《ᠬᠣᠯᠪᠣᠭᠠᠲᠤ ᠤᠷᠤᠯᠳᠤᠭᠠᠨ》 ᠤ᠋ ᠬᠤᠤᠰ ᠦᠬᠡᠢ ᠠᠴᠢ ᠬᠤᠯᠪᠤᠭᠳᠠᠯ᠎ᠤᠨ ᠤᠴᠢᠷ
2026-05-06 11:39:17
ᠵᠣᠬᠢᠶᠠᠭ᠍ᠴᠢ᠄
ᠳᠠᠪᠰᠢᠯᠳᠤ
ᠣᠩᠱᠢᠭ᠍ᠰᠠᠨ ᠣᠳᠠᠭ᠎ᠠ᠄
★★★☆☆

ᠠᠯᠠᠱᠠ ᠵᠢᠨ ᠳᠡᠮᠡᠬᠡᠨ᠎ᠤ ᠬᠣᠯᠪᠣᠭᠠᠲᠤ ᠤᠷᠤᠯᠳᠤᠭᠠᠨ ᠨᠢ ᠦᠪᠡᠳᠡᠭᠰᠢ ᠴᠤᠭᠯᠠᠭᠠᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠦ ᠰᠣᠶᠣᠯ᠎ᠢ ᠤᠯᠠᠮᠵᠢᠯᠠᠨ ᠳᠡᠯᠬᠡᠷᠡᠬᠦᠯᠵᠦ᠂ ᠠᠵᠤ ᠦᠢᠯᠡᠰ᠎ᠦᠨ ᠬᠥᠳᠡᠯᠭᠡᠬᠦ ᠡᠨᠧᠷᠭᠢ᠎ᠶᠢ ᠬᠥᠭᠵᠢᠭᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠠᠮᠢᠳᠤᠯᠢᠭ᠋ ᠦᠢᠯᠡᠳᠦᠯᠭᠡ ᠪᠣᠯᠬᠤ ᠶᠤᠮ᠃ ᠡᠨᠡ ᠬᠦ᠌ ᠤᠷᠤᠯᠳᠤᠭᠠᠨ ᠨᠢ ᠲᠡᠮᠡᠭᠡ᠎ᠪᠡᠷ 《ᠵᠠᠭᠤᠴᠢ》 ᠪᠣᠯᠭᠠᠵᠤ᠂ 6 ᠮᠤᠵᠢ ᠣᠷᠣᠨ᠎ᠤ 2000 ᠭᠠᠷᠤᠢ ᠲᠠᠮᠢᠷᠴᠢᠨ᠂ 5000 ᠭᠠᠷᠤᠢ ᠲᠡᠮᠡᠭᠡ᠎ᠶᠢ ᠲᠡᠳᠡᠨ ᠣᠷᠣᠯᠴᠠᠭᠤᠯᠵᠤ᠂ 《ᠳᠤᠮᠳᠠᠳᠤ ᠤᠯᠤᠰ᠎ᠤᠨ ᠲᠡᠮᠡᠭᠡᠳᠦ ᠨᠤᠲᠤᠭ》᠎ᠤᠨ ᠨᠡᠷ᠎ᠡ᠎ᠶᠢᠨ ᠬᠠᠭᠤᠳᠠᠰᠤ᠎ᠶᠢ ᠰᠢᠨ᠎ᠡ ᠴᠠᠭ ᠦᠶ᠎ᠡ᠎ᠳᠦ ᠬᠡᠷᠡᠯ ᠭᠢᠯᠪᠠᠭ᠎ᠠ ᠰᠠᠴᠤᠷᠠᠭᠤᠯᠪᠠ᠃ ᠲᠡᠮᠡᠭᠡᠨ᠎ᠦ ᠬᠣᠯᠪᠣᠭᠠᠲᠤ ᠤᠷᠤᠯᠳᠤᠭᠠᠨ ᠨᠢ ᠰᠣᠶᠣᠯ᠎ᠤᠨ ᠥᠪ᠎ᠢ ᠣᠯᠠᠨ ᠲᠦᠮᠡᠨ᠎ᠦ ᠬᠠᠷᠠᠭᠠᠨ᠎ᠳᠤ ᠣᠷᠣᠭᠤᠯᠵᠤ᠂ ᠲᠡᠮᠡᠭᠡ ᠤᠷᠤᠯᠳᠤᠬᠤ᠂ ᠭᠠᠨᠭᠭᠠᠩ ᠳᠡᠮᠡᠬᠡ ᠰᠢᠯᠭᠠᠷᠠᠭᠤᠯᠬᠤ᠂ ᠢᠩᠭᠡᠨ ᠰᠦ ᠵᠢᠨ ᠪᠦᠳᠦᠬᠡᠭᠳᠡᠬᠦᠨ᠎ᠢ ᠳᠡᠯᠭᠡᠨ ᠦᠵᠡᠭᠦᠯᠬᠦ ᠁ ᠵᠡᠷᠭᠡ ᠠᠵᠢᠯᠯᠠᠭ᠎ᠠ᠎ᠪᠠᠷ ᠳᠡᠮᠵᠢᠨ ᠤᠯᠠᠮᠵᠢᠯᠠᠯᠲᠤ ᠤᠷ᠎ᠠ ᠮᠡᠷᠭᠡᠰᠢᠯ᠎ᠢ ᠤᠷᠤᠯᠳᠤᠭᠠᠨ᠎ᠤ ᠲᠠᠯᠠᠪᠠᠶ᠎ᠳᠤ ᠳᠡᠯᠭᠡᠷᠡᠭᠦᠯᠵᠦ᠂ ᠵᠠᠯᠠᠭᠤ ᠨᠢᠭᠡ ᠦᠶ᠎ᠡ᠎ᠶᠢᠨ ᠬᠢᠨ᠎ᠳᠦ ᠦᠨᠳᠦᠰᠦᠲᠡᠨ᠎ᠦ ᠰᠣᠶᠣᠯ᠎ᠢ ᠣᠢᠯᠠᠭᠠᠬᠤ ᠬᠥᠭᠥᠷᠭᠡ ᠲᠠᠯᠪᠢᠵᠦ ᠪᠤᠢ ᠠᠵᠢ᠃

ᠠᠯᠠᠱᠠ ᠠᠢᠮᠠᠭ᠎ᠤᠨ ᠲᠡᠮᠡᠭᠡ᠎ᠶᠢᠨ ᠲᠣᠭ᠎ᠠ ᠨᠢ 17.4 ᠲᠦᠮᠡᠨ᠎ᠳᠤ ᠬᠦᠷᠴᠦ᠂ ᠪᠥᠬᠥ ᠤᠯᠤᠰ᠎ᠤᠨ ᠭᠤᠷᠪᠠᠨ᠎ᠤ ᠨᠢᠭᠡ᠎ᠶᠢ ᠡᠵᠡᠯᠡᠵᠦ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠦᠢᠯᠡᠳᠬᠦᠨ᠎ᠦ ᠥᠷᠲᠡᠭ ᠨᠢ 25 ᠳ᠋ᠦᠩᠰᠢᠭᠤᠷ ᠲᠥᠭᠥᠷᠢᠭ᠎ᠢ ᠳᠠᠪᠠᠭᠰᠠᠨ ᠠᠮᠵᠢᠯᠳᠠ ᠳᠠᠢ᠃ 《ᠬᠣᠯᠪᠣᠭᠠᠲᠤ ᠤᠷᠤᠯᠳᠤᠭᠠᠨ》 ᠨᠢ ᠮᠠᠯᠴᠢᠳ᠎ᠤᠨ ᠲᠡᠮᠡᠭᠡ ᠮᠠᠯᠵᠢᠬᠤ ᠢᠳᠡᠪᠬᠢᠵᠢᠯ᠎ᠢ ᠳᠠᠢᠴᠢᠯᠠᠭᠰᠠᠨ᠎ᠢᠶᠠᠷ ᠪᠠᠷᠠᠬᠤ ᠦᠭᠡᠢ᠂ ᠲᠡᠮᠡᠭᠡᠨ ᠮᠢᠬ᠎ᠠ᠂ ᠲᠡᠮᠡᠭᠡᠨ ᠨᠣᠣᠰᠣ᠌ ᠵᠡᠷᠭᠡ ᠣᠨᠴᠠᠯᠢᠭ᠍ᠲᠤ ᠪᠦᠲᠦᠭᠡᠭᠳᠡᠬᠦᠨ᠎ᠢ ᠵᠠᠬ᠎ᠠ ᠳᠡᠯᠭᠡᠭᠦᠷ᠎ᠲᠦ ᠭᠠᠷᠭᠠᠬᠤ᠎ᠶᠢ ᠠᠬᠢᠭᠤᠯᠵᠤ᠂ ᠠᠷᠪᠠ ᠭᠠᠷᠤᠢ ᠲᠠᠭᠠᠭᠤᠯᠤᠭᠴᠢ ᠠᠵᠤ ᠠᠬᠤᠢᠯᠡᠯ᠎ᠢ ᠪᠣᠢᠵᠢᠭᠤᠯᠵᠤ᠂ 《ᠡᠯᠡᠰᠦᠨ ᠵᠠᠪᠢ》᠎ᠶ᠋ᠢ ᠮᠠᠯᠴᠢᠳ᠎ᠤᠨ ᠣᠷᠣᠯᠭ᠎ᠠ᠎ᠶᠢ ᠨᠡᠮᠡᠭᠳᠡᠭᠦᠯᠬᠦ 《ᠬᠦᠰᠡᠯ᠎ᠦᠨ ᠵᠠᠪᠢ》 ᠪᠣᠯᠭᠠᠵᠠᠢ᠃ ᠡᠭᠦᠨ᠎ᠦ ᠬᠠᠮᠲᠤ᠂ ᠤᠷᠤᠯᠳᠤᠭᠠᠨ ᠪᠣᠯᠣᠨ ᠰᠣᠶᠣᠯ ᠵᠢᠭᠤᠯᠴᠢᠯᠠᠯ ᠭᠦᠨᠵᠡᠭᠡᠢ ᠠᠭᠤᠰᠤᠯᠴᠠᠵᠤ᠂ ᠡᠪᠦᠯ᠎ᠦᠨ ᠤᠯᠠᠷᠢᠯ᠎ᠤᠨ ᠵᠢᠭᠤᠯᠴᠢᠯᠡᠯ᠎ᠤᠨ ᠰᠢᠨ᠎ᠡ IP ᠶ᠋ᠢ ᠡᠭᠦᠳᠴᠦ᠂ ᠵᠢᠭᠤᠯᠴᠢᠯᠠᠭᠰᠠᠳ᠎ᠢ ᠲᠠᠲᠠᠵᠤ ᠬᠢᠯᠢ ᠬᠢᠵᠠᠭᠠᠷ᠎ᠤᠨ ᠵᠠᠩ ᠠᠭᠠᠯᠢ᠎ᠶᠢ ᠣᠢᠯᠠᠭᠠᠭᠤᠯᠵᠤ᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠰᠣᠶᠣᠯ᠎ᠤᠨ ᠪᠦᠳᠦᠬᠡᠯᠴᠢ ᠡᠭᠦᠳᠦᠯᠲᠡ ᠵᠡᠷᠭᠡ ᠠᠵᠤ ᠦᠢᠯᠡᠰ᠎ᠦᠨ ᠬᠥᠭᠵᠢᠯᠲᠡ᠎ᠶᠢ ᠳᠠᠢ᠍ᠢᠴᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃

ᠠᠯᠠᠱᠠ᠎ᠶᠢᠨ ᠲᠡᠮᠡᠭᠡᠨ᠎ᠤ ᠬᠣᠯᠪᠣᠭᠠᠲᠤ ᠤᠷᠤᠯᠳᠤᠭᠠᠨ ᠨᠢ ᠳᠡᠮᠡᠴᠡᠬᠡᠨ ᠨᠠᠭᠠᠳᠤᠮ᠎ᠢᠶᠠᠷ ᠬᠣᠯᠪᠣᠭᠠᠰᠤ ᠪᠣᠯᠭᠠᠨ᠂ ᠰᠣᠶᠣᠯ᠎ᠤᠨ ᠤᠯᠠᠮᠵᠢᠯᠠᠯ᠂ ᠠᠵᠤ ᠦᠢᠯᠡᠰ᠎ᠦᠨ ᠬᠥᠭᠵᠢᠯᠲᠡ ᠪᠣᠯᠣᠨ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢ ᠳᠠᠢᠴᠢᠯᠡᠵᠦ᠂  ᠨᠡᠩ ᠴᠤ᠌ ᠬᠢᠯᠢ ᠬᠢᠵᠠᠭᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠳᠤ ᠠᠮᠢᠳᠤᠯᠢᠭ᠋ ᠵᠢᠱ᠌ᠢᠶ᠎ᠠ ᠪᠤᠯᠵᠦ ᠦᠭᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号