《ᠨᠢᠭᠡ ᠨᠠᠰᠤᠨ᠎ᠳᠠᠭᠠᠨ ᠨᠢᠭᠡ ᠯᠡ ᠵᠦᠢᠯ᠎ᠢ ᠰᠣᠩᠭᠤᠵᠤ᠂ ᠨᠢᠭᠡ ᠵᠦᠢᠯᠵᠢᠡᠨ ᠨᠠᠰᠤᠨ ᠲᠤᠷᠰᠢᠲᠠ ᠬᠢᠨ᠎ᠡ》᠃ ᠡᠨᠡ ᠬᠦ᠌ ᠦᠭᠡ ᠵᠢ ᠰᠦ᠍ ᠲᠢᠩ ᠯᠢᠩᠨᠠᠰᠤᠨᠲᠤᠷᠰᠢᠳᠠ ᠪᠠᠷᠢᠮᠳᠠᠯᠠᠭᠰᠠᠭᠠᠷ ᠢᠷᠡᠵᠡᠢ᠃ ᠨᠡᠩ ᠢᠯᠠᠩᠭᠤᠶ᠎ᠠ ᠲᠡᠭᠦᠨ᠎ᠦ᠌ 40 ᠭᠠᠷᠤᠢ ᠵᠢᠯᠮᠣᠩᠭᠣᠯ ᠬᠤᠪᠴᠠᠰᠤ ᠵᠠᠰᠠᠯᠤᠷᠠᠯᠠᠵᠤ ᠤᠶᠤᠭᠰᠠᠨ ᠡᠳᠦᠷ ᠬᠤᠨᠤᠭ᠎ᠤᠳ ᠲᠦ᠍ ᠰᠢᠩᠭᠡᠨ ᠠᠭᠤᠰᠴᠤ ᠪᠤᠢ᠃

ᠰᠦ᠍ ᠲᠢᠩ ᠯᠢᠩ ᠡᠭᠡᠴᠢ ᠳᠡᠭᠦᠦ ᠬᠤᠶᠠᠭᠤᠯᠠ ᠮᠤᠩᠭᠤᠯ ᠦᠨᠳᠦᠰᠦᠲᠡᠨ᠎ᠤ ᠲᠤᠯᠤᠭᠠᠢ᠎ᠶ᠋ᠢᠨ ᠵᠠᠰᠠᠯᠵᠢᠮᠰᠡᠭ ᠬᠢᠵᠦ ᠪᠠᠢᠭ᠎ᠠ ᠨᠢ
ᠥᠪᠥᠷ ᠮᠣᠩᠭᠣᠯ᠎ᠤ᠋ᠨ ᠠᠷᠠᠯᠵᠢᠶ᠎ᠠ ᠬᠤᠳᠠᠯᠳᠤᠭᠠᠨ᠎ᠤ᠋ ᠠᠵᠢᠯ ᠮᠡᠷᠭᠡᠵᠢᠯ᠎ᠦ᠋ᠨ ᠳᠡᠭᠡᠳᠦ ᠰᠤᠷᠭᠠᠭᠤᠯᠢ᠎ᠶᠢᠨ ᠰᠤᠳᠤᠯᠵᠤ ᠦᠢᠯᠡᠳᠦᠯᠭᠡᠵᠢᠭᠦᠯᠬᠦ ᠣᠷᠳᠣᠨᠳ᠋ᠤ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠦᠨᠳᠦᠰᠦᠲᠡᠨ᠎ᠦ᠌ ᠬᠤᠪᠴᠠᠰᠤ ᠵᠠᠰᠠᠯ᠎ᠤ᠋ᠨ ᠨᠡᠢᠭᠡᠮᠯᠢᠭᠦ᠋ᠨ ᠳᠡᠳ᠋ ᠲᠡᠷᠢᠭᠦᠯᠡᠭ᠌ᠴᠢ ᠰᠦ᠍ ᠲᠢᠩ ᠯᠢᠩ᠄ 《ᠡᠨᠡ ᠪᠣᠯ ᠪᠠᠷᠭᠤᠴᠤᠳ᠎ᠤᠨ ᠤᠯᠠᠮᠵᠢᠯᠠᠯᠲᠤ ᠬᠤᠪᠴᠠᠰᠤ ᠵᠠᠰᠠᠯ᠎ᠤ᠋ᠨ ᠦᠨᠳᠦᠰᠦᠨ ᠬᠡᠪ ᠪᠤᠯᠤᠨ᠎ᠠ᠂ ᠲᠠ ᠡᠢᠮᠦᠷᠭᠦᠦ ᠮᠠᠶᠢᠭ᠎ᠤᠨ ᠦᠨᠴᠦᠭ᠎ᠤᠨ ᠬᠡᠯᠪᠡᠷᠢ ᠲᠠᠢ ᠭᠡᠵᠢᠭᠡᠨ ᠬᠠᠪᠴᠢᠭᠤᠷᠢ ᠦᠵᠡᠭᠡᠴᠢ᠂ ᠢᠵᠢ ᠪᠦᠷᠢᠨ ᠵᠠᠰᠠᠯ ᠵᠢᠮᠰᠡᠭ ᠪᠣᠯᠤᠨ ᠵᠡᠭᠦᠬᠦ ᠵᠠᠰᠠᠯ᠎ᠤᠨ ᠡᠳ᠋᠎ᠤᠨ ᠬᠦᠨᠳᠦ᠍᠎ᠶᠢᠨ ᠬᠡᠮᠵᠢᠶ᠎ᠡ᠎ᠶᠢ ᠨᠡᠮᠡᠪᠡᠯ ᠪᠠᠷᠤᠭ 6 ᠺᠢᠯᠤᠭ᠌ᠷᠠᠮ ᠪᠠᠢᠨ᠎ᠠ》 ᠭᠡᠵᠦ ᠨᠢᠭᠡ ᠵᠠᠬ᠎ᠠ ᠤᠯᠠᠮᠵᠢᠯᠠᠯᠲᠤ ᠬᠤᠪᠴᠠᠰᠤ ᠵᠠᠰᠠᠯᠢ᠋ ᠭᠠᠷ ᠵᠢᠡᠷ ᠵᠢᠡᠨ ᠨᠠᠷᠢᠯᠢᠬ ᠲᠡᠮᠲᠡᠷᠢᠬᠦ ᠳ᠋ᠡᠭᠡᠨ ᠶᠠᠷᠢᠵᠤ ᠪᠠᠢᠯ᠎ᠠ᠃ 40 ᠭᠠᠷᠤᠢ ᠵᠢᠯ᠎ᠦᠨ ᠲᠤᠷᠰᠢ ᠲᠡᠭᠦᠨ᠎ᠤ ᠬᠠᠷᠠᠴᠠ ᠶᠠᠷᠦ ᠨᠢ ᠮᠣᠩᠭᠣᠯ ᠦᠨᠳᠦᠰᠦᠲᠡᠨ᠎ᠦ ᠬᠤᠪᠴᠠᠰᠤ ᠵᠠᠰᠠᠯ᠎ᠠᠴᠠ ᠰᠠᠯᠤᠭ᠍ᠰᠠᠨ ᠦᠭᠡᠢ᠃
ᠮᠣᠩᠭᠣᠯ ᠦᠨᠳᠦᠰᠦᠲᠡᠨ᠎ᠦ᠌ ᠬᠤᠪᠴᠠᠰᠤ ᠵᠠᠰᠠᠯ ᠭᠤᠶᠤ ᠡᠷᠬᠢᠮᠰᠦᠭ ᠪᠠᠢᠵᠤ᠂ ᠭᠠᠵᠠᠷ ᠣᠷᠣᠨ ᠪᠣᠯᠤᠨ ᠠᠢᠮᠠᠭ ᠤᠭᠰᠠᠭ᠎ᠠ ᠵᠢᠨ ᠦᠪᠡᠷᠮᠢᠴᠡ ᠣᠨᠴᠠᠯᠢᠭ᠎ᠲᠠᠢ᠂ ᠭᠡ ᠤᠭᠠᠯᠵᠠ ᠵᠢᠨ ᠬᠡᠯᠪᠡᠷᠢ ᠳᠦᠷᠰᠦ ᠨᠢ ᠬᠥᠬᠡ ᠲᠡᠭ᠌ᠷᠢ ᠴᠠᠭᠠᠨ ᠡᠭᠦᠯᠡ᠂ ᠲᠠᠯ᠎ᠠ ᠨᠤᠲᠤᠭ᠎ᠤ᠋ᠨ ᠭᠣᠣᠯ ᠮᠥᠷᠡᠨ ᠵᠡᠷᠭᠡ ᠪᠠᠢᠭᠠᠯᠢ᠎ᠶᠢᠨ ᠡᠯᠧᠮᠧᠨ᠋ᠲ ᠡᠴᠡ ᠰᠡᠳᠦᠪᠯᠡᠨ᠂ ᠥᠩᠭᠡ ᠪᠣᠳᠣᠭ ᠨᠢ ᠬᠤᠷᠴᠠ ᠢᠯᠭᠠᠷᠠᠮ᠎ᠠ᠂ ᠤᠶᠤᠳᠠᠯ ᠨᠢ ᠤᠷᠠᠨ ᠨᠠᠷᠢᠯᠢᠭ ᠪᠠᠢᠵᠤ᠂ ᠲᠠᠯ᠎ᠠ ᠨᠤᠲᠤᠭ᠎ᠤ᠋ᠨ ᠠᠷᠠᠳ ᠲᠦᠮᠡᠨ᠎ᠦ᠌ ᠪᠠᠢᠭᠠᠯᠢ᠎ᠶᠢ ᠬᠦᠨᠳᠦᠳᠭᠡᠨ ᠪᠠᠢᠭᠠᠯᠢ ᠡᠴᠡ ᠰᠦᠷᠳᠡᠬᠦ ᠵᠢᠴᠢ ᠰᠠᠢᠨ ᠰᠠᠢᠬᠠᠨ ᠠᠮᠢᠳᠤᠷᠠᠯ᠎ᠤ᠋ᠨ ᠬᠦᠰᠡᠯ ᠡᠷᠡᠮᠡᠯᠵᠡᠯ ᠠᠭᠤᠯᠤᠭᠳᠠᠵᠤ ᠪᠠᠢᠳᠠᠭ᠃

ᠮᠣᠩᠭᠤᠯ ᠦᠨᠳᠦᠰᠦᠲᠡᠨ᠎ᠤ ᠲᠣᠯᠣᠭᠠᠢ᠎ᠶ᠋ᠢᠨ ᠵᠠᠰᠠᠯ ᠵᠢᠮᠰᠡᠭ ᠬᠢᠬᠦ᠌᠎ᠳᠤ ᠲᠡᠰᠪᠦᠷᠢ ᠲᠡᠪᠴᠢᠶᠡᠷᠢ ᠲᠠᠢ ᠪᠠᠢᠬᠤ ᠬᠡᠷᠡᠭ᠌ᠲᠡᠢ
ᠰᠦ᠍ ᠲᠢᠩ ᠯᠢᠩ ᠠᠵᠢᠯ᠎ᠤᠨ ᠠᠮᠠᠷᠠᠯᠲᠠ ᠪᠠᠨ ᠠᠪᠬᠤ᠎ᠠᠴᠠ ᠡᠮᠦᠨ᠎ᠡ ᠥᠪᠥᠷ ᠮᠣᠩᠭᠣᠯ᠎ᠤᠨ ᠮᠦᠽᠧᠢ᠎ᠶ᠋ᠢᠨ ᠬᠦᠷᠢᠶᠡᠯᠡᠩ᠎ᠳᠦ ᠠᠵᠢᠯᠯᠠᠵᠤ ᠪᠠᠢᠬᠤ ᠦᠶ᠎ᠡ᠎ᠳᠦ ᠮᠣᠩᠭᠣᠯ ᠦᠨᠳᠦᠰᠦᠲᠡᠨ᠎ᠦ ᠬᠤᠪᠴᠠᠰᠤ ᠵᠠᠰᠠᠯ᠎ᠲᠠᠢ ᠰᠠᠯᠤᠰᠢ ᠦᠭᠡᠢ ᠪᠠᠷᠢᠯᠳᠤᠯᠭ᠎ᠠ᠎ᠲᠠᠢ ᠪᠣᠯᠵᠠᠢ᠃ ᠡᠳᠡᠭᠡᠷ ᠬᠤᠪᠴᠠᠰᠤ ᠵᠠᠰᠠᠯᠢ᠋ ᠡᠮᠬᠢᠯᠡᠵᠦ᠍ ᠲᠢᠭᠯᠡᠬᠦ᠂ ᠤᠭ ᠳᠦᠷᠰᠦ ᠵᠢ ᠰᠡᠷᠭᠦᠭᠡᠬᠦ ᠨᠢ ᠲᠡᠭᠦᠨ᠎ᠤ ᠬᠠᠮᠤᠭ᠎ᠤᠨ ᠰᠡᠳᠭᠢᠯ ᠵᠦᠳᠡᠭᠡᠳᠡᠭ ᠠᠵᠢᠯ ᠪᠣᠯᠤᠭᠰᠠᠨ ᠪᠠᠢᠯ᠎ᠠ᠃ 2009 ᠣᠨ᠎ᠳ᠋ᠤ ᠥᠪᠥᠷ ᠮᠣᠩᠭᠣᠯᠤ᠋ᠨᠦᠪᠡᠷᠲᠡᠭᠡᠨ ᠵᠠᠰᠠᠬᠤ ᠤᠷᠤᠨ᠎ᠤ ᠵᠠᠰᠠᠭ᠎ᠤ᠋ᠨ ᠤᠷᠳᠤᠨ ᠮᠣᠩᠭᠣᠯ ᠦᠨᠳᠦᠰᠦᠲᠡᠨ᠎ᠦ᠌ ᠬᠤᠪᠴᠠᠰᠤ ᠵᠠᠰᠠᠯᠢ᠋ ᠠᠪᠤᠷᠠᠨ ᠬᠠᠮᠠᠭᠠᠯᠠᠬᠤ ᠢᠨᠵᠸᠨ᠋ᠸᠷᠢᠩ᠎ᠢ ᠳᠠᠭᠠᠭᠤᠯᠤᠨ ᠬᠢᠬᠦ᠎ᠳᠤ ᠰᠦ᠍ ᠲᠢᠩ ᠯᠢᠩ ᠨᠢᠭᠡ ᠭᠡᠰᠢᠭᠦᠨ ᠨᠢ ᠪᠤᠯᠵᠤ ᠤᠷᠤᠯᠴᠠᠭᠰᠠᠨ ᠪᠠᠢᠨ᠎ᠠ᠃
ᠡᠭᠦᠨ ᠡᠴᠡ ᠬᠤᠢᠰᠢᠬᠢ ᠬᠡᠳᠦᠨ ᠵᠢᠯ᠎ᠳᠤ ᠲᠡᠷᠡ ᠪᠦᠯᠬᠦᠮ᠎ᠢᠶᠠᠨ ᠳᠠᠭᠠᠭᠠᠳ᠂ ᠥᠪᠥᠷ ᠮᠣᠩᠭᠤᠯ᠎ᠤᠨ 50 ᠭᠠᠷᠤᠶ ᠬᠤᠱᠢᠭᠤ ᠱᠢᠶᠠᠨᠵᠢᠡᠷ ᠬᠦᠨᠵᠡᠭᠡᠢᠷᠡᠵᠤ᠂ 100 ᠭᠠᠷᠤᠶ ᠲᠤᠰᠭᠠᠶ ᠮᠡᠷᠭᠡᠵᠢᠯᠲᠡᠨ ᠪᠣᠯᠤᠨ ᠮᠠᠯᠴᠢᠨ᠎ᠢ ᠰᠤᠷᠪᠤᠯᠵᠢᠯᠠᠵᠤ᠂ ᠨᠡᠢᠲᠡ 20 ᠲᠦᠮᠡ ᠰᠢᠬᠠᠮ ᠺᠢᠯᠣᠮᠧᠲᠷ ᠠᠶᠠᠯᠠᠪᠠ᠃ ᠡᠴᠦᠰ ᠲᠦ᠍ ᠮᠣᠩᠭᠣᠯ ᠦᠨᠳᠦᠰᠦᠲᠡᠨ᠎ᠦ 28 ᠠᠢᠮᠠᠭᠤᠭᠰᠠᠭᠠᠨᠤ ᠤᠯᠠᠮᠵᠢᠯᠠᠯᠲᠤ ᠬᠤᠪᠴᠠᠰᠤ ᠵᠠᠰᠠᠯ᠎ᠤᠨ ᠦᠨᠳᠦᠰᠦᠨ ᠬᠡᠪ᠎ᠢ ᠲᠣᠳᠣᠷᠬᠠᠢ ᠢᠯᠭᠠᠵᠤ᠂ ᠮᠣᠩᠭᠣᠯ ᠦᠨᠳᠦᠰᠦᠲᠡᠨ᠎ᠦ ᠡᠯ᠎ᠡ ᠠᠢᠮᠠᠭ ᠤᠭᠰᠠᠭᠠᠨᠦ 108 ᠢᠵᠢ ᠬᠤᠪᠴᠠᠰᠤ ᠵᠠᠰᠠᠯ ᠪᠣᠯᠤᠨ 34 ᠢᠵᠢ ᠲᠣᠯᠣᠭᠠᠶ᠎ᠶ᠋ᠢᠨ ᠵᠠᠰᠠᠯ᠎ᠢ ᠤᠭ ᠬᠡᠪ᠎ᠢᠶᠡᠷ ᠨᠢ ᠤᠶᠤᠵᠤ ᠭᠠᠷᠭᠠᠭᠠᠳ᠂ ᠪᠦᠷ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠮᠦᠽᠸᠢ ᠵᠢᠨ ᠬᠦᠷᠢᠶᠡᠯᠡᠩ᠎ᠳᠤ ᠦᠨᠢᠳᠡ ᠬᠠᠳᠠᠭᠠᠯᠠᠭᠳᠠᠵᠠᠢ᠃

ᠥᠪᠥᠷ ᠮᠣᠩᠭᠣᠯ᠎ᠤᠨ ᠮᠦᠽᠧᠢ᠎ᠶ᠋ᠢᠨ ᠬᠦᠷᠢᠶᠡᠯᠡᠩ᠎ᠳᠤ ᠳᠡᠯᠭᠡᠨ ᠦᠵᠡᠭᠦᠯᠵᠤ ᠪᠠᠢᠭ᠎ᠠ ᠮᠣᠩᠭᠣᠯ ᠦᠨᠳᠦᠰᠦᠲᠡᠨ᠎ᠦ ᠬᠤᠪᠴᠠᠰᠤ ᠵᠠᠰᠠᠯ
ᠣᠨ ᠵᠢᠯ᠎ᠤᠨ ᠤᠷᠴᠢᠯ᠎ᠳᠤ ᠰᠦ᠍ ᠲᠢᠩ ᠯᠢᠩ ᠶᠠᠷᠦ ᠨᠢ ᠡᠨᠡ ᠬᠦ᠌ ᠠᠵᠢᠯ ᠵᠢᠡᠨ ᠬᠠᠶᠠᠭ᠎ᠠ ᠦᠭᠡᠢ ᠬᠢᠭᠡᠳ ᠤᠯᠠᠮᠵᠢᠯᠠᠯ᠎ᠤᠨ ᠴᠤᠭᠢ ᠤᠯᠠᠮ ᠪᠠᠳᠠᠷᠠᠭᠤᠯᠤᠭᠰᠠᠨ ᠪᠠᠢᠨ᠎ᠠ᠃ ᠡᠳᠦᠭᠡ᠂ ᠲᠡᠷᠡ ᠪᠠᠰᠠ ᠬᠤᠶᠠᠷ ᠴᠢᠬᠤᠯᠠ ᠪᠡᠶ᠎ᠡ ᠵᠢᠨ ᠭᠠᠷᠤᠯ ᠲᠠᠢ ᠪᠤᠯᠵᠠᠢ᠂ ᠳᠠᠷᠤᠢ ᠥᠪᠥᠷ ᠮᠣᠩᠭᠤᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠤᠷᠠᠯᠢᠭ᠎ᠤᠨ ᠰᠠᠯᠪᠤᠷᠢ᠂ ᠥᠪᠥᠷ ᠮᠣᠩᠭᠤᠯ᠎ᠤᠨ ᠠᠵᠤ ᠦᠢᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠬᠥᠩᠭᠡᠨ ᠠᠵᠤ ᠦᠢᠯᠡᠳᠪᠦᠷᠢ ᠬᠢᠭᠡᠳ ᠨᠡᠬᠡᠮᠡᠯ᠎ᠤᠨ ᠳᠡᠭᠡᠳᠦ ᠰᠤᠷᠭᠠᠭᠤᠯᠢ᠎ᠶ᠋ᠢᠨ ᠠᠵᠤ ᠦᠢᠯᠡᠰ᠎ᠤᠨ ᠵᠢᠯᠣᠭᠤᠳᠣᠭ᠍ᠴᠢ ᠪᠠᠭ᠍ᠰᠢ ᠪᠤᠯᠵᠠᠢ᠃ ᠲᠡᠷᠡ ᠪᠣᠳᠠᠰ᠎ᠤᠨ ᠪᠤᠰᠤ ᠰᠣᠶᠣᠯ᠎ᠤᠨ ᠥᠪ᠎ᠢ ᠰᠤᠷᠭᠠᠭᠤᠯᠢ᠎ᠳᠤ ᠤᠷᠤᠭᠤᠯᠤᠨ᠂ ᠤᠯᠠᠮᠵᠢᠯᠠᠯᠲᠤ ᠰᠣᠶᠣᠯ᠎ᠢᠶᠠᠨ ᠪᠠᠬᠠᠷᠬᠠᠵᠤ ᠬᠠᠢᠷᠠᠯᠠᠳᠠᠭ ᠵᠠᠯᠠᠭᠤᠴᠤᠳ᠎ᠲᠤ ᠰᠤᠷᠤᠯᠴᠠᠬᠤ ᠲᠠᠪᠴᠠᠩ ᠬᠠᠩᠭᠠᠨ᠂ ᠬᠤᠪᠴᠠᠰᠤ ᠵᠠᠰᠠᠯ ᠤᠷᠠᠯᠠᠵᠤ ᠤᠶᠤᠬᠤ ᠤᠷ᠎ᠠ ᠮᠡᠷᠭᠡᠵᠢᠯ᠎ᠢ ᠪᠡᠶ᠎ᠡ ᠪᠡᠷ ᠵᠢᠡᠨ ᠵᠢᠭᠠᠨ ᠤᠯᠠᠮᠵᠢᠯᠠᠵᠤ᠂ ᠲᠡᠳᠡᠨ᠎ᠤ ᠡᠨᠡ ᠬᠦ᠌ ᠭᠠᠷ ᠤᠷᠠᠯᠠᠯ᠎ᠳᠤ ᠲᠦᠱᠢᠭ᠌ᠯᠡᠨ᠂ ᠠᠵᠢᠯ ᠣᠯᠵᠤ ᠦᠢᠯᠡᠰ ᠪᠤᠰᠭᠠᠬᠤ᠎ᠶ᠋ᠢ ᠵᠢᠯᠣᠭᠤᠳᠤᠨ᠂ ᠡᠨᠡ ᠬᠦ᠌ ᠤᠷ᠎ᠠ ᠮᠡᠷᠭᠡᠵᠢᠯ᠎ᠢ ᠵᠠᠯᠠᠭᠤᠴᠤᠳ᠎ᠤᠨ ᠣᠷᠣᠱᠢᠨ ᠲᠣᠭ᠍ᠲᠠᠨᠢᠬᠤ ᠮᠡᠷᠭᠡᠵᠢᠯ ᠴᠢᠳᠠᠪᠤᠷᠢ ᠪᠣᠯᠭᠠᠵᠤ ᠪᠠᠢᠨ᠎ᠠ᠃

ᠰᠤᠷᠤᠭ᠍ᠴᠢᠳ᠎ᠤᠨ ᠵᠢᠡᠨ ᠮᠣᠩᠭᠤᠯ ᠲᠡᠷᠯᠢᠭ ᠤᠷᠠᠯᠠᠵᠤ ᠣᠶᠣᠬᠤ᠎ᠶ᠋ᠢ ᠵᠢᠯᠣᠭᠤᠳᠴᠤ ᠪᠠᠢᠭ᠎ᠠ ᠨᠢ
《ᠪᠣᠳᠠᠰ᠎ᠤᠨ ᠪᠤᠰᠤ ᠰᠣᠶᠣᠯ᠎ᠤᠨ ᠥᠪ ᠪᠤᠯ ᠮᠦᠽᠧᠶ᠎ᠳᠤ ᠲᠠᠯᠪᠢᠬᠤ ᠦᠯᠢᠭᠡᠷ ᠪᠢᠰᠢ᠂ ᠬᠠᠭᠤᠴᠢᠨ᠎ᠢᠶᠠᠨ ᠦᠬᠦᠨ ᠪᠠᠷᠢᠮᠲᠠᠯᠠᠪᠠᠯ ᠵᠥᠪᠬᠡᠨ ᠲᠡᠭᠦᠨ᠎ᠤ ᠠᠮᠢᠵᠢᠷᠠᠯ᠎ᠤᠨ ᠬᠦᠴᠦᠨ᠎ᠢ ᠠᠯᠳᠠᠭᠤᠯᠤᠨ᠎ᠠ》᠃ ᠰᠤ᠌ ᠲᠢᠩ ᠯᠢᠩ ᠤᠯᠠᠮᠵᠢᠯᠠᠬᠤ᠎ᠶ᠋ᠢᠨ ᠵᠠᠩᠭᠢᠯᠠᠭ᠎ᠠ᠎ᠨᠢ 《ᠬᠠᠮᠠᠭᠠᠯᠠᠬᠤ ᠳᠤᠮᠳᠠ ᠱᠢᠨ᠎ᠡ᠎ᠶ᠋ᠢ ᠡᠭᠦᠳᠴᠦ᠍᠂ ᠱᠢᠨ᠎ᠡ᠎ᠶ᠋ᠢ ᠡᠭᠦᠳᠬᠦ᠌ ᠳᠤᠮᠳᠠ ᠤᠯᠠᠮᠵᠢᠯᠠᠨ᠎ᠠ》 ᠭᠡᠳᠡᠭ᠎ᠢ ᠠᠶᠤᠤᠯᠢᠬᠠᠢ ᠴᠡᠭᠡᠵᠢᠨ᠎ᠳᠦ ᠪᠠᠨ ᠲᠣᠳᠣᠷᠬᠠᠢ ᠮᠡᠳᠡᠨ᠎ᠡ᠃ ᠡᠭᠦᠨ᠎ᠤ ᠲᠤᠯᠠᠳᠠ᠂ ᠲᠡᠷᠡ ᠰᠤᠷᠤᠭ᠍ᠴᠢᠳ ᠵᠢᠡᠨ ᠳᠠᠭᠠᠭᠤᠯᠤᠨ᠂ ᠮᠣᠩᠭᠤᠯ ᠲᠡᠷᠯᠢᠭᠤᠶᠤᠭᠠᠳ ᠦᠯᠡᠳᠡᠭᠰᠡᠨ ᠦᠭᠡᠳᠡᠰᠦ ᠪᠡᠷ ᠪᠤᠭᠴᠤ᠂ ᠵᠠᠩᠬᠢᠳᠴᠦ ᠬᠢᠭᠰᠡᠨ ᠴᠡᠭᠡᠵᠢᠨ᠎ᠤ ᠵᠡᠭᠦᠯᠲᠡ᠂ ᠵᠡᠭᠦᠬᠦ ᠵᠠᠰᠠᠯ᠎ᠤᠨ ᠡᠳ᠋ ᠵᠡᠷᠭᠡ ᠵᠦᠢᠯᠡᠰ᠎ᠢ ᠬᠢᠵᠡᠢ᠃ ᠲᠤᠯᠤᠭᠠᠢ ᠵᠢᠨ ᠵᠠᠰᠠᠯ ᠵᠢᠮᠰᠡᠭ᠎ᠤᠨ ᠭᠤᠶᠤ ᠡᠯᠸᠮᠸᠨ᠋ᠲ᠎ᠢ ᠵᠠᠯᠠᠭᠤᠴᠤᠳ᠎ᠤᠨ ᠲᠤᠭᠤᠵᠤ ᠪᠠᠭ᠍ᠠᠷᠬᠠᠳᠠᠭ ᠵᠠᠰᠠᠯ ᠵᠢᠮᠰᠡᠭ᠂ ᠡᠭᠡᠮᠦᠭ᠂ ᠰᠤᠨᠳᠤᠷ ᠪᠤᠯᠭᠠᠨ ᠬᠤᠪᠢᠷᠠᠭᠤᠯᠪᠠ᠃ ᠰᠤᠷᠭᠠᠭᠤᠯᠢ ᠡᠴᠡ ᠲᠣᠭᠠᠴᠢᠯᠠᠭ᠍ᠰᠠᠨ ᠮᠡᠷᠭᠡᠵᠢᠯ᠎ᠢ ᠠᠱᠢᠭ᠍ᠯᠠᠨ᠂ ᠳᠡᠯᠭᠡᠨ ᠦᠵᠡᠭᠦᠯᠬᠦ᠌ ᠬᠡᠯᠪᠡᠷᠢ᠎ᠵᠢᠨ ᠰᠢᠨ᠎ᠡ ᠵᠢ ᠡᠭᠦᠳᠴᠦ᠂ ᠺᠣᠳ᠋᠎ᠢ ᠱᠢᠷᠪᠢᠪᠡᠯ ᠳᠠᠷᠤᠶ ᠬᠤᠪᠴᠠᠰᠤ ᠵᠠᠰᠠᠯ᠎ᠢ ᠡᠮᠤᠰᠦᠭ᠌ᠡᠳ ᠮᠤᠳ᠋ᠸᠯ ᠠᠯᠬᠤᠭᠰᠠᠨ ᠬᠥᠳᠡᠯᠦᠩᠭᠦᠶ ᠪᠠᠢᠳᠠᠯ᠎ᠢ ᠱᠢᠭᠤᠳ ᠣᠯᠵᠤ ᠬᠠᠷᠠᠬᠤ ᠪᠤᠯᠭᠠᠭᠠᠳ᠂ ᠡᠷᠲᠡᠨ᠎ᠤ ᠤᠷ᠎ᠠ ᠮᠡᠷᠭᠡᠵᠢᠯᠪᠤᠯᠤᠨ ᠣᠲᠣ ᠦᠶ᠎ᠡ᠎ᠶ᠋ᠢᠨ ᠠᠮᠢᠳᠤᠷᠠᠯ᠎ᠢ ᠲᠡᠭᠦᠯᠳᠡᠷ ᠠᠭᠤᠰᠬᠠᠬᠰᠠᠨ ᠪᠠᠢᠨ᠎ᠠ᠃

ᠰᠦ᠍ ᠲᠢᠩ ᠯᠢᠩ (ᠳᠤᠮᠳᠠᠬᠢ) ᠠᠨᠾᠦ᠋ᠢ᠎ᠶᠢᠨ ᠵᠢᠭᠤᠯᠴᠢᠯᠠᠭᠴᠢᠳᠲᠤ᠌ ᠶᠤᠸᠠᠨ ᠤᠯᠤᠰ᠎ᠤ᠋ᠨ ᠦᠶ᠎ᠡ᠎ᠶᠢᠨ ᠲᠣᠷᠭᠠᠨ ᠲᠡᠷᠯᠢᠭᠢ᠋ ᠰᠡᠯᠪᠢᠨ ᠰᠡᠷᠭᠦᠭᠡᠭᠰᠡᠨ ᠶᠠᠪᠤᠴᠠ᠎ᠶᠢ ᠲᠠᠢᠯᠪᠤᠷᠢᠯᠠᠵᠤ ᠦᠭᠭᠦᠨ᠎ᠡ
ᠰᠤ᠌ ᠲᠢᠩ ᠯᠢᠩ᠎ᠤᠨ ᠡᠨᠡ ᠬᠦ᠌ ᠬᠠᠭᠠᠰ ᠨᠠᠰᠤᠨ᠎ᠤ ᠬᠦᠭᠡᠭᠡᠴᠡᠯᠳᠦᠯ ᠨᠢ ᠬᠢᠴᠢᠶᠡᠯ᠎ᠦᠨ ᠲᠠᠩᠬᠢᠮ᠎ᠦᠨ ᠰᠤᠷᠤᠭ᠍ᠴᠢ ᠨᠢᠭᠡᠪᠦᠷᠢ᠎ᠶ᠋ᠢ ᠨᠥᠯᠥᠭᠡᠯᠡᠭᠰᠡᠨ ᠵᠢᠡᠷ ᠦᠯᠦ᠍ ᠪᠠᠷᠠᠮ᠂ ᠬᠠᠵᠠᠭᠤ᠎ᠳᠠᠬᠢ ᠬᠠᠮᠤᠭ᠎ᠤᠨ ᠳᠣᠲᠣᠨᠣ ᠬᠥᠮᠦᠨᠵᠢᠡᠨ ᠴᠦ᠍ ᠨᠥᠯᠥᠭᠡᠯᠡᠭᠰᠨᠨ ᠪᠠᠢᠯ᠎ᠠ᠃ ᠥᠬᠢᠨ ᠳᠡᠭᠦᠦ ᠰᠦ᠍ ᠲᠢᠩ ᠶᠠᠨ ᠨᠢ ᠲᠡᠭᠦᠨ᠎ᠦ᠌ ᠴᠢᠷᠮᠠᠢᠯᠭ᠎ᠠ ᠵᠢᠳᠭᠦᠯ ᠳ᠋ᠤᠨᠢ ᠡᠷᠭᠡ ᠦᠭᠡᠢ ᠰᠡᠳᠭᠢᠯ ᠬᠥᠳᠡᠯᠵᠤ᠂ ᠰᠠᠨᠠᠭᠠᠴᠢᠯᠠᠭᠠᠠ᠋ᠴᠠᠪᠠᠨ ᠲᠡᠭᠦᠨᠢ᠋ ᠳᠠᠭᠠᠭᠠᠳ᠂ ᠣᠳᠣ ᠮᠣᠩᠭᠣᠯ ᠦᠨᠳᠦᠰᠦᠲᠡᠨ᠎ᠦ᠌ ᠲᠣᠯᠣᠭᠠᠢ ᠵᠢᠨ ᠵᠠᠰᠠᠯ ᠵᠢᠮᠰᠡᠭ᠎ᠤᠨ ᠬᠥᠬᠡᠬᠣᠲᠠ᠎ᠶᠢᠨ ᠳᠡᠰ᠎ᠦ᠋ᠨ ᠪᠣᠳᠠᠰ᠎ᠤ᠋ᠨ ᠪᠤᠰᠤ ᠰᠣᠶᠣᠯ᠎ᠤ᠋ᠨ ᠥᠪ᠎ᠦ᠋ᠨ ᠲᠥᠯᠥᠭᠡᠯᠡᠬᠦ᠌ ᠴᠢᠨᠠᠷᠲᠠᠢ ᠤᠯᠠᠮᠵᠢᠯᠠᠭᠴᠢ ᠪᠣᠯᠵᠠᠢ᠃
ᠮᠦᠽᠧᠢ᠎ᠶᠢᠨ ᠬᠦᠷᠢᠶᠡᠯᠡᠩᠳ᠋ᠦ ᠨᠠᠷᠢᠨ ᠬᠢᠨᠠᠮᠠᠭᠠᠢ ᠰᠠᠬᠢᠨ ᠬᠠᠮᠠᠭᠠᠯᠠᠵᠤ ᠪᠠᠢᠬᠰᠠᠨ ᠡᠴᠡ ᠰᠤᠷᠭᠠᠭᠤᠯᠢᠳ᠋ᠦ᠍ ᠤᠯᠠᠮᠵᠢᠯᠠᠬᠤ ᠪᠤᠯᠲᠠᠯ᠎ᠠ᠂ ᠳᠠᠬᠢᠨ ᠱᠢᠨ᠎ᠡ᠎ᠶᠢ ᠡᠭᠦᠳᠬᠦ᠌ ᠠᠶᠠᠨ ᠳ᠋ᠡᠬᠢ ᠴᠤᠴᠠᠯᠲᠠ ᠦᠭᠡᠢ ᠬᠠᠢᠨ ᠰᠦᠪᠡᠭ᠌ᠴᠢᠯᠡᠬᠦ ᠬᠦᠷᠲᠡᠯ᠎ᠡ᠂ ᠰᠤ᠌ ᠲᠢᠩ ᠯᠢᠩ ᠱᠢᠨ᠎ᠡ ᠴᠠᠭ ᠦᠶ᠎ᠡ᠎ᠳ᠋ᠦ᠍ ᠮᠣᠩᠭᠣᠯ ᠦᠨᠳᠦᠰᠦᠲᠡᠨ᠎ᠦ᠌ ᠬᠤᠪᠴᠠᠰᠤ ᠵᠠᠰᠠᠯ᠎ᠤᠨ ᠦᠩᠭᠡ ᠭᠢᠯᠪᠠᠭ᠎ᠠ ᠵᠢ ᠨᠡᠩ ᠰᠠᠴᠤᠷᠠᠭᠤᠯᠵᠤ ᠪᠠᠢᠨ᠎ᠠ᠃

ᠮᠣᠩᠭᠣᠯ ᠦᠨᠳᠦᠰᠦᠲᠡᠨ᠎ᠦ᠌ ᠬᠤᠪᠴᠠᠰᠤ ᠵᠠᠰᠠᠯ ᠱᠠᠩᠬᠠᠢ ᠬᠣᠲᠠ᠎ᠵᠢᠨ ᠬᠢᠨ᠎ᠳᠤ ᠱᠠᠭᠰᠢᠭᠳᠠᠵᠠᠢ
ᠪᠤᠳᠠᠰ᠎ᠤᠨ ᠪᠤᠰᠤ ᠰᠤᠶᠤᠯ᠎ᠤᠨ ᠦᠪ᠎ᠤᠨ ᠲᠦᠭᠦᠮ ᠮᠡᠳᠡᠯᠭᠡ
ᠮᠣᠩᠭᠣᠯ ᠦᠨᠳᠦᠰᠦᠲᠡᠨ᠎ᠦ᠌ ᠬᠤᠪᠴᠠᠰᠤ ᠵᠠᠰᠠᠯ ᠪᠣᠯ ᠮᠠᠨ᠎ᠤ᠋ ᠤᠯᠤᠰ᠎ᠤ᠋ᠨ ᠤᠮᠠᠷᠠᠲᠤ᠎ᠶᠢᠨ ᠨᠡᠭᠦᠳᠡᠯᠴᠢᠨ ᠦᠨᠳᠦᠰᠦᠲᠡᠨ᠎ᠦ᠌ ᠬᠤᠪᠴᠠᠰᠤ ᠵᠠᠰᠠᠯ᠎ᠤ᠋ᠨ ᠳᠣᠲᠣᠷᠠᠬᠢ ᠬᠠᠮᠤᠭ᠎ᠤ᠋ᠨ ᠲᠥᠯᠥᠭᠡᠯᠡᠬᠦ᠌ ᠴᠢᠨᠠᠷᠲᠠᠢ ᠬᠤᠪᠴᠠᠰᠤ ᠵᠠᠰᠠᠯ᠎ᠤ᠋ᠨ ᠨᠢᠭᠡ ᠨᠢ ᠪᠣᠯᠤᠨ᠎ᠠ᠂ ᠶᠤᠸᠠᠨ ᠤᠯᠤᠰ᠎ᠤ᠋ᠨ ᠦᠶ᠎ᠡ᠎ᠳ᠋ᠦ᠍ ᠤᠷᠢᠳ ᠭᠠᠷᠤᠭ᠎ᠠ ᠥᠬᠡᠢ ᠬᠥᠭ᠌ᠵᠢᠵᠦ᠍᠂ ᠠᠭᠠᠵᠢᠮᠵᠢᠡᠷ ᠬᠡᠭᠡᠨᠴᠢᠷ ᠭᠤᠶᠤ᠂ ᠰᠦᠷ ᠪᠠᠳᠠᠷᠠᠭᠤᠨ᠂ ᠤᠷᠠᠨ ᠡᠷᠬᠢᠮᠰᠦᠭ ᠨᠠᠮᠪᠠ ᠵᠢ ᠪᠦᠷᠢᠯᠳᠦᠭᠦᠯᠵᠠᠢ᠃ ᠨᠡᠢᠭᠡᠮ᠎ᠤᠨ ᠬᠤᠪᠢᠰᠤᠯᠲᠠ᠎ᠶ᠋ᠢ ᠳᠠᠭᠠᠯᠳᠤᠨ᠂ ᠮᠣᠩᠭᠤᠯ ᠦᠨᠳᠦᠰᠦᠲᠡᠨ᠎ᠤ ᠡᠯ᠎ᠡ ᠠᠢᠮᠠᠭ ᠤᠭᠰᠠᠭ᠎ᠠ ᠲᠤᠰᠠᠭᠠᠷ ᠬᠥᠭ᠌ᠵᠢᠯᠲᠡ᠎ᠶ᠋ᠢᠨ ᠣᠷᠣᠨ ᠵᠠᠢᠲᠠᠢ ᠪᠣᠯᠤᠭᠠᠳ᠂ ᠮᠣᠩᠭᠤᠯ ᠬᠤᠪᠴᠠᠰᠤ ᠵᠠᠰᠠᠯ᠎ᠤᠨ ᠬᠡᠯᠪᠡᠷᠢ ᠨᠠᠮᠪᠠ ᠪᠠ ᠲᠦᠷᠦᠯ ᠵᠦᠢᠯ ᠨᠢ ᠲᠠᠰᠤᠷᠠᠯᠲᠠ ᠦᠭᠡᠢ ᠨᠡᠮᠡᠭ᠌ᠳᠡᠵᠦ᠍᠂ ᠡᠯ᠎ᠡ ᠠᠢᠮᠠᠭ ᠤᠭᠰᠠᠭᠠᠨᠤ ᠦᠪᠡᠷ ᠦᠪᠡᠷ᠎ᠤᠨ ᠦᠪᠡᠷᠮᠢᠴᠡ ᠣᠨᠴᠠᠯᠢᠭ᠎ᠢ ᠪᠦᠷᠢᠯᠳᠦᠭᠦᠯᠦᠭᠡᠳ ᠣᠳᠣ ᠪᠣᠯᠲᠠᠯ᠎ᠠ ᠤᠯᠠᠮᠵᠢᠯᠠᠭᠳᠠᠵᠤ ᠢᠷᠡᠵᠡᠢ᠃ ᠮᠤᠩᠭᠤᠯ ᠦᠨᠳᠦᠰᠦᠳᠡᠨ᠎ᠤ ᠡᠯ᠎ᠡ ᠠᠢᠮᠠᠭ ᠤᠭᠰᠠᠭᠠᠨᠤ ᠬᠤᠪᠴᠠᠰᠤ ᠵᠠᠰᠠᠯ ᠨᠢ ᠴᠦᠮ ᠡᠷᠡᠭ᠌ᠲᠡᠢ ᠡᠮᠡᠭ᠌ᠲᠡᠢ ᠨᠠᠰᠤᠲᠠᠨ ᠨᠢᠯᠬ᠎ᠠ᠂ ᠤᠷᠤᠭ᠍ᠯᠠᠭ᠍ᠰᠠᠨ ᠪᠠ ᠤᠷᠤᠭ᠍ᠯᠠᠭᠠ ᠦᠭᠡᠢ᠂ ᠲᠦᠷᠪᠡᠨ ᠤᠯᠠᠷᠢᠯ᠎ᠤᠨ ᠬᠤᠪᠴᠠᠰᠤ ᠵᠠᠰᠠᠯ᠂ ᠶᠤᠰᠤᠯᠠᠯ᠎ᠤᠨ ᠬᠤᠪᠴᠠᠰᠤ ᠵᠠᠰᠠᠯ᠂ ᠡᠳᠦᠷ ᠲᠤᠳᠤᠮ᠎ᠤᠨ ᠬᠤᠪᠴᠠᠰᠤ ᠵᠠᠰᠠᠯ ᠵᠡᠷᠭᠡ ᠢᠯᠭᠠᠭ᠎ᠠ᠎ᠲᠠᠢ ᠪᠠᠢᠳᠠᠭ᠃ ᠡᠭᠦᠨ᠎ᠳᠤ ᠭᠤᠤᠯᠳᠠᠭᠤ ᠲᠡᠷᠯᠢᠭ᠂ ᠴᠠᠮᠴᠠ᠂ ᠨᠡᠬᠡᠢ ᠳᠡᠪᠡᠯ᠂ ᠤᠲᠤᠮᠠᠯ ᠳᠡᠪᠡᠯ᠂ ᠤᠭᠤᠵᠢ᠂ ᠭᠤᠲᠤᠯ (ᠢᠰᠡᠬᠡᠢ ᠭᠤᠲᠤᠯ᠂ ᠪᠤᠯᠢᠭᠠᠷᠢ ᠵᠢᠨ ᠭᠤᠳᠤᠯ᠂ ᠮᠠᠬᠠᠢ)᠂ ᠲᠤᠯᠤᠭᠠᠢ ᠵᠢᠨ ᠵᠠᠰᠠᠯ ᠵᠢᠮᠰᠡᠭ ᠵᠢᠴᠢ ᠵᠠᠰᠠᠯ᠎ᠤᠨ ᠵᠡᠭᠦᠯᠲᠡ (ᠬᠡᠳᠡ᠂ ᠳᠠᠯᠢᠩ᠂ ᠬᠠᠪᠳᠠᠭ᠎ᠠ) ᠵᠡᠷᠭᠡ ᠪᠤᠢ᠃ ᠡᠳᠡᠭᠡᠷ ᠬᠤᠪᠴᠠᠰᠤ ᠵᠠᠰᠠᠯᠤᠳᠡᠰᠭᠡᠵᠦ ᠤᠶᠤᠬᠤ᠂ ᠦᠨᠡᠲᠦ ᠲᠡᠮᠦᠷᠯᠢᠭ᠎ᠢ ᠡᠳ᠋ᠰᠢᠭᠦᠯᠬᠦ᠂ ᠵᠠᠰᠠᠯ ᠵᠢᠮᠰᠡᠭ ᠦᠢᠯᠡᠳᠬᠦ ᠵᠢ ᠨᠢᠭᠡ ᠴᠣᠭ᠍ᠴᠠᠵᠢᠭᠤᠯᠤᠨ᠂ ᠮᠣᠩᠭᠤᠯ ᠦᠨᠳᠦᠰᠦᠲᠡᠨ᠎ᠤ ᠰᠣᠶᠣᠯ᠎ᠤᠨ ᠰᠠᠯᠵᠤ ᠪᠣᠯᠤᠰᠢ ᠦᠭᠡᠶ ᠪᠦᠷᠢᠯᠳᠦᠬᠦᠨ ᠬᠡᠰᠡᠭ ᠪᠣᠯᠵᠤ᠂ ᠮᠣᠩᠭᠤᠯ ᠦᠨᠳᠦᠰᠦᠲᠡᠨ᠎ᠤ ᠠᠷᠠᠳ ᠲᠦᠮᠡᠨ᠎ᠤ ᠣᠶᠤᠨ ᠤᠬᠠᠭᠠᠨ᠎ᠢ ᠨᠢᠭ᠍ᠲᠠᠷᠠᠭᠤᠯᠵᠤ᠂ ᠡᠯᠪᠡᠭ ᠰᠣᠶᠣᠯ᠎ᠤᠨ ᠠᠭᠤᠯᠤᠭ᠍ᠳᠠᠬᠤᠨ᠎ᠢ ᠢᠯᠡᠷᠡᠭᠦᠯᠦᠭ᠌ᠰᠡᠨ ᠪᠠᠢᠨ᠎ᠠ᠃