ᠨᠠᠢᠷᠠᠭᠤᠯᠤᠭ᠍ᠴᠢ᠎ᠶ᠋ᠢᠨ ᠦᠭᠡ᠄
ᠲᠠᠪᠤᠨ ᠰᠠᠷ᠎ᠠ᠎ᠶ᠋ᠢᠨ ᠠᠨᠠᠷ ᠤ᠋ᠨ ᠴᠡᠴᠡᠬᠡᠰ ᠦᠪᠤᠷ ᠮᠤᠡᠭᠭᠤᠯ ᠤ᠋ᠨ ᠡᠬᠡ ᠭᠠᠵᠠᠷ ᠲᠸ᠋ ᠤᠯᠠᠯᠵᠠᠨ ᠲᠡᠯᠭᠡᠷᠡᠵᠦ᠂ ᠵᠢᠱ᠌ᠢᠶᠡᠴᠢ᠎ᠶ᠋ᠢᠨ ᠬᠦᠴᠦᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ ᠵᠢᠨ ᠱᠢᠨ᠎ᠡ ᠵᠢᠷᠤᠭ᠎ᠢ ᠵᠢᠷᠤᠭᠯᠠᠨ᠎ᠠ᠃ 2026 ᠣᠨ᠎ᠤ ᠪᠥᠬᠥ᠌ ᠣᠷᠣᠨ᠎ᠤ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠵᠢᠨ ᠰᠠᠷ᠎ᠠ ᠬᠦᠷᠴᠦ ᠢᠷᠡᠬᠦ ᠲᠠᠰᠢᠷᠠᠮ ᠳ᠋ᠤ ᠪᠢᠳᠡ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠡᠷᠬᠢᠯᠡᠵᠦ ᠪᠤᠢ《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠳᠤ ᠤᠷᠤᠭᠰᠢᠯᠠᠨᠠᠮ》 ᠲᠥᠷᠥᠯ ᠲᠠᠮᠳᠡᠭᠳᠦ ᠠᠵᠢᠯᠯᠠᠭ᠎ᠠ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠷᠢᠰ ᠮᠡᠳᠡᠭᠡᠯᠡᠯ᠎ᠢᠶᠡᠨ ᠡᠬᠢᠯᠡᠬᠦᠯᠤᠯ᠎ᠠ᠃
ᠦᠯᠢᠭᠡᠷ ᠳᠠᠭᠤᠷᠢᠶᠠᠯ ᠬᠦᠴᠦᠨ ᠴᠢᠳᠠᠯ᠎ᠢ ᠨᠢᠭ᠍ᠲᠠᠷᠠᠭᠤᠯᠵᠤ᠂ ᠪᠦᠯᠬᠦᠮᠳᠡᠯ ᠨᠢᠭᠳᠠᠷᠠᠯ ᠬᠦᠭᠵᠢᠯ ᠪᠠᠳᠠᠷᠠᠯ᠎ᠢ ᠬᠤᠷᠤᠢᠯᠠᠨ᠎ᠠ᠃《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠳᠤ ᠤᠷᠤᠭᠰᠢᠯᠠᠨᠠᠮ》ᠲᠦᠷᠦᠯ ᠲᠡᠮᠳᠡᠭᠳᠦ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ《1571》ᠠᠵᠢᠯ᠎ᠤᠨ ᠪᠠᠢᠷᠢᠯᠠᠭᠤᠯᠤᠯᠲᠠ᠎ᠳᠤ ᠰᠠᠭᠤᠷᠢᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠵᠢᠱ᠌ᠢᠶᠡᠴᠢ ᠦᠨᠳᠦᠰᠦᠨ ᠱᠠᠲᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠤᠷ᠎ᠠ ᠮᠡᠷᠭᠡᠵᠢᠯ ᠶ᠋ᠢᠡᠷ ᠬᠦᠴᠤᠨ ᠨᠡᠮᠡᠷᠢᠯᠡᠬᠦ᠂ ᠠᠷᠠᠳ᠎ᠲᠤ ᠠᠱᠢᠭ ᠬᠦᠷᠲᠡᠭᠡᠬᠦ᠌ ᠠᠯᠪᠠᠨ ᠵᠢᠷᠦᠮ᠎ᠤᠨ ᠦᠶ᠋ᠯᠡᠴᠢᠯᠡᠭᠡ ᠬᠢᠬᠦ᠂ ᠰᠣᠶᠣᠯ᠎ᠢᠶᠠᠷ ᠰᠡᠳᠭᠢᠯ᠎ᠢ ᠤᠮᠳᠠᠯᠠᠬᠤ ᠣᠯᠠᠨ ᠡᠱᠢᠲᠦ ᠠᠷᠭ᠎ᠠ ᠬᠡᠮᠵᠢᠶ᠎ᠡ᠎ᠶ᠋ᠢ ᠨᠡᠢᠳᠬᠡᠨ᠂ ᠠᠵᠢᠯᠯᠠᠭ᠎ᠠ ᠵᠢ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠪᠣᠯᠤᠨ ᠣᠯᠠᠨ ᠲᠦᠮᠡᠨ᠎ᠦ ᠪᠣᠳᠠᠲᠤ ᠬᠦᠰᠡᠯ ᠡᠷᠡᠮᠡᠯᠵᠡᠯᠯᠦᠭᠡ ᠨᠠᠷᠢᠯᠢᠭ ᠤᠨᠤᠴᠠᠲᠠᠢ ᠵᠣᠯᠭᠠᠭᠤᠯᠵᠤ᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠪᠠᠢᠨ᠎ᠠ᠃
ᠲᠠᠭᠠᠯᠠᠨ ᠤᠡᠭᠰᠢᠮᠤ!
ᠤᠷᠢᠬᠠᠨ ᠬᠠᠪᠤᠷ᠂ ᠦᠵᠡᠰᠬᠦᠯᠠᠡᠭᠲᠤ ᠰᠠᠢᠬᠠᠨ ᠬᠢᠡᠭᠭᠠᠨ ᠤ᠋ ᠡᠬᠡ ᠭᠠᠵᠠᠷ ᠲᠸ᠋ ᠠᠨᠠᠷ ᠤ᠋ᠨ ᠦᠷ᠎ᠠ ᠪᠠᠭᠴᠠᠷᠠᠨ᠂ ᠠᠨᠠᠷ ᠤ᠋ᠨ ᠬᠡᠯᠬᠢᠶ᠎ᠠ ᠪᠠᠲᠤᠵᠢᠨ᠂ ᠦᠨᠲᠤᠰᠤᠲᠠᠨ ᠤ᠋ ᠪᠦᠯᠬᠦᠮᠲᠠᠯ ᠤ᠋ᠨ ᠢᠷᠠᠭᠤ ᠠᠶᠠᠰᠴᠤᠤᠷᠢᠶᠠᠲᠤᠨᠠ᠃
ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠬᠡᠷᠡᠭ᠌ᠯᠡᠭᠡᠨ᠎ᠦ ᠲᠥᠪ ᠡᠴᠡ ᠵᠤᠬᠢᠶᠠᠨ ᠪᠠᠢᠭᠤᠯᠤᠭᠰᠠᠨ《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠲᠤ ᠤᠷᠤᠭᠰᠢᠯᠠᠨᠠᠮ》 ᠤᠨᠴᠠᠯᠢᠭᠲᠤ ᠠᠵᠢᠯᠯᠠᠭ᠎ᠠ ᠡᠨᠡ ᠵᠢᠯ ᠤ᠋ᠨ 2 ᠰᠠᠷ᠎ᠠ ᠳ᠋ᠤ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ ᠬᠦᠰᠢᠭᠡ ᠢᠷᠠᠵᠤ᠂ ᠪᠦᠬᠦ ᠤᠷᠤᠨ ᠳ᠋ᠤ ᠦᠨᠳᠦᠰᠦᠲᠡᠨ᠎ᠦ ᠪᠦᠯᠬᠦᠮᠳᠡᠯ᠎ᠲᠠᠪᠰᠢᠯᠳᠠ ᠵᠢᠨ ᠦᠯᠢᠭᠡᠷ ᠵᠢᠱ᠌ᠢᠶᠡᠴᠢ ᠲᠤᠰᠬᠠᠢ ᠮᠡᠷᠭᠡᠵᠢᠯᠳᠡᠨ ᠲᠥᠷᠥ᠎ᠶ᠋ᠢᠨ ᠪᠣᠳᠣᠯᠭ᠎ᠠ᠎ᠵᠢᠨ ᠤᠬᠠᠭᠤᠯᠭ᠎ᠠ᠂ ᠤᠷ᠎ᠠ ᠮᠡᠷᠬᠡᠵᠢᠯ ᠤ᠋ᠨ ᠪᠣᠯᠪᠠᠰᠤᠷᠠᠯ᠂ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡ ᠬᠢᠭᠡᠳ ᠰᠣᠶᠣᠯ᠎ᠤᠨ ᠬᠠᠮᠳᠤ ᠵᠢᠨ ᠲᠠᠨᠢᠯᠳᠠ ᠶ᠋ᠢ ᠲᠠᠷᠢᠶᠠᠨ ᠭᠠᠵᠠᠷ᠂ ᠡᠬᠡᠯ ᠠᠷᠠᠳ ᠤ᠋ᠨ ᠡᠭᠦᠳᠡᠨ ᠳ᠋ᠤ ᠬᠦᠷᠭᠡᠵᠦ᠍᠂ ᠨᠠᠮ ᠤ᠋ᠨ ᠦᠨᠲᠤᠰᠤᠲᠠᠨ ᠤ᠋ ᠠᠵᠢᠯ᠎ᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠰᠢᠨ᠎ᠡ ᠲᠦᠷᠦᠯ ᠲᠠᠮᠳᠡᠭ᠎ᠢ ᠡᠬᠦᠳᠴᠤ᠂ ᠦᠨᠲᠤᠰᠤᠲᠠᠨ ᠨᠤᠬᠦᠳ ᠤ᠋ᠨ ᠤᠯᠠᠨ ᠲᠦᠮᠠᠨ ᠤ᠋ ᠪᠦᠯᠬᠦᠮᠲᠠᠯ ᠲᠠᠪᠰᠢᠯᠲᠠ ᠶ᠋ᠢ ᠠᠬᠢᠭᠤᠯᠤᠨ᠂ ᠵᠢᠱ᠌ᠢᠶᠡᠴᠢ ᠦᠪᠠᠷᠲᠠᠬᠡᠨ ᠵᠠᠰᠠᠬᠤ ᠤᠷᠤᠨ᠎ᠢ ᠪᠦᠬᠦ ᠲᠠᠯ᠎ᠠ ᠪᠠᠷ ᠪᠦᠲᠦᠬᠡᠨ ᠪᠠᠢᠭᠤᠯᠬᠤ ᠳ᠋ᠤ ᠠᠮᠢᠲᠤᠯᠢᠭ ᠲᠤᠯᠢ ᠬᠠᠩᠭᠠᠯ᠎ᠠ!

ᠲᠤᠰᠭᠠᠶ ᠮᠡᠷᠭᠡᠵᠢᠯᠲᠡᠨ ᠪᠠ ᠵᠢᠱ᠌ᠢᠶᠡᠴᠢ ᠨᠠᠮ ᠤᠨ ᠲᠠᠭᠤᠨ᠎ᠢ ᠦᠨᠳᠦᠰᠦᠨ ᠱᠠᠳᠤᠨ ᠳ᠋ᠤ ᠲᠠᠮᠵᠢᠭᠤᠯᠪᠠ
《ᠨᠠᠮ᠎ᠤᠨ ᠰᠠᠢ᠌ᠨ ᠲᠦᠷᠦ᠍᠎ᠶ᠋ᠢᠨ ᠪᠤᠳᠤᠯᠭ᠎ᠠ ᠲᠦᠭ ᠲᠦᠮᠡᠨ ᠠᠢᠯ ᠡᠷᠦᠬᠡ ᠵᠢᠨ ᠠᠵᠤ ᠠᠮᠢᠲᠤᠷᠠᠯ ᠂ ᠵᠤᠯ ᠵᠢᠷᠭᠠᠯ ᠲᠠᠢ ᠰᠢᠭᠤᠳ ᠬᠣᠯᠪᠣᠭ᠍ᠳᠠᠵᠤ ᠪᠠᠢᠳᠠᠭ᠂ ᠨᠠᠮ᠎ᠤᠨ ᠰᠠᠢ᠌ᠨ ᠲᠦᠷᠦ᠍᠎ᠶ᠋ᠢᠨ ᠪᠤᠳᠤᠯᠭ᠎ᠠ ᠪᠤᠯ ᠮᠠᠨ᠎ᠤ ᠪᠠᠶᠠᠵᠢᠨ ᠴᠢᠨᠡᠭᠡᠯᠢᠭ᠌ᠵᠢᠬᠦ᠌ ᠵᠠᠮ ᠳᠡᠭᠡᠷᠡᠬᠢ ᠬᠠᠮᠤᠭ᠎ᠤᠨ ᠶᠠᠬᠡ ᠪᠠᠳᠤᠯᠠᠭ᠎ᠠ ᠮᠥᠨ᠂ ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠪᠠᠶᠠᠵᠢᠨ ᠴᠢᠨᠡᠭᠡᠯᠢᠭ᠌ᠵᠢᠬᠦ᠌ ᠵᠢᠨ ᠦᠨᠳᠦᠰᠦ ᠰᠠᠭᠤᠷᠢ ᠮᠦᠨ ᠁》ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ ᠴᠢ ᠱᠢᠶᠤᠤ ᠵᠢᠩ ᠤᠬᠠᠭᠤᠯᠤᠨ ᠲᠠᠢᠯᠪᠤᠷᠢᠯᠠᠬᠤ ᠲᠠᠪᠴᠠᠩ᠎ᠤᠨ ᠡᠮᠦᠨ᠎ᠡ ᠵᠣᠭ᠍ᠰᠣᠵᠤ᠂ ᠪᠤᠷᠤᠭᠵᠢᠭᠤᠨ ᠦᠭᠡ ᠬᠡᠯᠡᠯᠭᠡ ᠪᠡᠷ ᠬᠥᠳᠡᠭᠡ ᠲᠣᠰᠭᠣᠨ᠎ᠳᠤ ᠦᠨᠳᠦᠰᠦᠯᠡᠭ᠌ᠰᠡᠨ ᠲᠡᠮᠡᠴᠡᠯ᠎ᠦᠨ ᠦᠯᠢᠬᠡᠷ᠎ᠢᠶᠡᠨ ᠬᠤᠪᠢᠶᠠᠯᠴᠠᠪᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠬᠤᠭᠤᠴᠠᠭᠠᠨ᠎ᠳᠤ ᠨᠤᠲᠤᠭ᠎ᠤᠨ ᠠᠬ᠎ᠠ ᠳᠡᠭᠦᠦ᠍ᠨᠡᠷᠵᠢᠡᠨ ᠲᠠᠢᠴᠢᠯᠠᠨ ᠪᠠᠶᠠᠵᠢᠯ ᠤ᠋ᠨ ᠵᠠᠮ ᠶ᠋ᠢᠡᠷ ᠵᠠᠮᠨᠠᠭᠰᠠᠨ ᠡᠴᠡ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠦᠨ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠬᠦᠷᠲᠡᠯ᠎ᠡ᠂ ᠲᠡᠷᠡ ᠥᠪᠡᠷ᠎ᠦᠨ ᠪᠤᠳᠠᠳᠠᠢ ᠦᠢᠯᠡᠳᠦᠯᠭᠡ᠎ᠪᠡᠷ᠎ᠢᠶᠡᠨ《ᠬᠠᠮᠵᠢᠯᠴᠠᠨ ᠬᠠᠮᠳᠤ ᠪᠡᠷ ᠬᠥᠭ᠌ᠵᠢᠬᠦ᠌᠂ ᠠᠵᠤ ᠦᠢᠯᠡᠰ᠎ᠢᠶᠡᠷ ᠬᠦᠳᠡᠭᠡ ᠲᠣᠰᠭᠣᠨ᠎ᠢ ᠬᠦᠭᠵᠢᠬᠦᠯᠦᠨ ᠮᠠᠨᠳᠤᠭᠤᠯᠬᠤ》ᠵᠢᠨ ᠭᠦᠨᠵᠡᠭᠡᠢ ᠠᠭᠤᠯᠤᠭ᠍ᠳᠠᠬᠤᠨ᠎ᠢ ᠲᠠᠢᠯᠪᠤᠷᠢᠯᠠᠵᠤ᠂ ᠲᠠᠢᠰᠠᠨ ᠳᠣᠣᠷ᠎ᠠ ᠦᠨᠲᠤᠰᠤᠲᠠᠨ ᠨᠤᠬᠦᠳ ᠤ᠋ᠨ ᠤᠯᠠᠨ ᠲᠦᠮᠠᠨ ᠨᠢᠵᠢᠬᠢᠨᠡᠳᠡᠯ᠎ᠡ ᠠᠯᠠᠭ᠎ᠠ ᠲᠠᠰᠢᠵᠤ ᠪᠠᠢᠪᠠ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠨᠠᠷ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠯᠢᠦ ᠵᠥᠩ ᠬᠤᠸᠠ ᠲᠤᠬᠠᠶ᠎ᠶ᠋ᠢᠨ ᠭᠠᠵᠠᠷ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠨᠤᠲᠤᠭ᠎ᠤᠨ ᠠᠶᠠᠯᠭᠤ ᠨᠤᠲᠤᠭ᠎ᠤᠨ ᠦᠭᠡ᠎ᠪᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠢᠯᠪᠤᠷᠢᠯᠠᠵᠤ᠂ ᠨᠠᠮ᠎ᠤᠨ ᠦᠨᠳᠦᠰᠦᠨ ᠪᠣᠳᠣᠯᠭ᠎ᠠ ᠴᠢᠭ᠌ᠯᠡᠯᠲᠡ᠎ᠶ᠋ᠢ ᠣᠯᠠᠨ ᠲᠦᠮᠡᠨ᠎ᠦ ᠰᠣᠨᠣᠰᠴᠤ᠌ ᠣᠢᠯᠠᠭᠠᠬᠤ ᠳ᠋ᠤ ᠬᠢᠯᠪᠠᠷ ᠡᠩ᠎ᠦᠨ ᠦᠭᠡ ᠪᠣᠯᠭᠠᠨ ᠤᠬᠠᠭᠤᠯᠪᠠ᠃ 《ᠥᠩᠭᠡᠷᠡᠭ᠌ᠰᠡᠨ᠎ᠳᠦ ᠲᠥᠷᠥ᠎ᠶ᠋ᠢᠨ ᠪᠣᠳᠣᠯᠭ᠎ᠠ ᠨᠢ ᠪᠢᠳᠡᠨ᠎ᠤ ᠡᠩ᠎ᠤᠨ ᠤᠯᠠᠨ ᠲᠦᠮᠡᠨ ᠡᠴᠡ ᠬᠤᠯᠠ ᠬᠤᠯᠠᠬᠢ ᠤᠴᠢᠷ ᠭᠡᠵᠦ᠍ ᠪᠣᠳᠣᠵᠤ ᠪᠠᠢᠭ᠍ᠰᠠᠨ᠂ ᠥᠨᠥᠳᠦᠷ ᠲᠤᠰᠬᠠᠢ ᠮᠡᠷᠭᠡᠵᠢᠯᠳᠡᠨ᠎ᠤ ᠲᠠᠢᠯᠤᠮᠵᠢ ᠵᠢ ᠰᠤᠨᠤᠰᠤᠭᠠᠳ ᠦᠨᠡᠨ ᠳ᠋ᠡᠭᠡᠨ ᠵᠦᠢᠯ ᠵᠤᠷᠪᠤᠰ ᠪᠦᠷᠢ ᠨᠢ ᠴᠦᠮ ᠪᠢᠳᠡᠨ᠎ᠢ ᠬᠠᠪᠰᠤᠷᠤᠨ ᠣᠷᠣᠯᠭ᠎ᠠ᠎ᠶ᠋ᠢ ᠨᠡᠮᠡᠭ᠌ᠳᠡᠭᠦᠯᠵᠦ᠍᠂ ᠲᠣᠰᠭᠣᠨ᠎ᠢ ᠬᠠᠪᠰᠤᠷᠤᠨ ᠬᠥᠭ᠌ᠵᠢᠭᠦᠯᠵᠦ᠍ ᠪᠠᠢᠨ᠎ᠠ ᠭᠡᠳᠡᠭ᠎ᠢ ᠤᠢᠯᠠᠭᠠᠯ᠎ᠠ ᠁》ᠭᠡᠵᠦ᠍ ᠲᠣᠰᠭᠣᠨ᠎ᠤ ᠠᠷᠠᠳ ᠪᠠᠶᠠᠨ ᠰᠡᠳᠭᠢᠯ ᠳᠣᠭ᠍ᠳᠣᠯᠤᠨ ᠬᠡᠯᠡᠯ᠎ᠡ᠃ ᠲᠤᠰᠭᠠᠶ ᠮᠡᠷᠭᠡᠵᠢᠯᠲᠡᠨ᠎ᠦ ᠲᠠᠢᠯᠤᠮᠵᠢ ᠪᠠ ᠵᠢᠱ᠌ᠢᠶᠡᠴᠢ᠎ᠵᠢᠨ ᠦᠯᠢᠬᠡᠷ ᠲᠠᠭᠤᠷᠢᠶᠠᠯ ᠨᠢ ᠨᠠᠮ᠎ᠤᠨ ᠲᠠᠭᠤᠨ᠎ᠢ ᠦᠨᠳᠦᠰᠦᠨ ᠱᠠᠲᠤᠨ᠎ᠳᠤ ᠱᠢᠭᠤᠳ ᠬᠦᠷᠭᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ ᠢᠲᠡᠭᠡᠯ ᠵᠣᠷᠢᠭ᠎ᠢ ᠤᠯᠠᠮ ᠴᠢᠨᠠᠭ᠍ᠰᠢᠳᠠ ᠪᠠᠲᠤᠳᠬᠠᠪᠠ᠃

ᠲᠠᠷᠢᠶᠠᠨ ᠵᠤᠷᠬ᠎ᠠ ᠪᠠ ᠬᠡᠷ ᠤ᠋ᠨ ᠡᠬᠦᠲᠠᠨ ᠳ᠋ᠤ ᠮᠡᠷᠭᠡᠵᠢᠯ ᠬᠦᠷᠬᠡᠪᠡ
《ᠨᠠᠲᠠ ᠳ᠋ᠤ ᠪᠠᠭᠰᠢ ᠡᠴᠠ ᠪᠦᠲᠦᠬᠡᠭᠲᠠᠬᠦᠨᠢᠶᠡᠨ ᠶᠠᠮᠠᠷ ᠬᠠᠷᠠᠭᠠᠰᠤ ᠡᠴᠠ ᠰᠡᠬᠦᠲᠠᠷᠯᠠᠪᠠᠯ ᠵᠤᠬᠢᠬᠤ᠂ ᠦᠶ᠋ᠯᠡᠳᠬᠦᠨ ᠵᠢᠡᠨ ᠶᠠᠭᠠᠬᠢᠵᠤ ᠲᠠᠨᠢᠯᠴᠠᠭᠤᠯᠤᠨ ᠬᠤᠳᠠᠯᠳᠤᠬᠤᠬᠦᠷᠲᠠᠯᠠ ᠨᠠᠷᠢᠯᠢᠭ ᠬᠢᠨᠠᠮᠠᠭᠠᠢ ᠪᠤᠯᠪᠠᠰᠤᠷᠠᠯ ᠤ᠋ᠨ ᠵᠢᠯᠤᠭᠤᠲᠤᠯᠭ᠎ᠠ ᠬᠢᠵᠡᠢ᠃ ᠪᠢ ᠲᠤᠰ ᠪᠤᠯᠪᠠᠰᠤᠷᠠᠯ ᠳ᠋ᠤ ᠤᠷᠤᠯᠴᠠᠭᠠᠳ ᠮᠠᠰᠢ ᠶᠠᠬᠡ ᠤᠯᠤᠯᠲᠠ ᠲᠠᠢ ᠪᠠᠢᠨ᠎ᠠ᠃》 ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠡᠯᠧᠺᠲ᠋ᠷᠣᠨ ᠬᠤᠳᠠᠯᠳᠤᠭᠠᠨ᠎ᠤ ᠰᠠᠭᠤᠷᠢᠨ᠎ᠳᠤ ᠲᠠᠷᠢᠶᠠᠴᠢᠨ ᠡᠸ᠋ ᠱᠢᠤ ᠯᠠᠨ 《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠲᠤ ᠤᠷᠤᠭᠰᠢᠯᠠᠨᠠᠮ》 ᠠᠵᠢᠯᠯᠠᠭ᠎ᠠ ᠵᠢᠨ ᠤᠷ᠎ᠠ ᠮᠡᠷᠬᠡᠵᠢᠯ ᠤ᠋ᠨ ᠪᠤᠯᠪᠠᠰᠤᠷᠠᠯ ᠳ᠋ᠤ ᠤᠷᠤᠯᠴᠠᠭᠰᠠᠨ ᠣᠯᠤᠯᠲᠠ ᠲᠥᠷᠥᠭ᠌ᠳᠡᠯ᠎ᠢᠶᠡᠨ ᠪᠠᠶᠠᠷ ᠲᠠᠶᠬᠤᠪᠢᠶᠠᠯᠴᠠᠪᠠ᠃
《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠲᠤ ᠤᠷᠤᠭᠰᠢᠯᠠᠨᠠᠮ》ᠠᠵᠢᠯᠯᠠᠭ᠎ᠠ ᠨᠢ ᠲᠠᠷᠢᠶᠠᠯᠠᠩ᠎ᠤᠨ ᠣᠨᠴᠠ ᠭᠠᠷᠤᠯᠲᠠ᠎ᠶ᠋ᠢᠨ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂《ᠲᠣᠭᠠᠴᠢᠯᠠᠭ᠍ᠰᠠᠨ ᠬᠤᠳᠠᠯᠳᠤᠭ᠎ᠠ᠎ᠪᠠᠷ ᠲᠠᠷᠢᠶᠠᠯᠠᠩ᠎ᠢ ᠬᠥᠭ᠌ᠵᠢᠭᠦᠯᠬᠦ᠌》ᠡᠯᠧᠺᠲ᠋ᠷᠣᠨ ᠬᠤᠳᠠᠯᠳᠤᠭᠠᠨ᠎ᠤ ᠤᠷ᠎ᠠ ᠮᠡᠷᠬᠡᠵᠢᠯ ᠤ᠋ᠨ ᠪᠣᠯᠪᠠᠰᠤᠷᠠᠯ ᠡᠷᠭᠢᠯᠡᠵᠦ᠍᠂ ᠡᠯᠧᠺᠲ᠋ᠷᠣᠨ ᠬᠤᠳᠠᠯᠳᠤᠭᠠᠨ᠎ᠤ ᠯᠧᠺᠲ᠋ᠣᠷ ᠪᠣᠯᠤᠨ ᠲᠣᠰ ᠭᠠᠵᠠᠷ᠎ᠤᠨ ᠦᠶ᠋ᠯᠡᠰ ᠪᠤᠰᠭᠠᠬᠤ ᠳᠠᠭᠠᠭᠤᠯᠤᠭ᠍ᠴᠢ ᠡᠴᠡ ᠱᠢᠭᠤᠳ ᠨᠡᠪᠲᠡᠷᠡᠭᠦᠯᠬᠦ᠌ ᠶᠠᠷᠢᠶᠠᠨ᠎ᠤ ᠮᠡᠷᠭᠡᠵᠢᠯ᠂ ᠤᠷᠤᠰᠴᠠ᠎ᠶ᠋ᠢᠨ ᠡᠵᠡᠩᠨᠡᠯᠲᠡ᠎ᠡᠴᠡ ᠪᠣᠷᠣᠯᠠᠭᠤᠯᠭ᠎ᠠ᠎ᠶ᠋ᠢᠨ ᠳᠠᠷᠠᠭᠠᠬᠢ ᠬᠠᠮᠢᠶᠠᠷᠤᠯᠲᠠ ᠬᠦᠷᠲᠡᠯᠡᠬᠢ ᠪᠥᠬᠥ᠌ ᠶᠠᠪᠤᠴᠠ ᠵᠢᠨ ᠬᠢᠴᠢᠶᠡᠯ ᠤᠷᠤᠵᠤ᠂ ᠲᠠᠷᠢᠶᠠᠴᠢᠳ᠎ᠤᠨ《ᠬᠤᠷᠤᠭᠤᠨ ᠦᠵᠦᠭᠦᠷ᠎ᠦᠨ ᠠᠵᠤ ᠠᠬᠤᠶ》᠎ᠪᠡᠷ ᠣᠷᠣᠯᠭ᠎ᠠ᠎ᠪᠠᠨ ᠨᠡᠮᠡᠭ᠌ᠳᠡᠭᠦᠯᠬᠦ᠌ ᠨᠢᠭᠤᠴᠠ ᠨᠣᠮᠧᠷ᠎ᠢ ᠲᠠᠢᠯᠪᠠ᠃
ᠣᠨᠣᠯ᠎ᠤᠨ ᠬᠢᠴᠢᠶᠡᠯ᠎ᠦᠨ ᠲᠠᠩᠬᠢᠮ᠎ᠠᠴᠠ ᠭᠠᠳᠠᠨ᠎ᠠ᠂ ᠰᠤᠷᠤᠯᠭᠠᠳᠠᠳ ᠶᠤᠸᠠᠨ ᠰᠢᠨ ᠲᠣᠰᠭᠣᠨ᠎ᠤ ᠭᠦᠵᠡᠯᠵᠡᠭᠡᠨ᠎ᠡ᠎ᠶ᠋ᠢᠨ ᠬᠦᠷᠢᠶᠡᠯᠡᠩ᠂ ᠭᠤᠤ ᠭᠧᠨ ᠶᠢᠩᠽᠢ᠎ᠶ᠋ᠢᠨ ᠬᠥᠬᠡ ᠵᠢᠮᠢᠰᠭᠡᠨ᠎ᠡ᠎ᠶ᠋ᠢᠨ ᠲᠠᠷᠢᠮᠠᠯ᠎ᠤᠨ ᠬᠦᠷᠢᠶᠡᠯᠡᠩ᠎ᠳᠦ ᠬᠦᠷᠴᠦ᠍᠂ ᠲᠠᠷᠢᠮᠠᠯ ᠳᠠᠷᠢᠬᠤ᠂ ᠤᠰᠤ ᠪᠣᠷᠲᠣᠭᠣᠷ᠎ᠢ ᠨᠢᠭᠡ ᠴᠤᠭ᠍ᠴᠠᠵᠢᠭᠤᠯᠬᠤ ᠵᠡᠷᠭᠡ ᠣᠲᠣ ᠦᠶ᠎ᠡ᠎ᠶ᠋ᠢᠨ ᠲᠠᠷᠢᠶᠠᠯᠠᠩ᠎ᠤᠨ ᠮᠡᠷᠭᠡᠵᠢᠯ᠎ᠢ ᠪᠣᠳᠠᠲᠠᠶ ᠭᠠᠵᠠᠷ᠎ᠲᠤᠨᠢ ᠰᠤᠷᠤᠯᠴᠠᠵᠤ᠂《ᠡᠮᠦᠨᠡᠲᠦ ᠣᠷᠣᠨ᠎ᠤ ᠵᠢᠮᠢᠰ ᠤᠮᠠᠷᠠᠲᠤ ᠣᠷᠣᠨ᠎ᠤ ᠡᠭᠦᠯᠳᠡᠷ》ᠪᠣᠯᠤᠨ ᠭᠤᠷᠪᠠᠳᠤᠭᠠᠷ ᠠᠵᠤ ᠦᠶ᠋ᠯᠡᠰ᠎ᠦᠨ ᠠᠭᠤᠰᠤᠯᠴᠠᠯ᠎ᠤᠨ ᠬᠥᠭ᠌ᠵᠢᠯᠲᠡ᠎ᠶ᠋ᠢᠨ ᠠᠷᠭ᠎ᠠ ᠵᠠᠮ᠎ᠢ ᠣᠢᠷ᠎ᠠ᠎ᠠᠴᠠ ᠣᠢᠯᠠᠭᠠᠪᠠ᠃《ᠱᠢᠨ᠎ᠡ ᠮᠡᠷᠭᠡᠵᠢᠯ᠎ᠢ ᠰᠤᠷᠴᠤ᠌ ᠡᠵᠡᠮᠱᠢᠭᠡᠳ ᠪᠠᠰᠠ ᠱᠢᠨ᠎ᠡ ᠵᠠᠮ᠎ᠢ ᠣᠯᠵᠤ ᠬᠠᠷᠠᠯ᠎ᠠ᠂ ᠬᠡᠷ ᠲᠠᠬᠡᠨ ᠬᠠᠷᠢᠭ᠍ᠰᠠᠨ᠎ᠤ ᠳᠠᠷᠠᠭ᠎ᠠ ᠡᠲᠡᠭᠡᠷ ᠠᠷᠭ᠎ᠠ᠎ᠶ᠋ᠢ ᠥᠪᠡᠷ᠎ᠦᠨ ᠬᠦᠯᠡᠮᠵᠢ᠎ᠳᠡᠭᠡᠨ ᠬᠡᠷᠡᠭ᠌ᠯᠡᠨ᠎ᠡ 》ᠭᠡᠵᠦ ᠲᠠᠷᠢᠮᠠᠯ᠎ᠤᠨ ᠡᠷᠦᠬᠡ ᠸᠠᠩ ᠯᠸᠢ ᠬᠡᠯᠡᠬᠦ᠌᠎ᠳᠡᠭᠡᠨ ᠲᠣᠰ ᠤᠳᠠᠭᠠᠨ᠎ᠤ ᠪᠣᠯᠪᠠᠰᠤᠷᠠᠯ ᠨᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠲᠡᠶ ᠲᠣᠭᠠᠴᠢᠯᠠᠭ᠍ᠰᠠᠨ ᠬᠥᠳᠡᠯᠭᠡᠬᠦ᠌ ᠬᠦᠴᠤᠨ ᠨᠡᠮᠡᠷᠢᠯᠡᠭ᠌ᠰᠡᠨ ᠪᠥᠭᠡᠳ ᠣᠯᠠᠨ᠎ᠢ ᠠᠵᠤ ᠦᠶ᠋ᠯᠡᠰ᠎ᠦᠨ ᠣᠷᠣᠯᠭ᠎ᠠ᠎ᠪᠠᠨ ᠨᠡᠮᠡᠭ᠌ᠳᠡᠭᠦᠯᠬᠦ᠌᠎ᠳᠦ ᠨᠠᠩ ᠢᠲᠡᠭᠡᠯ᠎ᠲᠡᠶ ᠪᠣᠯᠭᠠᠪᠠ ᠭᠡᠵᠡᠶ᠃
ᠠᠯᠪᠠᠨ ᠵᠢᠷᠦᠮ᠎ᠤᠨ ᠡᠮᠴᠢᠯᠡᠭᠡ ᠪᠠ ᠰᠤᠶᠤᠯ ᠤ᠋ᠨ ᠪᠠᠶᠠᠴᠢᠯᠠᠨ ᠤᠢᠯᠠᠭᠠᠯᠲᠠ ᠶ᠋ᠢ ᠡᠬᠡᠯ ᠠᠷᠠᠳ ᠤ᠋ᠨ ᠬᠡᠷ ᠲᠸ᠋ᠬᠦᠷᠬᠡᠪᠠ
《ᠥᠪᠡᠷᠲᠡᠭᠡᠨ ᠵᠠᠰᠠᠬᠤ ᠣᠷᠣᠨ᠎ᠤ ᠲᠤᠰᠭᠠᠶ ᠮᠡᠷᠭᠡᠵᠢᠯᠲᠡ ᠬᠡᠷ᠎ᠤ᠋ᠨ ᠡᠭᠦᠳᠡᠨ ᠳ᠋ᠤ ᠢᠷᠠᠵᠤ ᠪᠢᠲᠠᠨ ᠤ᠋ ᠡᠪᠡᠳᠴᠢᠨ ᠡᠮᠬᠡᠭ᠎ᠢ ᠦᠵᠡᠵᠤ ᠦᠭᠬᠦᠨ᠎ᠠ ᠬᠡᠵᠤ ᠪᠤᠲᠤᠵᠤ ᠤᠯᠤᠭᠰᠠᠨ ᠦᠬᠡᠢ᠂ ᠶᠠᠪᠤᠵᠤ ᠰᠠᠭᠤᠬᠤ ᠳ᠋ᠤ ᠲᠦᠬᠦᠮ ᠦᠬᠡᠢ ᠨᠠᠲᠠ ᠳ᠋ᠤ ᠲᠤᠢᠯ ᠤ᠋ᠨ ᠶᠠᠬᠡ ᠲᠤᠰᠠ ᠪᠤᠯᠤᠭᠰᠠᠨ ᠰᠢᠤ!》ᠭᠡᠵᠦ ᠯᠢᠦ ᠱᠸ᠋ ᠴᠤᠸᠠᠨ ᠲᠣᠰᠭᠣᠨ ᠤ᠋ ᠠᠷᠠᠳ ᠸᠠᠩ ᠬᠦᠶ ᠯᠠᠨ ᠬᠢᠲᠠᠳ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠦ ᠭᠠᠷ᠎ᠢ ᠠᠳᠭᠤᠨ ᠲᠠᠯᠠᠷᠬᠠᠯ ᠤ᠋ᠨ ᠰᠡᠳᠬᠢᠯᠬᠡ ᠪᠠᠨ ᠢᠯᠡᠳᠭᠡᠪᠡ᠃《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠳᠤ ᠤᠷᠤᠭᠰᠢᠯᠠᠨᠠᠮ》 ᠠᠵᠢᠯᠯᠠᠭ᠎ᠠ ᠨᠢ ᠣᠯᠠᠨ ᠲᠦᠮᠡᠨ᠎ᠦ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ᠎ᠶ᠋ᠢᠨ ᠬᠣᠷᠢᠶ᠎ᠠ ᠵᠢᠨ ᠲᠤᠰᠭᠠᠶ ᠮᠡᠷᠭᠡᠵᠢᠯᠲᠡᠨ᠎ᠢ ᠤᠷᠢᠵᠤ ᠠᠯᠪᠠᠨ ᠵᠢᠷᠤᠮ᠎ᠤᠨ ᠡᠮᠴᠢᠯᠡᠭᠡᠨ᠎ᠦ ᠦᠶ᠋ᠯᠡᠴᠢᠯᠡᠭᠡ ᠥᠷᠨᠢᠭᠦᠯᠵᠦ᠍᠂ ᠰᠤᠳᠠᠯ ᠪᠠᠷᠢᠵᠤ ᠣᠨᠣᠱᠢᠯᠠᠨ ᠡᠮᠨᠡᠬᠦ᠌᠂ ᠡᠷᠡᠭᠦᠯ ᠮᠡᠨᠳᠦ᠍᠎ᠶ᠋ᠢᠨ ᠵᠥᠪᠯᠡᠯᠭᠡ ᠥᠭ᠌ᠬᠦ᠂ ᠪᠠᠢᠩᠭᠤ ᠲᠣᠬᠢᠶᠠᠯᠳᠤᠳᠠᠭ ᠡᠪᠡᠳᠴᠢᠨ᠎ᠢ ᠣᠨᠣᠱᠢᠯᠠᠨ ᠡᠮᠨᠡᠬᠦ᠌ ᠵᠡᠷᠭᠡ ᠠᠷᠭ᠎ᠠ ᠬᠡᠮᠵᠢᠶ᠎ᠡ ᠵᠢ ᠠᠪᠴᠤ᠌᠂ ᠣᠯᠠᠨ ᠲᠦᠮᠡᠨ᠎ᠦ ᠣᠢᠷ᠎ᠠ ᠬᠠᠪᠢ᠎ᠳᠠᠭᠠᠨ ᠡᠪᠡᠳᠴᠢᠨ ᠦᠵᠡᠭᠦᠯᠬᠦ᠌ ᠳ᠋ᠤ ᠬᠦᠴᠢᠷ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳ᠋ᠤ ᠦᠨᠡᠨᠬᠦ ᠠᠰᠢᠭ ᠬᠦᠷᠳᠡᠭᠡᠵᠡᠢ᠃
ᠰᠣᠶᠣᠯ᠎ᠢ ᠪᠡᠶᠡᠴᠢᠯᠡᠨ ᠣᠢᠯᠠᠭᠠᠬᠤ ᠭᠣᠭ᠍ᠴᠣᠭ᠎ᠠ ᠨᠠᠩ ᠴᠤ᠌ ᠭᠣᠢᠳᠠ ᠰᠠᠢᠬᠠᠨ ᠬᠦᠭᠵᠢᠶᠠᠨ ᠲᠠᠢ ᠶᠠᠪᠤᠭᠲᠠᠯ᠎ᠠ᠃ ᠴᠢᠯᠠᠭᠤᠨ ᠵᠢᠷᠤᠭ ᠵᠣᠬᠢᠶᠠᠨ ᠪᠦᠲᠦᠭᠡᠬᠦ᠌᠂ ᠳᠡᠪᠦᠷ᠎ᠡ ᠱᠢᠳᠡᠬᠦ᠌ ᠲᠣᠭ᠍ᠯᠠᠭᠠᠮ᠂ ᠬᠢᠲᠠᠳ ᠡᠮ᠎ᠦᠨ ᠮᠠᠲ᠋ᠧᠷᠢᠶᠠᠯ ᠡᠷᠢᠬᠦ ᠵᠡᠷᠭᠡ ᠠᠵᠢᠯᠯᠠᠭ᠎ᠠ ᠨᠢ ᠬᠦᠮᠦᠰ ᠲᠸ᠋ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠪᠡ; ᠲᠥᠪᠡᠳ ᠬᠠᠰᠢ᠎ᠶ᠋ᠢᠨ ᠨᠢᠬᠡᠲᠤᠯ ᠤ᠋ᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠨ᠎ᠡ ᠬᠠᠶᠠᠵᠤ ᠬᠤᠳᠠᠯᠳᠤᠬᠤ᠂ ᠰᠣᠨᠢᠷᠬᠠᠯᠲᠤ ᠲᠤᠭᠯᠠᠭᠠᠮ᠎ᠤᠨ ᠤᠷᠤᠯᠳᠤᠭᠠᠨ ᠨᠢ ᠪᠠᠶᠠᠷ ᠪᠠᠶᠠᠰᠭᠤᠯᠠᠩᠲᠤ ᠠᠭᠤᠷ ᠠᠮᠢᠰᠬᠤᠯ ᠤᠨ ᠳᠤᠮᠳᠠ ᠦᠨᠳᠦᠰᠦᠲᠡᠨ᠎ᠦ ᠨᠥᠬᠥᠷᠯᠡᠯ᠎ᠢ ᠨᠢᠭ᠍ᠲᠠᠷᠠᠭᠤᠯᠪᠠ ᠃
ᠦᠪᠠᠷᠲᠠᠬᠡᠨ ᠵᠠᠰᠠᠬᠤ ᠤᠷᠤᠨ ᠤ᠋ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠪᠠ ᠬᠡᠷᠡᠭ᠌ᠯᠡᠭᠡᠨ᠎ᠦ ᠲᠥᠪ ᠤ᠋ᠨ ᠬᠠᠷᠢᠭᠤᠴᠠᠯᠭᠠᠲᠠᠨ ᠢᠯᠡᠷᠬᠡᠢᠯᠡᠬᠦ ᠳ᠋ᠡᠬᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ《ᠠᠨᠠᠷ᠎ᠤᠨ ᠬᠡᠯᠬᠢᠶ᠎ᠠ ᠵᠢᠱ᠌ᠢᠶᠡᠴᠢ᠎ᠲᠡᠶ ᠬᠠᠮᠳᠤ ᠤᠷᠤᠭᠰᠢᠯᠠᠨᠠᠮ》 ᠬᠡᠬᠦ ᠲᠥᠷᠥᠯ ᠲᠡᠮᠳᠡᠭ᠎ᠢᠶᠡᠨ ᠦᠷᠭᠦᠯᠵᠢᠯᠡᠨ ᠲᠡᠬᠦᠯᠳᠡᠷᠵᠢᠬᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠵᠢᠨ ᠵᠢᠱ᠌ᠢᠶ᠎ᠡ ᠦᠵᠡᠭᠦᠯᠬᠦ᠌ ᠦᠶ᠋ᠯᠡᠳᠦᠯ ᠢ ᠪᠠᠳᠠᠷᠠᠭᠤᠯᠤᠨ᠂ ᠲᠥᠷᠥ᠎ᠶ᠋ᠢᠨ ᠪᠣᠳᠣᠯᠭ᠎ᠠ᠂ ᠮᠡᠷᠭᠡᠵᠢᠯ᠂ ᠦᠶ᠋ᠯᠡᠴᠢᠯᠡᠭᠡ ᠬᠢᠭᠡᠳ ᠰᠣᠶᠣᠯ ᠢ ᠦᠷᠭᠦᠯᠵᠢᠯᠡᠨ ᠦᠨᠲᠤᠰᠤᠨ ᠱᠠᠲᠤᠨ ᠳ᠋ᠤ ᠬᠦᠷᠭᠡᠬᠦ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠬᠥᠳᠡᠯᠭᠡᠬᠦ᠌ ᠬᠦᠴᠦᠨ ᠨᠡᠮᠡᠷᠢᠯᠡᠨ᠎ᠡ ᠬᠡᠵᠠᠢ᠃
ᠴᠢ ᠱᠢᠶᠤᠤ ᠵᠢᠩ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠣᠷᠴᠢᠨ ᠪᠠᠯᠭᠠᠰᠤᠨ᠎ᠤ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠲᠥᠪ᠎ᠦᠨ ᠡᠷᠬᠢᠯᠡᠭ᠌ᠴᠢ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠃ ᠲᠡᠷᠡ ᠨᠤᠲᠤᠭ᠎ᠲᠠᠭᠠᠨ ᠪᠤᠴᠠᠵᠤ ᠦᠢᠯᠡᠰ ᠪᠤᠰᠭᠠᠨ ᠬᠥᠳᠡᠭᠡ ᠲᠣᠰᠭᠣᠨ ᠳᠤ ᠦᠨᠳᠦᠰᠦᠯᠡᠠ᠂ ᠠᠵᠤ ᠦᠢᠯᠡᠰ ᠢᠶᠡᠷ ᠬᠣᠯᠪᠣᠭᠠᠰᠤ ᠪᠣᠯᠭᠠᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠦᠨᠳᠦᠰᠦᠲᠡᠨ ᠦ ᠪᠦᠯᠬᠦᠮᠳᠡᠯ ᠪᠣᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠠᠷᠢᠯᠴᠠᠨ ᠠᠭᠤᠰᠤᠯᠴᠠᠵᠤ ᠬᠠᠮᠲᠤ᠎ᠪᠠᠷ ᠤᠷᠤᠭ᠍ᠰᠢᠯᠠᠭ᠍ᠰᠠᠨ ᠬᠠᠭᠤᠳᠠᠰᠤ᠎ᠶ᠋ᠢ ᠵᠢᠷᠤᠭ᠍ᠯᠠᠪᠠ᠃
ᠲᠡᠷᠡ ᠬᠤᠷᠱᠢᠶ᠎ᠠ ᠪᠠᠢᠭᠤᠯᠵᠤ᠂《ᠲᠡᠬᠢᠶ᠎ᠠ ᠬᠦᠷᠭᠡᠵᠦ᠍ ᠥᠨᠳᠡᠭᠡ᠎ᠶ᠋ᠢ ᠨᠢ ᠬᠤᠳᠠᠯᠳᠤᠨ ᠠᠪᠬᠤ 》 ᠵᠡᠷᠭᠡ ᠬᠠᠪᠰᠤᠷᠤᠨ ᠲᠡᠳᠬᠦᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠡᠯᠸᠺᠲᠷᠤᠨ ᠬᠤᠳᠠᠯᠳᠤᠭᠠᠨ᠎ᠤ ᠲᠠᠪᠴᠠᠩ᠎ᠢ ᠪᠠᠢᠭᠤᠯᠵᠤ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠯᠬᠢᠶ᠎ᠡ ᠵᠠᠮ᠎ᠢ ᠨᠡᠪᠲᠡᠷᠡᠭᠦᠯᠵᠦ᠍᠂ ᠦᠨᠳᠦᠰᠦᠲᠡᠨᠨᠤᠬᠦᠳᠤᠨ ᠤᠯᠠᠨ ᠲᠦᠮᠡᠨ᠎ᠢ ᠲᠠᠢ᠌ᠴᠢᠯᠠᠨ ᠤᠨᠴᠠᠯᠢᠬ᠍ᠳᠤ ᠲᠠᠷᠢᠮᠠᠯ ᠪᠣᠯᠤᠨ ᠲᠠᠷᠢᠶᠠᠯᠠᠩ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠬᠠᠮᠲᠤ᠎ᠪᠠᠷ ᠬᠥᠭ᠌ᠵᠢᠭᠦᠯᠪᠡ ; ᠲᠥᠪᠡᠳ ᠬᠠᠰᠢ᠎ᠶ᠋ᠢᠨ ᠨᠢᠬᠡᠲᠤᠯ ᠤ᠋ᠨ ᠰᠤᠳᠤᠯᠤᠨ ᠰᠤᠷᠤᠯᠴᠠᠬᠤ ᠰᠠᠭᠤᠷᠢᠨ᠎ᠢ ᠪᠠᠢᠭᠤᠯᠵᠤ᠂ ᠤᠯᠠᠮᠵᠢᠯᠠᠯᠲᠤ ᠰᠣᠶᠣᠯ ᠪᠣᠯᠤᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠢ ᠠᠭᠤᠰᠤᠯᠴᠠᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠣᠯᠢᠯᠴᠠᠭᠠᠨ᠎ᠤ ᠠᠵᠢᠯᠯᠠᠭ᠎ᠠ᠎ᠶ᠋ᠢ ᠪᠠᠢᠩᠭᠤ ᠥᠷᠨᠢᠭᠦᠯᠵᠠᠢ᠃
ᠲᠡᠷᠡ ᠲᠦᠷᠦᠭᠦᠯᠡᠨ《ᠱᠢᠶᠤᠤ ᠵᠢᠩ ᠮᠠᠶᠢᠭ》 ᠤ᠋ᠨ ᠠᠵᠤ ᠦᠶ᠋ᠯᠡᠰ᠎ᠦᠨ ᠳᠠᠭᠠᠭᠤᠯᠤᠭ᠍ᠴᠢ ᠶ᠋ᠢ ᠬᠥᠮᠦᠵᠢᠭᠦᠯᠵᠦ᠍᠂ ᠣᠯᠠᠨ ᠲᠣᠰᠭᠣᠨ᠎ᠢ ᠨᠥᠯᠥᠭᠡᠯᠡᠨ ᠳᠠᠢᠴᠢᠯᠠᠵᠤ᠂ ᠬᠡᠳᠦᠨ ᠵᠠᠭᠤᠨ ᠡᠷᠦᠬᠡ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠵᠦ᠍᠂ ᠬᠠᠮᠲᠤ ᠶ᠋ᠢᠨ ᠬᠥᠭ᠌ᠵᠢᠯᠲᠡ ᠪᠡᠷ ᠪᠦᠯᠬᠦᠮᠳᠡᠯ ᠢ ᠴᠢᠩᠭᠠᠳᠬᠠᠨ᠂ ᠦᠨᠳᠦᠰᠦᠲᠡᠨ᠎ᠨᠦᠭᠦᠳ ᠦᠨ ᠣᠯᠠᠨ ᠲᠦᠮᠡᠨ ᠢ ᠠᠨᠠᠷ᠎ᠤᠨ ᠦᠷ᠎ᠡ ᠱᠢᠭ ᠨᠢᠭᠳᠠᠷᠠᠭᠤᠯᠵᠤ᠂ ᠠᠵᠤ ᠦᠶ᠋ᠯᠡᠰ᠎ᠢᠶᠡᠷ ᠲᠣᠰᠭᠣᠨ ᠢ ᠬᠥᠭ᠌ᠵᠢᠭᠦᠯᠦᠨ᠂ ᠰᠣᠶᠣᠯ᠎ᠢᠶᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠭᠦᠷᠭᠡ ᠬᠠᠷᠢᠭᠤᠴᠠᠯᠭ᠎ᠠ᠎ᠶ᠋ᠢ ᠪᠤᠳᠠᠳᠠᠢ ᠳ᠋ᠤ ᠦᠶ᠋ᠯᠡᠳᠦᠯᠭᠡᠵᠢᠭᠦᠯᠪᠡ᠃