ᠲᠤᠬ᠍ᠯᠠᠯᠳᠠ ᠪᠡᠷ ᠢᠵᠢᠯᠢᠰᠢᠵᠦ ᠰᠣᠯᠢᠯᠴᠠᠭ᠎ᠠ ᠪᠡᠷ ᠬᠠᠮᠲᠤᠷᠠᠯᠴᠠᠨ᠎ᠠ
2026-05-06 11:39:58
ᠵᠣᠬᠢᠶᠠᠭ᠍ᠴᠢ᠄
ᠬᠥᠭᠵᠢᠯᠲᠦ
ᠣᠩᠱᠢᠭ᠍ᠰᠠᠨ ᠣᠳᠠᠭ᠎ᠠ᠄
★★★☆☆

4 ᠰᠠᠷ᠎ᠠ ᠶ᠋ᠢᠨ 20 ᠡᠴᠡ 24 ᠤ᠋ ᠡᠳᠦᠷ᠂ ᠳᠤᠮᠳᠠᠳᠤ ᠤᠯᠤᠰ ᠤ᠋ᠨ ᠲᠣᠬ᠍ᠯᠠᠯᠲᠠ ᠶ᠋ᠢᠨ ᠠᠵᠢᠯ ᠲᠥᠷᠥᠯ ᠤ᠋ᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠭᠦᠭᠡᠬᠣᠲᠠ ᠶ᠋ᠢᠨ ᠰᠣᠶᠣᠯ ᠵᠢᠭᠤᠯᠴᠢᠯᠠᠯ ᠤ᠋ᠨ ᠪᠡᠯᠡ ᠣᠷᠣᠭᠤᠯᠤᠯᠲᠠ ᠶ᠋ᠢᠨ ᠪᠦᠯᠦᠭᠯᠡᠯ ᠺᠤᠮᠫᠠᠨᠢ ᠪᠣᠯᠣᠨ ᠥᠪᠥᠷ ᠮᠣᠩᠭᠣᠯ ᠤ᠋ᠨ ᠲᠣᠬ᠍ᠯᠠᠯᠲᠠ ᠵᠤᠭ᠎ᠠ ᠴᠡᠩᠭᠡᠯ ᠤ᠋ᠨ ᠠᠵᠢᠯ ᠲᠥᠷᠥᠯ ᠤ᠋ᠨ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠭᠰᠡᠨ 《ᠳᠠᠪᠠᠭᠤᠯᠢᠭ᠋ ᠢ᠋ᠶ᠋ᠡᠨ ᠨᠢᠭᠡᠳᠬᠡᠵᠦ ᠬᠦᠴᠦᠨ ᠢ᠋ᠶ᠋ᠡᠨ ᠬᠤᠷᠠᠮᠳᠤᠭᠤᠯᠤᠨ᠂ ᠰᠢᠨ᠎ᠡ ᠶ᠋ᠢ ᠲᠥᠪᠯᠡᠷᠡᠭᠦᠯᠦᠨ ᠳᠠᠯᠳᠠ ᠬᠦᠴᠦᠨ ᠢ᠋ ᠠᠭᠤᠳᠠᠯᠵᠤ᠂ ᠰᠢᠨ᠎ᠡ ᠨᠡᠮᠡᠭᠳᠡᠯ ᠢ᠋ ᠳᠠᠢᠴᠢᠯᠠᠬᠤ》 ᠪᠡᠷ ᠭᠣᠣᠯ ᠰᠡᠳᠦᠪ ᠪᠤᠯᠭᠠᠬ᠍ᠰᠠᠨ 2026 ᠳᠤᠮᠳᠠᠳᠤ ᠤᠯᠤᠰ (ᠭᠦᠭᠡᠬᠣᠲᠠ) ᠤ᠋ᠨ ᠲᠣᠬ᠍ᠯᠠᠯᠲᠠ ᠶ᠋ᠢᠨ ᠠᠷᠠᠯᠵᠢᠶᠠᠨ ᠤ᠋ ᠴᠤᠭᠯᠠᠭᠠᠨ ᠭᠦᠭᠡᠬᠤᠳᠠ ᠳ᠋ᠦ᠍ ᠦᠪᠡᠳᠡᠭᠰᠢ ᠶᠡᠬᠡ ᠪᠡᠷ ᠶᠠᠪᠤᠭᠳᠠᠵᠤ᠂ ᠲᠤᠬ᠍ᠯᠠᠯᠳᠠ᠎ᠶᠢᠨ ᠠᠵᠢᠯ ᠲᠦᠷᠦᠯ᠎ᠤᠨ ᠭᠢᠨ ᠰᠤᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ ᠬᠠᠩᠭᠠᠵᠤ᠂ ᠬᠥᠭᠵᠢᠯᠲᠡ᠎ᠶᠢᠨ ᠰᠢᠨ᠎ᠡ ᠲᠦᠪᠰᠢᠨ᠎ᠢ ᠬᠠᠷᠠᠭᠤᠯᠵᠠᠢ᠃


32905140-451c-46f5-ba94-adb122c6b02c.png


ᠤᠷᠠᠨ ᠪᠦᠵᠢᠭ 


ᠤᠯᠤᠰ᠎ᠤᠨ ᠳᠣᠲᠣᠭᠠᠳᠤ᠎ᠶᠢᠨ ᠲᠣᠬ᠍ᠯᠠᠯᠲᠠ᠎ᠶᠢᠨ ᠤᠷᠠᠯᠢᠭ᠋᠎ᠤᠨ ᠬᠦᠷᠢᠶᠡᠨ᠎ᠦ ᠬᠡᠪᠴᠢᠶ᠎ᠡ᠎ᠪᠡᠷ ᠬᠠᠮᠤᠭ᠎ᠤᠨ ᠶᠡᠬᠡ᠂ ᠠᠵᠤ ᠦᠢᠯᠡᠰ᠎ᠦᠨ ᠬᠡᠯᠬᠢᠶ᠎ᠡ᠎ᠪᠡᠷ ᠬᠠᠮᠤᠭ᠎ᠤᠨ ᠪᠦᠷᠢᠨ ᠤᠯᠤᠰ᠎ᠤᠨ ᠲᠠᠰ᠎ᠤᠨ ᠠᠵᠢᠯ ᠲᠥᠷᠥᠯ᠎ᠦᠨ ᠦᠪᠡᠳᠡᠭᠰᠢ ᠴᠤᠭᠯᠠᠭᠠᠨ ᠪᠣᠯᠤᠭᠰᠠᠨ᠎ᠤ ᠬᠤᠪᠢ᠎ᠳᠤ᠂ ᠲᠣᠰ ᠬᠤᠭᠤᠴᠠᠭᠠᠨ᠎ᠤ ᠠᠷᠠᠯᠵᠢᠶᠠᠨ᠎ᠤ ᠴᠤᠭᠯᠠᠭᠠᠨ᠎ᠳᠦ ᠪᠦᠭᠦ ᠤᠯᠤᠰ᠎ᠤᠨ 8000 ᠰᠢᠬᠠᠮ ᠠᠵᠢᠯ ᠲᠥᠷᠥᠯ᠎ᠦᠨ ᠠᠵᠢᠯᠯᠠᠭ᠍ᠴᠢ᠂ ᠪᠦᠭᠦ ᠠᠵᠤ ᠦᠢᠯᠡᠰ᠎ᠦᠨ ᠬᠡᠯᠬᠢᠶ᠎ᠡ᠎ᠶᠢᠨ 600 ᠭᠠᠷᠤᠢ ᠠᠵᠤ ᠠᠬᠤᠢᠯᠠᠯ ᠵᠢᠴᠢ ᠰᠣᠶᠣᠯ ᠵᠢᠭᠤᠯᠴᠢᠯᠠᠯ᠎ᠤᠨ ᠪᠠᠢᠭᠤᠯᠤᠮᠵᠢ ᠤᠷᠤᠯᠴᠠᠵᠦ᠂ ᠠᠷᠠᠯᠵᠢᠶ᠎ᠠ᠎ᠶᠢ ᠵᠣᠯᠭᠠᠭᠤᠯᠬᠤ᠂ ᠰᠣᠳᠣᠨ ᠦᠵᠡᠭᠦᠯᠭᠡ ᠬᠢᠬᠦ᠂ ᠠᠵᠤ ᠦᠢᠯᠡᠰ᠎ᠢ ᠳᠡᠯᠭᠡᠨ ᠦᠵᠡᠭᠦᠯᠭᠦ᠎ᠶᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠲᠠᠪᠴᠠᠩ᠎ᠢ ᠪᠠᠢᠭᠤᠯᠵᠤ᠂ ᠠᠵᠢᠯ ᠲᠥᠷᠥᠯ᠎ᠦᠨ ᠡᠷᠬᠡ ᠰᠦᠷᠲᠦ ᠲᠣᠭ᠎ᠠ ᠪᠠᠷᠢᠮᠲᠠ᠎ᠶᠢ ᠨᠡᠢᠲᠡᠯᠡᠵᠦ᠂ ᠡᠬᠢ ᠪᠠᠶᠠᠯᠢᠭ᠋᠎ᠤᠨ ᠵᠣᠯᠭᠠᠯᠴᠠᠭ᠎ᠠ᠎ᠶᠢ ᠥᠨᠳᠥᠷ ᠪᠦᠲᠦᠮᠵᠢᠲᠡᠶ ᠠᠬᠢᠭᠤᠯᠤᠨ᠂ ᠲᠣᠬ᠍ᠯᠠᠯᠲᠠ᠎ᠶᠢᠨ ᠰᠣᠳᠣᠨ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠵᠦ᠂ ᠡᠯ᠎ᠡ ᠵᠦᠢᠯ᠎ᠦᠨ ᠦᠷ᠎ᠡ ᠪᠦᠲᠦᠭᠡᠯ ᠡᠯᠪᠡᠭ ᠪᠠᠶᠠᠯᠢᠭ᠋ ᠪᠠᠢᠵᠤ᠂ ᠳᠤᠮᠳᠠᠳᠤ ᠤᠯᠤᠰ᠎ᠤᠨ ᠲᠣᠬ᠍ᠯᠠᠯᠲᠠ᠎ᠶᠢᠨ ᠵᠠᠬ᠎ᠠ ᠳᠡᠯᠭᠡᠭᠦᠷ᠎ᠦᠨ ᠰᠡᠷᠭᠦᠯᠲᠡ ᠰᠠᠢᠨ᠂ ᠠᠮᠢᠵᠢᠷᠠᠯ᠎ᠤᠨ ᠬᠦᠴᠦᠨ ᠪᠠᠳᠠᠷᠠᠭᠰᠠᠨ ᠬᠦᠴᠦᠷᠬᠡᠭ ᠪᠠᠢᠳᠠᠯ᠎ᠢ ᠭᠦᠢᠴᠡᠳ ᠢᠯᠡᠷᠡᠭᠦᠯᠵᠦ᠂ ᠲᠣᠬ᠍ᠯᠠᠯᠲᠠ᠎ᠶᠢᠨ ᠤᠷᠠᠯᠢᠭ᠋᠎ᠤᠨ ᠠᠵᠤ ᠦᠢᠯᠡᠰ᠎ᠦᠨ ᠲᠠᠰ ᠳᠡᠪᠰᠢᠬᠦ᠎ᠳᠦ ᠬᠦᠴᠦᠨ ᠨᠡᠮᠡᠷᠢᠯᠡᠵᠡᠢ᠃ 


e2a9096d-d73b-4972-b7af-1e9997e4c22b.png


ᠤᠯᠠᠭᠠᠨᠮᠦ᠋ᠴᠢᠷ᠎ᠤᠨ ᠲᠤᠭᠯᠠᠯᠳᠠ 


85de0e6a-48c7-4a49-b1e3-032537588fe5.png


ᠮᠠᠰᠢᠨ ᠬᠦᠮᠦᠨ᠎ᠤ ᠦᠵᠡᠭᠦᠯᠭᠡ 


f4b1ed6b-188f-4159-8dad-661cb34c9bfb.png


ᠰᠤᠶᠤᠯ᠎ᠤᠨ ᠠᠭᠤᠰᠤᠯᠴᠠᠯ᠎ᠤᠨ ᠦᠵᠡᠭᠦᠯᠭᠡ  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号