— ᠵᠢᠨᠢᠩ ᠲᠣᠭᠣᠷᠢᠭ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠸᠠᠩ ᠸᠧᠶ᠎ᠶ᠋ᠢ ᠲᠡᠮᠳᠡᠭ᠌ᠯᠡᠪᠡ
《ᠶᠤᠸᠠᠨ ᠳᠠᠭᠠᠭᠠᠮᠠᠯ ᠡ᠂ ᠪᠢᠳᠡ ᠪᠠᠷᠢᠯᠭ᠎ᠠ᠎ᠶ᠋ᠢᠨ ᠶᠠᠰᠤ ᠴᠢᠨᠠᠷ᠎ᠢ ᠪᠠᠲᠤᠯᠠᠭ᠍ᠰᠠᠨ ᠤᠷᠢᠲᠠᠯ ᠳᠣᠣᠷ᠎ᠠ᠂ ᠪᠠᠷᠢᠯᠭ᠎ᠠ᠎ᠶ᠋ᠢᠨ ᠠᠬᠢᠴᠠ᠎ᠪᠠᠨ ᠴᠢᠳᠠᠬᠤ᠎ᠶ᠋ᠢᠨ ᠬᠢᠷᠢ᠎ᠪᠡᠷ ᠲᠦᠷᠭᠡᠳᠭᠡᠵᠦ᠍᠂ ᠤᠯᠠᠨ᠎ᠢᠶᠠᠷ᠎ᠢᠶᠠᠨ ᠬᠠᠮᠲᠤ ᠪᠠᠷ ᠴᠢᠷᠮᠠᠢᠵᠤ ᠪᠠᠢᠭᠠᠳ ᠡᠨᠡ ᠬᠦ᠌ ᠰᠠᠭᠤᠭᠠᠯᠢ ᠠᠷᠠᠳ᠎ᠤᠨ ᠵᠣᠪᠠᠭᠤᠷᠢ᠎ᠲᠠᠶ ᠶᠠᠪᠤᠳᠠᠯ᠎ᠢ ᠡᠷᠲᠡᠬᠡᠨ ᠱᠢᠢᠳᠪᠦᠷᠢᠯᠡᠶᠡ》᠃ 3 ᠰᠠᠷ᠎ᠠ᠎ᠶ᠋ᠢᠨ 30 ᠤ᠋ ᠦᠳᠡ᠎ᠶ᠋ᠢᠨ ᠡᠮᠦᠨ᠎ᠡ᠂ ᠬᠣᠩ ᠬᠠᠶ ᠽᠢ ᠨᠡᠢᠭᠡᠮ ᠲᠣᠭᠣᠷᠢᠭ᠎ᠤᠨ ᠭᠠᠵᠠᠷ ᠳᠤᠤᠷᠠᠬᠢ ᠪᠤᠯᠠᠭ᠎ᠤᠨ ᠤᠰᠤᠨ᠎ᠤ ᠪᠢᠯᠬᠠᠷᠠᠨ ᠤᠷᠤᠰᠬᠤ᠎ᠶ᠋ᠢ ᠴᠡᠭ᠌ᠴᠡᠯᠡᠨ ᠵᠠᠰᠠᠬᠤ ᠵᠢᠴᠢ ᠤᠰᠤ ᠭᠠᠳᠠᠭ᠍ᠰᠢᠯᠠᠭᠤᠯᠬᠤ᠎ᠶ᠋ᠢ ᠥᠭᠡᠷᠡᠴᠢᠯᠡᠨ ᠵᠠᠰᠠᠬᠤ ᠢᠨᠵᠧᠨᠧᠷᠢᠩ᠎ᠦᠨ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠎ᠤᠨ ᠴᠠᠭᠠᠨᠨᠠᠭᠤᠷ ᠪᠠᠯᠭᠠᠰᠤ᠎ᠶ᠋ᠢᠨ ᠬᠣᠩ ᠬᠠᠶ ᠽᠢ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠸᠠᠩ ᠸᠧᠶ ᠪᠠᠷᠢᠯᠭ᠎ᠠ᠎ᠶ᠋ᠢᠨ ᠪᠠᠢᠳᠠᠯ᠎ᠢ ᠪᠠᠢᠴᠠᠭᠠᠨ ᠦᠵᠡᠬᠦ᠌᠎ᠶ᠋ᠢᠨ ᠳᠠᠭᠠᠤ ᠪᠠᠷᠢᠯᠭ᠎ᠠ᠎ᠶ᠋ᠢᠨ ᠲᠠᠯ᠎ᠠ᠎ᠶ᠋ᠢᠨ ᠬᠠᠷᠢᠭᠤᠴᠠᠯᠭᠠᠲᠠᠨ ᠶᠤᠸᠠᠨ ᠵᠢᠶᠠᠨ ᠵᠢᠶᠦ᠋ᠨ᠎ᠳᠦ ᠬᠡᠯᠡᠪᠡ᠃ ᠡᠨᠡ ᠪᠣᠯ ᠸᠠᠩ ᠸᠧᠢ᠎ᠶ᠋ᠢᠨ ᠠᠯᠪᠠᠨ ᠭᠡᠷ ᠪᠣᠯᠤᠨ ᠵᠡᠭᠡᠯᠢ ᠭᠤᠳᠤᠮᠵᠢ᠎ᠶ᠋ᠢᠨ ᠬᠣᠭᠣᠷᠣᠨᠳᠣ ᠶᠠᠭᠠᠷᠠᠯᠳᠤᠨ ᠭᠦᠶᠦᠵᠦ᠍ ᠪᠠᠢᠭ᠎ᠠ ᠬᠤᠷᠢᠶᠠᠩᠭᠤᠢ ᠵᠢᠷᠤᠭᠯᠠᠯ ᠪᠣᠯᠤᠨ᠎ᠠ᠂ ᠪᠠᠰᠠ ᠴᠤ᠌ ᠲᠡᠭᠦᠨ᠎ᠦ ᠦᠨᠳᠦᠰᠦᠨ ᠱᠠᠲᠤᠨ᠎ᠳᠤ ᠦᠨᠳᠦᠰᠦᠯᠡᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠢ ᠱᠢᠢᠳᠪᠦᠷᠢᠯᠡᠵᠦ᠍᠂ ᠴᠢᠩ ᠦᠨᠡᠨᠴᠢ ᠦᠢᠯᠡᠴᠢᠯᠡᠭᠡ᠎ᠪᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠤᠭ᠍ᠰᠠᠨ᠎ᠤ ᠪᠣᠳᠠᠲᠠᠢ ᠢᠯᠡᠷᠡᠯ ᠪᠣᠯᠤᠨ᠎ᠠ᠃
ᠡᠨᠡ ᠵᠢᠯ 40 ᠨᠠᠰᠤᠲᠠᠢ ᠸᠠᠩ ᠸᠧᠢ᠂ ᠡᠭᠡᠯ ᠪᠤᠷᠤᠭᠵᠢᠭᠤᠨ ᠡᠮᠦᠰᠭᠡᠯ᠂ ᠢᠳᠡᠯᠢᠭ ᠰᠢᠭᠤᠷᠬᠠᠢ ᠦᠭᠡ ᠶᠠᠷᠢᠶ᠎ᠠ ᠪᠡᠷ ᠬᠠᠷᠢᠭᠤᠴᠠᠯᠭ᠎ᠠ ᠡᠭᠦᠷᠭᠡᠯᠡᠯ ᠪᠠ ᠦᠨᠡᠨᠴᠢ ᠱᠢᠳᠤᠷᠭᠤ᠎ᠪᠠᠨ ᠭᠦᠢᠴᠡᠳ ᠢᠯᠡᠷᠡᠭᠦᠯᠪᠡ᠃ 2013 ᠣᠨ᠎ᠳᠤ ᠠᠵᠢᠯ᠎ᠳᠤ ᠭᠠᠷᠤᠭᠰᠠᠨ᠎ᠠᠴᠠ ᠨᠠᠭᠠᠰᠢ᠂ ᠲᠡᠷᠡ ᠤᠷᠢᠳ ᠬᠣᠵᠢᠳ ᠵᠢᠨᠢᠩ ᠲᠣᠭᠣᠷᠢᠭ᠎ᠤᠨ ᠱᠢᠨᠬᠤᠸᠠ ᠵᠡᠭᠡᠯᠢ ᠭᠤᠳᠤᠮᠵᠢ᠎ᠶ᠋ᠢᠨ ᠭᠦ᠋ ᠴᠧᠩ ᠨᠡᠢᠭᠡᠮ ᠲᠣᠭᠣᠷᠢᠭ᠂ ᠲᠦᠩᠵᠸᠤ ᠨᠡᠢᠭᠡᠮ ᠲᠣᠭᠣᠷᠢᠭ᠎ᠲᠤ ᠦᠨᠳᠦᠰᠦᠨ ᠱᠠᠲᠤᠨ᠎ᠤ ᠠᠵᠢᠯ ᠬᠢᠵᠡᠢ᠃ ᠡᠨᠡ ᠬᠤᠭᠤᠴᠠᠭᠠᠨ᠎ᠳᠤ᠂ ᠸᠠᠩ ᠸᠧᠢ ᠢᠮᠠᠭ᠍ᠲᠠ ᠪᠠᠭ᠎ᠠ ᠭᠡᠷ᠎ᠢᠶᠡᠨ ᠦᠷᠡᠭ᠌ᠳᠡᠭᠦᠯᠵᠦ᠍᠂ ᠤᠯᠠᠨ ᠲᠦᠮᠡᠨ᠎ᠤ ᠲᠦᠯᠦᠭᠡ ᠵᠢᠳᠭᠦᠵᠦ᠂ ᠱᠢᠷᠭᠠᠭᠤ ᠬᠠᠳᠠᠭᠤᠵᠢᠯᠳᠠᠢ ᠪᠡᠷ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠵᠦ᠍᠂ ᠰᠠᠭᠤᠭᠠᠯᠢ ᠠᠷᠠᠳ᠎ᠲᠤ ᠠᠵᠢᠯᠴᠢ ᠬᠢᠴᠢᠶᠡᠩᠭᠦᠢ᠎ᠪᠡᠷ ᠦᠢᠯᠡᠴᠢᠯᠡᠵᠦ᠍᠂ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ 《ᠦᠷ᠎ᠡ ᠨᠠᠬᠢᠶᠠᠯᠠᠭᠤᠯᠬᠤ》 ᠠᠵᠢᠯᠯᠠᠭ᠎ᠠ᠂ ᠲᠠᠨ᠎ᠳᠤ 《ᠪᠢᠴᠢᠬᠠᠨ ᠤᠯᠠᠭᠠᠨ ᠴᠡᠴᠡᠭ》 ᠬᠦᠷᠭᠡᠶ᠎ᠠ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ᠂ 《ᠪᠠᠭ᠎ᠠ ᠬᠦᠷᠢᠶᠡᠨ᠎ᠦ ᠬᠡᠷᠡᠭ ᠵᠥᠪᠯᠡᠬᠦ᠌ ᠲᠢᠩᠬᠢᠮ》᠂ 《ᠪᠠᠭ᠎ᠠ ᠬᠦᠷᠢᠶᠡᠨ᠎ᠦ ᠢᠷᠭᠡᠨ᠎ᠦ ᠬᠡᠷᠡᠭ᠎ᠤᠨ ᠴᠠᠢ᠎ᠶ᠋ᠢᠨ ᠮᠤᠬᠤᠯᠠᠭ》 ᠵᠡᠷᠭᠡ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠠᠷᠭ᠎ᠠ ᠬᠡᠮᠵᠢᠢ᠎ᠡ᠎ᠶ᠋ᠢ ᠰᠢᠨ᠎ᠡ᠎ᠵᠢ ᠡᠭᠦᠳᠦᠨ ᠬᠡᠷᠡᠭᠵᠢᠭᠦᠯᠬᠦ ᠪᠡᠷ ᠳᠠᠮᠵᠢᠨ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠠᠵᠢᠯ᠎ᠢ ᠠᠬᠢᠭᠤᠯᠬᠤ᠂ ᠰᠠᠭᠤᠭᠠᠯᠢ ᠠᠷᠠᠳ᠎ᠤᠨ ᠵᠢᠷᠭᠠᠯᠲᠤ ᠲᠦᠷᠦᠭ᠌ᠳᠡᠯ ᠪᠣᠯᠤᠨ ᠬᠦᠷᠲᠡᠮᠵᠢ᠎ᠶ᠋ᠢᠨ ᠲᠦᠷᠦᠭ᠌ᠳᠡᠯ᠎ᠢ ᠳᠡᠭᠡᠭ᠌ᠰᠢᠯᠡᠭᠦᠯᠬᠦ᠌᠎ᠳᠦ ᠢᠳᠡᠪᠬᠢᠲᠡᠢ ᠬᠤᠪᠢ ᠨᠡᠮᠡᠷᠢ ᠦᠵᠡᠭᠦᠯᠪᠡ᠃
2023 ᠣᠨ᠎ᠤ 7 ᠰᠠᠷ᠎ᠠ᠎ᠳᠤ᠂ ᠸᠠᠩ ᠸᠧᠢ ᠵᠢᠨᠢᠩ ᠲᠣᠭᠣᠷᠢᠭ᠎ᠤᠨ ᠴᠠᠭᠠᠨᠨᠠᠭᠤᠷ ᠪᠠᠯᠭᠠᠰᠤᠨ᠎ᠤ ᠬᠣᠩ ᠬᠠᠢ ᠽᠢ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠪᠡ᠃ ᠬᠣᠩ ᠬᠠᠢ ᠽᠢ ᠨᠡᠢᠭᠡᠮ ᠲᠣᠭᠣᠷᠢᠭ ᠪᠣᠯ 2012 ᠣᠨ᠎ᠳᠤ ᠲᠣᠰᠭᠣᠨ᠎ᠢ ᠰᠠᠭᠤᠭᠠᠯᠢ ᠠᠷᠠᠳ᠎ᠤᠨ ᠲᠤᠭᠤᠷᠢᠭ ᠪᠣᠯᠭᠠᠨ ᠥᠭᠡᠷᠡᠴᠢᠯᠡᠭ᠌ᠰᠡᠨ ᠨᠡᠢᠭᠡᠮ ᠲᠣᠭᠣᠷᠢᠭ ᠪᠣᠯᠤᠨ᠎ᠠ᠂ ᠲᠡᠭᠦᠨ᠎ᠳᠦ ᠵᠡᠭᠦᠨ ᠲᠣᠰᠭᠣᠨ᠂ ᠪᠠᠷᠠᠭᠤᠨ ᠲᠣᠰᠭᠣᠨ ᠪᠣᠯᠤᠨ ᠾᠧᠦ ᠵᠢᠶᠠ ᠲᠤᠰᠬᠤᠨ ᠭᠤᠷᠪᠠᠨ ᠰᠠᠭᠤᠭᠠᠯᠢ ᠠᠷᠠᠳ᠎ᠤᠨ ᠳᠤᠭᠤᠢᠯᠠᠩᠪᠠᠭᠲᠠᠨᠠ᠃ ᠨᠡᠢᠭᠡᠮ ᠲᠣᠭᠣᠷᠢᠭ᠎ᠤᠨ ᠰᠠᠭᠤᠷᠢ ᠲᠥᠬᠥᠭᠡᠷᠦᠮᠵᠢ ᠠᠨᠠᠢ᠎ᠡᠴᠡ ᠪᠤᠯᠵᠤ᠂ ᠲᠣᠰᠭᠣᠨ᠎ᠳᠤ ᠪᠠᠢᠩᠭᠤ ᠰᠠᠭᠤᠭ᠎ᠠ ᠬᠥᠮᠦᠨ ᠠᠮᠠ᠎ᠵᠢᠨ ᠨᠠᠰᠤ ᠠᠬᠢᠭᠰᠠᠳ ᠤᠯᠠᠨ ᠮᠥᠷᠲᠡᠭᠡᠨ ᠵᠠᠷᠢᠮ ᠨᠢ ᠣᠨᠴᠠᠭᠠᠢ ᠠᠩᠬᠠᠷᠤᠨ ᠬᠠᠷᠠᠭᠠᠯᠵᠠᠬᠤ ᠴᠢᠬᠤᠯᠠᠲᠠᠢ ᠪᠠᠭᠤᠷᠠᠢᠴᠤᠤᠯ ᠳ᠋ᠦ ᠬᠠᠷᠢᠶᠠᠯᠠᠭ᠍ᠳᠠᠵᠤ᠂ ᠨᠡᠢᠭᠡᠮ ᠲᠣᠭᠣᠷᠢᠭ᠎ᠤᠨ ᠳᠦᠷᠰᠦ ᠪᠠᠢᠳᠠᠯ᠎ᠢ ᠰᠠᠢᠵᠢᠷᠠᠭᠤᠯᠬᠤ ᠨᠢ ᠬᠦᠴᠢᠷ ᠠᠰᠠᠭᠤᠳᠠᠯ ᠪᠣᠯᠵᠠᠢ᠃ ᠸᠠᠩ ᠸᠧᠢ ᠥᠴᠦᠬᠡᠨ ᠴᠦ᠍ ᠤᠬᠤᠷᠢᠭ᠍ᠰᠠᠨ ᠦᠭᠡᠢ ᠪᠡᠷ ᠬᠦᠴᠢᠷ᠎ᠢ ᠰᠦᠷᠦᠨ ᠤᠷᠤᠭ᠍ᠰᠢᠯᠠᠪᠠ᠃
ᠰᠣᠶᠣᠯ ᠪᠣᠯ ᠦᠨᠳᠦᠰᠦᠲᠡᠨ᠎ᠦ ᠪᠦᠯᠬᠦᠮᠳᠡᠯ᠎ᠦᠨ ᠤᠶᠤᠨ ᠰᠠᠨᠠᠭᠠᠨ᠎ᠤ ᠬᠣᠯᠪᠣᠭᠠᠰᠤ ᠮᠥᠨ᠂ ᠸᠠᠩ ᠸᠧᠢ ᠲᠡᠭᠦᠨ᠎ᠦ ᠴᠢᠬᠤᠯᠠ ᠴᠢᠨᠡᠷ᠎ᠢ ᠭᠦᠨ ᠣᠢᠯᠠᠭᠠᠳᠠᠭ᠃ ᠲᠡᠷᠡ ᠤᠯᠠᠨ ᠡᠱᠢᠲᠦ ᠰᠣᠶᠣᠯ᠎ᠤᠨ ᠰᠣᠯᠢᠯᠴᠠᠭᠠᠨ᠎ᠤ ᠲᠠᠪᠴᠠᠩ᠎ᠢ ᠲᠦᠷᠦᠭᠦᠯᠡᠨ ᠪᠠᠢᠭᠤᠯᠵᠤ᠂ ᠠᠷᠠᠳ᠎ᠤᠨ ᠵᠠᠩ ᠦᠢᠯᠡ᠎ᠶ᠋ᠢᠨ ᠠᠵᠢᠯᠯᠠᠭ᠎ᠠ᠎ᠶ᠋ᠢ ᠦᠨᠳᠦᠰᠦᠲᠡᠨ᠎ᠦ ᠬᠠᠢᠷ᠎ᠠ ᠰᠡᠳᠭᠢᠯᠭᠡ᠎ᠶ᠋ᠢ ᠵᠤᠵᠠᠭᠠᠳᠭᠠᠬᠤ 《ᠨᠠᠭᠠᠯᠳᠠ》 ᠪᠣᠯᠭᠠᠪᠠ᠄ ᠬᠣᠩ ᠬᠠᠢ ᠽᠢ ᠨᠡᠢᠭᠡᠮ ᠲᠣᠭᠣᠷᠢᠭ᠎ᠤᠨ ᠬᠢᠨ ᠭᠤᠯᠢᠷ᠎ᠤᠨ ᠤᠷᠠᠯᠢᠭ᠎ᠤᠨ ᠤᠷᠤᠯᠳᠤᠭᠠᠨ ᠵᠡᠷᠭᠡ ᠠᠷᠠᠳ᠎ᠤᠨ ᠵᠠᠩ ᠦᠢᠯᠡ ᠵᠢᠨ ᠨᠠᠢᠷ ᠨᠠᠭᠠᠳᠤᠮ᠎ᠢ ᠢᠳᠡᠪᠬᠢᠲᠡᠢ ᠡᠷᠬᠢᠯᠡᠵᠦ᠍᠂ ᠰᠣᠶᠣᠯ᠎ᠤᠨ ᠰᠣᠯᠢᠯᠴᠠᠭᠠᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠ; ᠲᠠᠢᠯᠤᠮᠵᠢ ᠡᠷᠬᠢᠯᠡᠵᠦ᠍ ᠠᠳᠠᠯᠢ ᠪᠤᠰᠤ ᠦᠨᠳᠦᠰᠦᠲᠡᠨ᠎ᠦ ᠲᠡᠦᠬᠡ᠎ᠶ᠋ᠢᠨ ᠤᠯᠠᠷᠢᠯ ᠬᠤᠪᠢᠰᠤᠯ ᠵᠢᠴᠢ ᠲᠡᠭᠦᠨ᠎ᠦ ᠣᠨᠴᠠᠯᠢᠭ ᠪᠦᠬᠦᠢ ᠵᠠᠩ ᠳᠠᠳᠭᠠᠯ᠎ᠢ ᠲᠠᠨᠢᠯᠴᠠᠭᠤᠯᠵᠤ᠂ ᠰᠠᠭᠤᠭᠠᠯᠢ ᠠᠷᠠᠳ᠎ᠢ ᠬᠠᠪᠰᠤᠷᠤᠨ ᠵᠥᠪ ᠣᠨᠣᠪᠴᠢᠲᠠᠢ ᠤᠯᠤᠰ ᠤᠷᠤᠨ᠎ᠤ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠪᠠ᠃
ᠰᠠᠭᠤᠭᠠᠯᠢ ᠠᠷᠠᠳ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠢ᠋ ᠱᠢᠢᠳᠪᠦᠷᠢᠯᠡᠵᠦ᠍᠂ ᠰᠡᠳᠭᠢᠯ᠎ᠢ ᠨᠢᠭ᠍ᠲᠠᠷᠠᠭᠤᠯᠪᠠ᠃ 《ᠸᠠᠩ ᠱᠦᠵᠢ᠂ ᠲᠠ ᠨᠠᠳᠠ ᠳᠤ ᠠᠷᠭ᠎ᠠ ᠪᠤᠳᠤᠭᠠᠳ ᠦᠭᠬᠦᠬᠡᠷᠡᠢ᠂ ᠡᠨᠡ ᠤᠯᠠᠭᠠᠨ ᠭᠦᠢᠯᠡᠰᠦ᠎ᠶᠢ ᠬᠤᠳᠠᠯᠳᠤᠵᠤ ᠠᠮᠵᠢᠬᠤ ᠦᠭᠡᠢ ᠪᠣᠯ ᠪᠦᠷ ᠢᠯᠵᠢᠷᠠᠴᠢᠭᠡᠨᠠ》᠃ 2023 ᠣᠨ᠎ᠤ ᠵᠤᠨ᠂ ᠵᠢᠮᠢᠰ ᠤ᠋ᠨ ᠲᠠᠷᠢᠶᠠᠴᠢᠨ ᡂᠢ ᠵᠧᠨ ᠭᠦᠸᠧ ᠸᠠᠩ ᠸᠧᠢ᠎ᠶ᠋ᠢ ᠡᠷᠢᠵᠦ᠍ ᠢᠷᠡᠪᠡ᠃ ᠲᠡᠭᠦᠨ᠎ᠦ ᠵᠢᠮᠢᠰ᠎ᠦᠨ ᠬᠦᠷᠢᠶᠡᠯᠡᠩ᠎ᠦᠨ ᠵᠢᠮᠢᠰ᠎ᠨᠢ ᠡᠳᠦᠷ ᠪᠦᠷᠢ ᠶᠡᠬᠡ ᠬᠡᠮᠵᠢᠶ᠎ᠡ᠎ᠪᠡᠷ ᠪᠤᠯᠪᠠᠰᠤᠷᠠᠨ ᠤᠨᠠᠵᠤ᠂ ᠪᠣᠷᠣᠯᠠᠭᠤᠯᠭ᠎ᠠ ᠵᠢᠨ ᠵᠠᠮ ᠦᠭᠡᠢ ᠡᠴᠡ ᠪᠣᠯᠵᠤ ᠬᠦᠴᠢᠷᠳᠡᠯ᠎ᠳᠦ ᠲᠤᠯᠭᠠᠷᠠᠪᠠ᠂ ᠸᠠᠩ ᠸᠧᠶ ᠲᠡᠷᠡ ᠳᠠᠷᠤᠶᠳᠤᠨᠢ ᠨᠡᠢᠭᠡᠮ ᠲᠣᠭᠣᠷᠢᠭ᠎ᠤᠨ ᠠᠵᠢᠯᠲᠠᠨ᠎ᠢ ᠴᠤᠭ᠍ᠯᠠᠭᠤᠯᠵᠤ᠂ ᠨᠢᠭᠡ ᠲᠤᠭᠤᠢᠯᠠᠩ 《ᠣᠷᠣᠯᠠᠨ ᠪᠣᠷᠣᠯᠠᠭᠤᠯᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ》 ᠶ᠋ᠢ ᠦᠳᠲᠡᠷ ᠲᠦᠷᠭᠡᠨ ᠵᠣᠬᠢᠶᠠᠨ ᠪᠠᠢᠭᠤᠯᠵᠤ᠂ ᠵᠢᠮᠢᠰ᠎ᠦᠨ ᠲᠠᠷᠢᠶᠠᠴᠢᠳ᠎ᠲᠤ ᠬᠠᠪᠰᠤᠷᠤᠯᠭ᠎ᠠ ᠦᠵᠡᠭᠦᠯᠪᠡ᠃ ᠰᠠᠢᠨ ᠳᠤᠷᠠᠴᠤᠳ ᠨᠡᠢᠲᠡ᠎ᠶ᠋ᠢᠨ ᠠᠰᠠᠷᠠᠮᠵᠢ᠎ᠶ᠋ᠢᠨ ᠲᠠᠷᠢᠶᠠᠯᠠᠩ᠎ᠢ ᠲᠤᠰᠠᠯᠠᠬᠤ ᠣᠬᠣᠷ ᠸᠢᠳᠢᠣ᠋ ᠰᠡᠭᠦᠳᠡᠷᠯᠡᠨ ᠥᠷᠭᠡᠨ᠎ᠢᠶᠡᠷ ᠤᠬᠠᠭᠤᠯᠵᠤ᠂ ᠬᠠᠷᠢᠶ᠎ᠠ ᠲᠤᠭᠤᠷᠢᠭ ᠲᠤ᠌ ᠰᠠᠭᠤᠭ᠎ᠠ ᠨᠢᠭᠡᠴᠢ᠎ᠶ᠋ᠢᠨ ᠠᠵᠢᠯᠲᠠᠨ ᠠᠵᠢᠯᠴᠢᠨ᠂ ᠡᠷᠬᠢᠨ ᠲᠣᠭᠣᠷᠢᠨ᠎ᠤ ᠬᠣᠲᠠ᠎ᠶ᠋ᠢᠨ ᠠᠷᠠᠳ᠎ᠲᠠᠶ ᠢᠳᠡᠪᠬᠢᠲᠡᠶ ᠬᠠᠷᠢᠯᠴᠠᠪᠠ᠃ ᠣᠬᠣᠷᠬᠠᠨ ᠬᠣᠶᠠᠷ ᠡᠳᠦᠷ᠎ᠦᠨ ᠳᠣᠲᠣᠷ᠎ᠠ ᠲᠠᠷᠤᠭᠳᠠᠵᠤ ᠪᠠᠢᠭᠰᠠᠨ 400 ᠭᠠᠷᠤᠶ ᠵᠢᠩ ᠤᠯᠠᠭᠠᠨ ᠭᠦᠢᠯᠡᠰᠦ᠎ᠶᠢ ᠪᠦᠬᠦᠨ᠎ᠢ ᠪᠤᠷᠤᠯᠠᠭᠤᠯᠤᠭᠰᠠᠨ᠎ᠢᠶᠡᠷ ᡂᠢ ᠵᠧᠨ ᠭᠦᠸᠧ ᠵᠢᠨ ᠰᠡᠳᠭᠢᠯ ᠨᠢ ᠠᠮᠤᠷᠵᠢᠵᠦ ᠸᠠᠩ ᠸᠧᠶ᠎ᠶ᠋ᠢᠨ ᠭᠠᠷ᠎ᠢ ᠴᠢᠩᠭ᠎ᠠ ᠠᠳᠭᠤᠨ᠄《ᠦᠨᠡᠬᠡᠷ ᠪᠢᠳᠡᠨ᠎ᠳᠦ ᠶᠡᠬᠡ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠥᠭ᠌ᠴᠡᠶ᠂ ᠸᠠᠩ ᠱᠦᠵᠢ ᠪᠣᠯ ᠮᠠᠨ᠎ᠤ ᠣᠯᠠᠨ ᠲᠦᠮᠡᠨ᠎ᠳᠦ ᠦᠨᠡᠨ ᠰᠡᠳᠭᠢᠯ᠎ᠡᠴᠡ᠎ᠪᠡᠨ ᠪᠣᠳᠠᠲᠤ ᠶᠠᠪᠤᠳᠠᠯ ᠬᠢᠵᠦ᠍ ᠦᠭᠳᠡᠭ ᠰᠠᠢᠨ ᠺᠠᠳ᠋ᠷ ᠮᠥᠨ》 ᠭᠡᠵᠦ ᠲᠠᠯᠠᠷᠬᠠᠨ ᠬᠡᠯᠡᠪᠡ᠃
ᠡᠨᠡ ᠵᠢᠯ 66 ᠨᠠᠰᠤᠲᠠᠢ ᠬᠣᠩ ᠬᠠᠢ ᠽᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠯᠢᠦᠢ ᠴᠦᠨ᠄ 《ᠸᠠᠩ ᠱᠦᠵᠢ ᠲᠤᠩ ᠬᠠᠷᠢᠭᠤᠴᠠᠯᠭ᠎ᠠ᠎ᠲᠠᠶ᠂ ᠰᠠᠭᠤᠭᠠᠯᠢ ᠠᠷᠠᠳ ᠬᠦᠴᠢᠷᠳᠡᠯ ᠲᠤᠯᠭᠠᠷᠠᠪᠠᠯ ᠲᠡᠷᠡ ᠳᠠᠷᠤᠢᠬᠠᠨ ᠠᠷᠭ᠎ᠠ ᠪᠤᠳᠤᠵᠤ ᠱᠢᠢᠳᠪᠦᠷᠢᠯᠡᠨ᠎ᠡ᠃ ᠲᠡᠷᠡ ᠤᠯᠠᠨ᠎ᠳᠤ ᠤᠯᠠᠭᠠᠨ ᠭᠦᠢᠯᠡᠰᠦ ᠵᠢᠨ ᠪᠣᠷᠣᠯᠠᠭᠤᠯᠭ᠎ᠠ ᠵᠣᠭ᠍ᠰᠣᠩᠭᠢᠷᠠᠭ᠍ᠰᠠᠨ᠂ ᠶᠠᠪᠤᠵᠤ ᠰᠠᠭᠤᠬᠤ᠎ᠳᠤ ᠳᠥᠭᠥᠮ ᠦᠭᠡᠢ ᠵᠡᠷᠭᠡ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠥᠭ᠌ᠴᠡᠢ᠂ ᠡᠨᠡ ᠬᠡᠳᠦᠨ ᠡᠳᠦᠷ ᠲᠡᠷᠡ ᠪᠠᠰᠠ ᠭᠠᠵᠠᠷ ᠳᠣᠣᠷᠠᠬᠢ ᠪᠤᠯᠠᠭ ᠤ᠋ᠨ ᠤᠰᠤ ᠪᠢᠯᠬᠠᠷᠠᠨ ᠤᠷᠤᠰᠬᠤ ᠡᠴᠡ ᠪᠤᠯᠵᠤ ᠰᠠᠭᠤᠭᠠᠯᠢ ᠠᠷᠠᠳ᠎ᠤᠨ ᠬᠦᠷᠢᠶᠡᠨ᠎ᠳᠦ ᠤᠰᠤ ᠣᠷᠣᠭᠰᠠᠨ ᠠᠰᠠᠭᠤᠳᠠᠯ᠎ᠢ ᠱᠢᠢᠳᠪᠦᠷᠢᠯᠡᠬᠦ᠌᠎ᠪᠡᠷ ᠶᠠᠭᠠᠷᠠᠵᠤ ᠪᠠᠢᠨ᠎ᠠ》 ᠭᠡᠪᠡ᠃
ᠠᠵᠢᠯ᠎ᠤᠨ ᠪᠠᠢᠴᠠᠭᠠᠯᠲᠠ ᠳᠤᠮᠳᠠ᠂ ᠸᠠᠩ ᠸᠧᠶ ᠨᠡᠢᠭᠡᠮ ᠲᠣᠭᠣᠷᠢᠭ᠎ᠲᠤ ᠨᠡᠢᠲᠡ᠎ᠶ᠋ᠢᠨ ᠮᠠᠱᠢᠨ ᠲᠡᠷᠭᠡᠨ᠎ᠦ ᠥᠷᠲᠡᠭᠡ ᠪᠠᠢᠭᠤᠯᠤᠭ᠍ᠰᠠᠨ ᠪᠣᠯᠪᠠᠴᠤ᠌ ᠲᠡᠷᠭᠡᠨ᠎ᠳᠦ ᠰᠠᠭᠤᠬᠤ ᠬᠥᠮᠦᠨ ᠴᠥᠭᠡᠨ ᠡᠴᠡ ᠪᠣᠯᠵᠣ᠂ ᠨᠡᠢᠲᠡ᠎ᠶ᠋ᠢᠨ ᠮᠠᠱᠢᠨ ᠲᠡᠷᠭᠡᠨ᠎ᠦ ᠲᠣᠭ᠎ᠠ ᠨᠢ ᠣᠯᠠᠨ ᠪᠢᠰᠢ᠂ ᠲᠡᠷᠭᠡ ᠬᠦᠯᠢᠶᠡᠬᠦ᠌ ᠴᠠᠭ ᠨᠢ ᠨᠡᠯᠢᠶᠡᠳ ᠣᠷᠳᠣ ᠪᠠᠢᠬᠤ᠎ᠶ᠋ᠢ ᠣᠯᠵᠤ ᠮᠡᠳᠡᠵᠡᠶ᠃ ᠪᠠᠴᠢᠮ ᠪᠠᠢᠳᠠᠯ ᠭᠠᠷᠪᠠᠯ᠂ ᠲᠣᠰᠭᠣᠨ᠎ᠤ ᠠᠷᠠᠳ ᠲᠡᠷᠭᠡ ᠳᠠᠭᠤᠳᠠᠬᠤ᠎ᠳᠤ ᠪᠠᠰᠠ ᠮᠠᠰᠢ ᠬᠦᠴᠢᠷᠲᠡᠶ᠃ ᠡᠨᠡ ᠬᠦ᠌ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠸᠠᠩ ᠸᠧᠢ ᠤᠯᠠᠨ ᠲᠠᠯ᠎ᠠ᠎ᠪᠠᠷ ᠵᠣᠬᠢᠴᠠᠭᠤᠯᠵᠤ᠂ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡᠨ᠎ᠦ ᠮᠠᠱᠢᠨ ᠲᠡᠷᠭᠡ᠎ᠶ᠋ᠢ ᠠᠮᠵᠢᠯᠲᠠ᠎ᠲᠠᠶ ᠵᠣᠬᠢᠶᠠᠨ ᠪᠠᠢᠭᠤᠯᠵᠤ᠂ ᠰᠠᠭᠤᠭᠠᠯᠢ ᠠᠷᠠᠳ᠎ᠤᠨ《ᠶᠠᠪᠤᠵᠤ ᠰᠠᠭᠤᠬᠤ ᠳ᠋ᠤ ᠲᠡᠷᠭᠡ ᠬᠦᠯᠢᠶᠡᠬᠦ ᠨᠢ ᠤᠳᠠᠭᠠᠨ》 ᠪᠠ 《 ᠲᠦᠷᠢᠶᠡᠰᠦᠨ ᠲᠡᠷᠭᠡ ᠲᠠᠭᠤᠳᠠᠬᠤ ᠳ᠋ᠤ ᠬᠦᠴᠢᠷ》 ᠠᠰᠠᠭᠤᠳᠠᠯ᠎ᠢ ᠱᠢᠢᠳᠪᠦᠷᠢᠯᠡᠪᠡ᠃ ᠤᠳᠤ ᠲᠡᠷᠭᠡᠨ ᠠᠩᠭᠢ᠎ᠶ᠋ᠢᠨ 3 ᠵᠢᠯᠣᠭᠣᠴᠢ 1 ᠲᠦᠷᠢᠶᠡᠰᠦᠨ ᠮᠠᠱᠢᠨ᠂ 24 ᠴᠠᠭ᠎ᠢᠶᠠᠷ ᠲᠣᠰᠭᠣᠨ᠎ᠤ ᠠᠷᠠᠳ᠎ᠲᠤ ᠪᠠᠴᠢᠮ ᠦᠶ᠋ᠯᠡᠴᠢᠯᠡᠭᠡ ᠬᠠᠩᠭᠠᠵᠤ ᠪᠤᠢ᠃ ᠡᠭᠦᠨ ᠳ᠋ᠤ ᠬᠣᠩ ᠬᠠᠶ ᠽᠢ ᠨᠡᠢᠭᠡᠮ ᠲᠣᠭᠣᠷᠢᠭ᠎ᠤᠨ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠡᠷᠭᠡᠨ ᠠᠩᠭᠢ 2025 ᠣᠨ᠎ᠤ 8 ᠰᠠᠷ᠎ᠠ᠎ᠳᠤ ᠪᠠᠢᠭᠤᠯᠤᠭ᠍ᠳᠠᠭ᠍ᠰᠠᠨ᠎ᠡᠴᠡ 2025 ᠣᠨ᠎ᠤ ᠡᠴᠦᠰ ᠪᠣᠯᠲᠠᠯ᠎ᠠ᠂ ᠰᠠᠭᠤᠭᠠᠯᠢ ᠠᠷᠠᠳ᠎ᠲᠤ 40 ᠭᠠᠷᠤᠶ ᠤᠳᠠᠭ᠎ᠠ ᠵᠢᠨ ᠶᠠᠪᠤᠵᠤ ᠰᠠᠭᠤᠬᠤ ᠦᠶ᠋ᠯᠡᠴᠢᠯᠡᠭᠡ ᠬᠠᠩᠭᠠᠵᠤ᠂ 100 ᠭᠠᠷᠤᠶ ᠰᠠᠭᠤᠭᠠᠯᠢ ᠠᠷᠠᠳ᠎ᠢ ᠲᠤᠰᠴᠤ᠌ ᠬᠦᠷᠭᠡᠪᠡ᠃
ᠬᠤᠩ ᠬᠠᠢ ᠽᠢ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠯᠡᠯ᠎ᠦᠨ ᠳᠡᠳ᠋ ᠡᠷᠬᠢᠯᠡᠭ᠌ᠴᠢ ᠶᠢᠨ ᠵᠢᠶᠠᠩ ᠶᠠᠨ᠄ 《ᠸᠠᠩ ᠱᠦᠵᠢ ᠨᠡᠢᠭᠡᠮ ᠲᠣᠭᠣᠷᠢᠭ᠎ᠤᠨ ᠠᠵᠢᠯ ᠢ ᠰᠠᠢᠳᠤᠷ ᠬᠠᠷᠢᠭᠤᠴᠠᠵᠤ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠷ ᠴᠢᠩᠭ᠎ᠠ᠂ ᠰᠠᠭᠤᠭᠠᠯᠢ ᠠᠷᠠᠳ᠎ᠲᠠᠶ ᠨᠢᠭ᠍ᠲᠠ ᠬᠣᠯᠪᠣᠭ᠎ᠠ᠎ᠲᠠᠶ ᠬᠦᠴᠢᠷ ᠠᠰᠠᠭᠤᠳᠠᠯ᠎ᠢ ᠪᠦᠷ ᠢᠳᠡᠪᠬᠢᠲᠡᠢ ᠱᠢᠢᠳᠪᠦᠷᠢᠯᠡᠵᠦ᠍᠂ ᠰᠠᠭᠤᠭᠠᠯᠢ ᠠᠷᠠᠳ᠎ᠤᠨ ᠮᠠᠨ᠎ᠤ ᠠᠵᠢᠯ᠎ᠢ ᠮᠡᠳᠡᠷᠡᠬᠦ᠌ ᠬᠡᠮᠵᠢᠶ᠎ᠡ ᠦᠷᠭᠦᠯᠵᠢᠯᠡᠨ ᠳᠡᠭᠡᠭ᠌ᠰᠢᠯᠡᠵᠦ᠍ ᠪᠠᠢᠨ᠎ᠠ》 ᠭᠡᠵᠦ ᠬᠡᠯᠡᠪᠡ᠃
ᠦᠨᠳᠦᠰᠦᠨ ᠱᠠᠲᠤᠨ᠎ᠤ ᠵᠠᠰᠠᠯᠲᠠ᠎ᠶ᠋ᠢᠨ ᠠᠷᠭ᠎ᠠ ᠬᠡᠮᠵᠢᠶ᠎ᠡ᠎ᠶ᠋ᠢᠨ ᠱᠢᠨ᠎ᠡ᠎ᠶ᠋ᠢ ᠡᠭᠦᠳᠬᠦ᠌᠎ᠡᠴᠡ ᠰᠣᠶᠣᠯ᠎ᠤᠨ ᠠᠭᠤᠰᠤᠯᠴᠠᠯ᠎ᠢ ᠠᠬᠢᠭᠤᠯᠬᠤ ᠬᠦᠷᠲᠡᠯ᠎ᠡ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ ᠵᠣᠭ᠍ᠰᠣᠩᠭᠢᠷᠠᠭ᠍ᠰᠠᠨᠢ ᠱᠢᠢᠳᠪᠦᠷᠢᠯᠡᠬᠦ᠌᠎ᠡᠴᠡ ᠭᠠᠳᠠᠭ᠍ᠰᠢ ᠭᠠᠷᠬᠤ ᠵᠠᠮ ᠬᠠᠷᠢᠯᠴᠠᠭᠠᠨ᠎ᠤ ᠲᠦᠭ᠌ᠵᠢᠷᠡᠯ᠎ᠢ ᠨᠡᠪᠲᠡᠷᠡᠭᠦᠯᠬᠦ᠌ ᠬᠦᠷᠲᠡᠯ᠎ᠡ᠂ ᠸᠠᠩ ᠸᠧᠢ ᠦᠨᠡᠨ ᠰᠡᠳᠭᠢᠯ᠎ᠡᠴᠡ᠎ᠪᠡᠨ ᠠᠷᠠᠳ᠎ᠤᠨ ᠲᠥᠯᠥᠭᠡ ᠪᠣᠳᠠᠲᠠᠢ ᠶᠠᠪᠤᠳᠠᠯ ᠬᠢᠵᠦ᠍᠂ ᠴᠢᠩ ᠦᠨᠡᠨᠴᠢ ᠦᠢᠯᠡᠴᠢᠯᠡᠭᠡ ᠪᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠎ᠶ᠋ᠢ ᠰᠠᠭᠤᠭᠠᠯᠢ ᠠᠷᠠᠳ᠎ᠤᠨ ᠰᠡᠳᠭᠢᠯ᠎ᠳᠦ ᠭᠦᠨ ᠦᠨᠳᠦᠰᠦᠯᠡᠭᠦᠯᠵᠡᠢ᠃