦᠭᠦᠳ ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠢ ᠠᠬᠢᠭᠤᠯᠵᠤ᠂ ᠦᠨᠳᠦᠰᠦᠲᠡᠨ᠎ᠨᠦᠭᠦᠳ ᠤ᠋ᠨ ᠲᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭᠰᠢᠯᠠᠬᠤ᠎ᠳᠤ ᠬᠦᠴᠦᠨ ᠨᠡᠮᠡᠷᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠰᠦᠷᠯᠢᠭ ᠰᠠᠢᠬᠠᠨ ᠬᠠᠭᠤᠳᠠᠰᠤ᠎ᠶ᠋ᠢ ᠵᠢᠷᠤᠭ᠍ᠯᠠᠭ᠍ᠰᠠᠨ ᠪᠠᠢᠨ᠎ᠠ᠃

  ᠵᠢᠯ ᠪᠦᠷᠢ᠎ᠶ᠋ᠢᠨ 5 ᠰᠠᠷ᠎ᠠ ᠪᠤᠯ ᠦᠨᠳᠦᠰᠦᠲᠡᠨ᠎ᠦ ᠲᠦᠷᠦ ᠶ᠋ᠢᠨ ᠪᠤᠳᠤᠯᠭ᠎ᠠ ᠵᠢᠨ ᠤᠬᠠᠭᠤᠯᠭ᠎ᠠ᠎ᠶ᠋ᠢᠨ ᠰᠠᠷ᠎ᠠ ᠪᠤᠯᠤᠨ᠎ᠠ᠃ ᠡᠨᠡ ᠵᠢᠯ ᠎ᠦᠨ ᠠᠵᠢᠯᠯᠠᠭ᠎ᠠ ᠎ᠨᠢ《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠤᠶ᠎ᠠ》 ᠬᠡᠬᠦ ᠎ᠪᠠᠷ ᠭᠤᠤᠯ ᠰᠡᠳᠦᠪ ᠪᠣᠯᠭᠠᠵᠤ᠂ ᠤᠬᠠᠭᠤᠯᠭ᠎ᠠ ᠵᠢᠨ ᠬᠡᠯᠪᠡᠷᠢ ᠵᠢᠨ ᠰᠢᠨ᠎ᠠ ᠵᠢ ᠡᠬᠦᠳᠬᠦ᠂ ᠲᠠᠮᠵᠢᠭᠤᠯᠭ᠎ᠠ ᠵᠢᠨ ᠦᠷ᠎ᠠ ᠪᠦᠳᠦᠮᠵᠢ ᠵᠢ ᠲᠡᠭᠡᠭᠰᠢᠯᠡᠬᠦᠯᠬᠦ ᠲᠠᠯ᠎ᠠ ᠪᠡᠷ ᠦᠷᠬᠦᠯᠵᠢᠯᠡᠨ ᠬᠦᠴᠦᠯᠡᠵᠤ᠂ ᠨᠠᠮ᠎ᠤᠨ ᠦᠨᠳᠦᠰᠦᠲᠡᠨ᠎ᠦ ᠣᠨᠣᠯ ᠲᠥᠷᠥ ᠎ᠶ᠋ᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠳᠦᠰᠦᠨ ᠱᠠᠲᠤᠨ᠎ᠳᠤ ᠬᠦᠷᠭᠡᠬᠦ᠂ ᠬᠥᠮᠦᠰ᠎ᠦᠨ ᠰᠡᠳᠭᠢᠯ᠎ᠢ ᠤᠮᠳᠠᠯᠠᠬᠤ ᠰᠠᠢᠨ ᠰᠠᠢᠬᠠᠨ ᠪᠠᠢᠳᠠᠯ᠎ᠢ ᠪᠤᠢ ᠪᠤᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠤ᠋ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠴᠣᠭ᠍ᠴᠠᠯᠠᠬᠤ ᠵᠢ ᠬᠥᠲᠥᠯᠥᠨ ᠵᠢᠯᠣᠭᠣᠳᠦᠨ᠎ᠠ᠃

ᠠᠮᠢᠵᠢᠷᠠᠯ ᠪᠢᠯᠬᠠᠭᠰᠠᠨ ᠬᠠᠪᠤᠷ ᠬᠦᠰᠡᠯ ᠡᠷᠡᠮᠡᠯᠵᠡᠯ ᠢ᠋ ᠬᠦᠭᠵᠢᠭᠡᠨ᠎ᠡ᠃ ᠪᠢᠳᠠ ᠦᠨᠳᠦᠰᠤᠳᠡᠨ᠎ᠤ  ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ ᠪᠡᠷ ᠠᠵᠠ ᠲᠤᠬᠢᠶᠠᠯ ᠪᠤᠯᠭᠠᠵᠤ᠂ ᠪᠦᠬᠦ᠌ ᠣᠷᠣᠨ ᠤ᠋ ᠦᠨᠳᠦᠰᠦᠲᠡᠨ ᠨᠤᠭᠦᠳ ᠤ᠋ᠨ ᠺᠠᠳ᠋ᠷ ᠤᠯᠠᠨ ᠲᠦᠮᠡᠨ᠎ᠢ ᠲᠠᠢᠴᠢᠯᠠᠨ᠂  ᠦᠨᠳᠦᠰᠦᠲᠡᠨ ᠤ᠋ ᠪᠦᠯᠬᠦᠮᠳᠡᠯ ᠢ᠋ ᠬᠠᠷᠠᠬᠤ ᠨᠢᠳᠦᠨ ᠤ᠋ ᠴᠡᠴᠡᠭᠡᠢ  ᠪᠡᠨ ᠰᠢᠭ ᠬᠠᠢᠷᠠᠯᠠᠨ ᠬᠠᠮᠠᠭᠠᠯᠠᠵᠤ᠂ ᠦᠪᠡᠷ ᠤ᠋ᠨ ᠠᠮᠢ ᠨᠠᠰᠤ ᠪᠠᠨ ᠰᠢᠬ ᠨᠠᠨᠳᠢᠩᠨᠠᠨ ᠬᠠᠢᠷᠠᠯᠠᠵᠤ᠂ ᠨᠠᠮ᠎ᠤᠨ ᠠᠴᠢ ᠳ᠋ᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠪᠡᠷ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠴᠣ ᠱᠢᠨ᠎ᠡ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠠ᠃

 《ᠲᠤᠰᠤᠯ ᠤᠰᠤ ᠳᠠᠯᠠᠢ ᠳ᠋ᠤ ᠨᠡᠮᠡᠷᠢ》 ᠭᠡᠳᠡᠭᠴᠢᠯᠡᠨ᠂ ᠪᠢᠳᠡ ᠥᠪᠡᠷ ᠤ᠋ᠨ ᠪᠡᠶ᠎ᠡ ᠡᠴᠡ ᠪᠡᠨ ᠭᠠᠷᠳᠠᠨ᠂ ᠪᠠᠭ᠎ᠠ ᠶᠠᠪᠤᠳᠠᠯ ᠡᠴᠡ ᠭᠠᠷᠳᠠᠨ᠂ ᠵᠢᠵᠢᠭ ᠰᠠᠵᠢᠭ ᠵᠦᠢᠯᠡᠰ ᠡᠴᠡ ᠭᠠᠷᠳᠠᠨ ᠬᠢᠬᠦ ᠶ᠋ᠢ ᠪᠠᠷᠢᠮᠲᠠᠯᠠᠵᠤ᠂ ᠨᠡᠢᠭᠡᠮ ᠵᠢᠷᠤᠮ ᠤ᠋ᠨ ᠭᠣᠣᠯᠯᠠᠭ᠍ᠴᠢ ᠦᠷᠳᠡᠭ ᠤ᠋ᠨ ᠦᠵᠡᠯᠲᠡ ᠶ᠋ᠢ ᠤᠬᠠᠮᠰᠠᠷ ᠡᠴᠡ ᠪᠠᠨ ᠦᠢᠯᠡᠳᠦᠯᠭᠡᠵᠢᠭᠦᠯᠤᠨ᠂ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠶ᠋ᠢᠨ ᠤᠬᠠᠭᠤᠯᠭ᠎ᠠ ᠬᠥᠮᠦᠵᠢᠯ ᠳ᠋ᠤ ᠢᠳᠡᠪᠬᠢᠲᠡᠢ ᠣᠷᠣᠯᠴᠠᠨ᠂ ᠤᠬᠠᠮᠰᠠᠷ ᠡᠴᠡ ᠪᠠᠨ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠶ᠋ᠢᠨ ᠰᠠᠨᠠᠭᠠᠴᠢᠯᠠᠭ᠍ᠴᠢ᠂ ᠦᠢᠯᠡᠳᠦᠯᠭᠡᠵᠢᠭᠦᠯᠦᠭ᠌ᠴᠢ᠂ ᠠᠬᠢᠭᠤᠯᠤᠬ᠍ᠴᠢ ᠪᠤᠯᠵᠤ᠂ ᠪᠦᠯᠬᠦᠮᠳᠡᠯ ᠢ᠋ ᠬᠠᠮᠠᠭᠠᠯᠠᠬᠤ ᠰᠠᠢ᠌ᠨ ᠬᠡᠪ ᠳᠠᠭᠤᠷᠢᠶᠠᠯ᠂ ᠦᠷ᠎ᠡ ᠬᠡᠦᠬᠡᠳ ᠶ᠋ᠢᠡᠨ ᠬᠥᠮᠦᠵᠢᠭᠦᠯᠬᠦ᠌ ᠰᠠᠢ᠌ᠨ ᠭᠡᠷ  ᠤ᠋ᠨ ᠠᠬᠠᠮᠠᠳ᠂ ᠢᠷᠠᠭᠤ ᠠᠯᠳᠠᠷ ᠢ᠋ ᠨᠠᠨᠳᠢᠩᠨᠠᠬᠤ ᠰᠠᠢ᠌ᠨ ᠠᠷᠠᠳ ᠢᠷᠭᠡᠨ ᠪᠣᠯᠬᠤ ᠪᠡᠷ ᠴᠢᠷᠮᠠᠢᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠡᠷ ᠶ᠋ᠢᠡᠨ ᠪᠦᠬᠦ᠌ ᠣᠷᠣᠨ ᠤ᠋ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠶ᠋ᠢᠨ ᠦᠢᠯᠡᠰ ᠲᠦ᠍  ᠦᠪᠡᠷᠮᠢᠴᠡ ᠬᠦᠴᠦᠨ  ᠵᠢᠡᠨ ᠨᠡᠮᠡᠷᠢᠯᠡᠶ᠎ᠡ  !

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号