ᠤᠷᠢᠬᠠᠨ ᠬᠠᠪᠤᠷ᠎ᠤᠨ ᠥᠪᠥᠷ ᠮᠣᠩᠭᠣᠯ ᠳ᠋ᠤ ᠠᠮᠢᠵᠢᠷᠠᠯ᠎ᠤᠨ ᠬᠦᠴᠦᠨ ᠪᠢᠯᠬᠠᠨ᠎ᠠ᠃
ᠥᠪᠥᠷ ᠮᠣᠩᠭᠣᠯ᠎ᠤᠨ ᠢ ᠳ᠋ᠦᠩ ᠵᠢᠦ ᠳ᠋ᠢᠩ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠳᠤ ᠣᠷᠣᠬᠤ ᠳ᠋ᠤ ᠦᠶ᠋ᠯᠡᠳᠪᠦᠷᠢ᠎ᠶ᠋ᠢᠨ ᠲᠣᠭᠣᠷᠢᠭ᠎ᠲᠤ ᠮᠠᠱᠢᠨ ᠮᠸᠬᠠᠨᠢᠭ ᠬᠦᠷᠴᠢᠭᠢᠨᠡᠵᠦ᠍᠂ ᠬᠥᠷ ᠬᠥᠭ᠌ᠵᠢᠶᠡᠨ ᠪᠠ ᠠᠢᠵᠠᠮ ᠴᠣᠬᠢᠯᠭ᠎ᠠ ᠰᠣᠯᠪᠢᠴᠠᠵᠤ᠂ ᠶᠠᠭᠠᠷᠠᠯᠲᠠᠶ ᠪᠥᠭᠡᠳ ᠡᠮᠬᠢ ᠵᠢᠷᠤᠮ᠎ᠲᠠᠶ ᠪᠠᠢᠳᠠᠯ ᠬᠠᠷᠠᠭ᠍ᠳᠠᠨ᠎ᠠ᠃ 《ᠪᠢᠳᠡ ᠨᠡᠭᠦᠷᠡᠰᠦ᠎ᠪᠡᠷ ᠰᠠᠭᠤᠷᠢ ᠪᠣᠯᠭᠠᠵᠤ᠂ ᠣᠯᠠᠨ ᠨᠦᠬᠡᠲᠦ ᠨᠢᠲᠷᠦᠳᠤ ᠠᠮᠢᠨ᠂ ᠱᠢᠩᠭᠡᠨ ᠱᠢᠪᠲᠦᠷ᠂ ᠮᠧᠲ᠋ᠢᠯ ᠠᠯᠺᠣᠣᠯ ᠵᠡᠷᠭᠡ ᠥᠨᠳᠥᠷ ᠨᠡᠮᠡᠯᠲᠡ ᠥᠷᠲᠡᠭᠪᠦᠬᠦᠢ ᠦᠶ᠋ᠯᠡᠳᠬᠦᠨ᠎ᠢ ᠦᠶ᠋ᠯᠡᠳᠪᠦᠷᠢᠯᠡᠵᠦ᠍᠂ ᠨᠡᠭᠦᠷᠡᠰᠦᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠪᠠ ᠥᠷᠲᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠪᠡ》 ᠭᠡᠵᠦ ᠺᠣᠮᠫᠠᠨᠢ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠳ᠋ᠠᠩ ᠨᠢᠩ ᠲᠠᠨᠢᠯᠴᠠᠭᠤᠯᠪᠠ᠃
ᠨᠡᠩ ᠭᠠᠢᠬᠠᠯ᠎ᠲᠠᠶ ᠨᠢ ᠡᠢᠮᠦ᠍ ᠶᠡᠬᠡ ᠦᠢᠯᠡᠳᠪᠦᠷᠢᠯᠡᠯ᠎ᠦᠨ ᠲᠤᠭᠤᠷᠢᠭ ᠲᠦ᠍ ᠠᠵᠢᠯᠴᠢᠳ ᠵᠢᠵᠢᠭᠦᠷᠯᠡᠨ ᠰᠠᠬᠢᠬᠤ ᠪᠠᠢᠳᠠᠯ ᠬᠠᠷᠠᠭᠳᠠᠬᠤ ᠦᠭᠡᠢ ᠪᠠᠢᠪᠠ᠃ ᠳᠦᠪ ᠡᠵᠡᠮᠱᠢᠯ ᠤ᠋ᠨ ᠦᠷᠦᠭᠡᠨ᠎ᠳᠡᠬᠢ ᠲᠣᠮᠣ ᠬᠡᠯᠪᠡᠷᠢ᠎ᠶ᠋ᠢᠨ ᠡᠯᠧᠺᠲ᠋ᠷᠣᠨ ᠳᠡᠯᠭᠡᠴᠡ᠎ᠨᠢ ᠦᠶ᠋ᠯᠡᠳᠪᠦᠷᠢ᠎ᠶ᠋ᠢᠨ ᠲᠠᠰᠤᠭ᠎ᠤᠨ ᠪᠠᠢᠳᠠᠯ᠂ ᠤᠷ᠎ᠠ ᠮᠡᠷᠭᠡᠰᠢᠯ᠎ᠤᠨ ᠪᠣᠯᠵᠣᠯᠲᠤ ᠲᠣᠭ᠎ᠠ ᠵᠡᠷᠭᠡ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠢᠯᠡᠷᠡᠭᠦᠯᠵᠦ᠍ ᠪᠠᠢᠳᠠᠭ᠃ ᠠᠵᠢᠯᠲᠠᠨ ᠡᠴᠡ ᠬᠤᠯᠤᠭᠠᠨᠠᠴᠢᠷᠢ ᠬᠥᠩᠭᠡᠨ ᠳᠠᠷᠤᠪᠠᠯ ᠪᠦᠬᠦ᠌ ᠶᠠᠪᠤᠴᠠ᠎ᠶ᠋ᠢᠨ ᠦᠶ᠋ᠯᠡᠳᠪᠦᠷᠢᠯᠡᠯ᠎ᠢ ᠡᠵᠡᠮᠳᠡᠵᠦ᠍ ᠳᠡᠢᠯᠦᠨ᠎ᠡ᠃ 《ᠣᠳᠣᠬᠠᠨ᠎ᠳᠤ ᠪᠢᠳᠡ ᠨᠢᠭᠡᠨᠲᠡ ᠣᠶᠤᠨᠴᠢᠯᠠᠭ᠍ᠰᠠᠨ ᠦᠶ᠋ᠯᠡᠳᠪᠦᠷᠢᠯᠡᠯ᠎ᠢ ᠪᠥᠬᠥ᠌ ᠲᠠᠯ᠎ᠠ ᠪᠠᠷ ᠪᠡᠶᠡᠯᠡᠭᠦᠯᠵᠦ᠍᠂ ᠦᠶ᠋ᠯᠡᠳᠪᠦᠷᠢᠯᠡᠯ᠎ᠦᠨ ᠠᠦ᠋ᠲ᠋ᠣᠴᠢᠯᠠᠭ᠍ᠰᠠᠨ ᠨᠣᠷᠮ᠎ᠠ 90% ᠡᠴᠡ ᠳᠡᠭᠡᠭ᠌ᠰᠢ᠎ᠳᠦ ᠬᠦᠷᠴᠡᠶ》 ᠭᠡᠵᠦ᠍ ᠳ᠋ᠠᠩ ᠨᠢᠩ ᠬᠡᠯᠡᠪᠡ᠃
ᠤᠯᠠᠮᠵᠢᠯᠠᠯᠲᠤ ᠠᠵᠤ ᠦᠶ᠋ᠯᠡᠰ᠎ᠤᠨ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠳᠡᠬᠢ ᠡᠵᠡᠯᠡᠬᠦ᠌ ᠬᠤᠪᠢ᠎ᠶ᠋ᠢᠨ ᠵᠢᠩ᠎ᠨᠢ 80%᠎ᠶ᠋ᠢ ᠳᠠᠪᠠᠵᠤ᠂ ᠬᠡᠯᠪᠡᠷᠢ᠎ᠪᠡᠨ ᠬᠤᠪᠢᠷᠠᠭᠤᠯᠤᠨ ᠲᠠᠰ ᠲᠡᠪᠰᠢᠭᠦᠯᠬᠦ ᠨᠢ ᠪᠥᠬᠥ᠌ ᠣᠷᠣᠨ᠎ᠤ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢᠨ ᠪᠥᠬᠥ᠌ ᠲᠠᠯ᠎ᠠ᠎ᠳᠤ ᠱᠢᠭᠤᠳ ᠬᠣᠯᠪᠣᠭ᠍ᠳᠠᠨ᠎ᠠ᠃ ᠬᠡᠷᠬᠢᠨ 《ᠪᠡᠷᠭᠡ ᠵᠢ ᠲᠤᠭᠤᠯᠤᠨ ᠰᠢᠨ᠎ᠡ ᠠᠮᠢᠵᠢᠷᠠᠯ ᠢ᠋ ᠪᠤᠢ ᠪᠤᠯᠭᠠᠵᠤ》᠂ ᠡᠬᠢ ᠪᠠᠶᠠᠯᠢᠭ᠎ᠲᠤ ᠲᠦᠱᠢᠭ᠌ᠯᠡᠬᠦ᠌᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠦᠨᠳᠦᠰᠦᠨ ᠴᠢᠨᠠᠷᠲᠠᠢ ᠦᠰᠦᠷᠦᠯᠲᠡ᠎ᠶ᠋ᠢ ᠪᠡᠶᠡᠯᠡᠭᠦᠯᠬᠦ᠌ ᠪᠤᠢ? ᠡᠭᠦᠨ ᠳ᠋ᠤ ᠥᠪᠥᠷ ᠮᠣᠩᠭᠣᠯ ᠥᠪᠡᠷ᠎ᠦᠨ ᠬᠠᠷᠢᠭᠤᠯᠲᠠ᠎ᠪᠠᠨ ᠥᠭ᠌ᠪᠡ — ᠳᠡᠭᠡᠳᠦ ᠲᠡᠰ ᠲᠡᠢᠰᠢ ᠤᠷᠤᠭ᠍ᠰᠢᠯᠠᠵᠤ᠂ ᠤᠶᠤᠨᠴᠢ ᠲᠡᠢᠰᠢ ᠲᠡᠰ ᠳᠠᠪᠰᠢᠵᠤ᠂ ᠪᠣᠬᠢᠷᠲᠤᠯ ᠦᠭᠡᠢ ᠲᠡᠢᠰᠢ ᠬᠦᠴᠦᠯᠡᠬᠦ᠌ ᠬᠡᠷᠡᠭ᠌ᠲᠡᠢ᠃
ᠡᠨᠳᠡ᠂ 《ᠨᠢᠭᠡ ᠬᠡᠰᠡᠭ ᠨᠡᠭᠦᠷᠡᠰᠦ》 ᠨᠢ 《ᠨᠢᠭᠡ ᠲᠤᠰᠤᠯ ᠲᠤᠰᠤ》 《ᠨᠢᠭᠡ ᠬᠡᠰᠡᠭ ᠪᠦᠰ》 《ᠨᠢᠭᠡ ᠱᠢᠷᠬᠡᠭ ᠤᠳᠠᠰᠤ》 ᠪᠤᠯᠵᠦ᠍ ᠬᠤᠪᠢᠷᠠᠵᠤ᠂ ᠨᠡᠭᠦᠷᠡᠰᠦᠨ᠎ᠦ ᠠᠱᠢᠭ᠍ᠯᠠᠯᠲᠠ᠎ᠶ᠋ᠢᠨ ᠠᠷᠭ᠎ᠠ ᠬᠡᠯᠪᠡᠷᠢ ᠶᠠᠭ 《ᠲᠦᠭᠦᠬᠡᠢ ᠮᠠᠲ᠋ᠧᠷᠢᠶᠠᠯ᠎ᠢᠶᠠᠷ ᠭᠣᠣᠯ ᠪᠣᠯᠭᠠᠵᠤ》 ᠪᠠᠢᠭ᠍ᠰᠠᠨ᠎ᠡᠴᠡ᠎ᠪᠠᠨ 《ᠲᠦᠭᠦᠬᠡᠢ ᠮᠠᠲ᠋ᠧᠷᠢᠶᠠᠯ ᠪᠣᠯᠤᠨ ᠲᠦᠯᠡᠰᠢ᠎ᠶ᠋ᠢ ᠵᠡᠷᠭᠡ᠎ᠪᠡᠷ ᠴᠢᠬᠤᠯᠠᠴᠢᠯᠠᠬᠤ》 ᠲᠡᠢᠰᠢ ᠬᠤᠪᠢᠷᠠᠵᠤ ᠪᠠᠢᠨ᠎ᠠ;
ᠡᠨᠳᠡ᠂ ᠬᠣᠪᠣᠷ ᠱᠢᠷᠣᠢ᠎ᠶ᠋ᠢᠨ ᠡᠯᠧᠮᠧᠨ᠋ᠲ᠎ᠢ ᠨᠡᠮᠡᠭ᠌ᠰᠡᠨ ᠪᠤᠯᠤᠳ ᠬᠠᠪᠲᠠᠰᠤ ᠨᠢ ᠨᠡᠩ ᠥᠨᠳᠥᠷ ᠡᠷᠴᠢᠮ ᠪᠣᠯᠤᠨ ᠤᠶᠠᠨ ᠴᠢᠨᠠᠷ ᠲᠠᠢ ᠪᠤᠯᠵᠤ᠂ ᠮᠠᠨ᠎ᠤ ᠤᠯᠤᠰ᠎ᠤᠨ 《ᠶᠡᠭᠡ ᠤᠯᠤᠰ᠎ᠤᠨ ᠰᠤᠳᠤᠨ ᠲᠣᠨᠣᠭ᠍ᠯᠠᠯ》 ᠢ᠋ ᠦᠢᠯᠡᠳᠬᠦ᠌᠎ᠳᠦ ᠳᠤᠲᠠᠭ᠍ᠳᠠᠵᠤ ᠪᠣᠯᠤᠰᠢ ᠦᠭᠡᠢ ᠲᠤᠯᠭᠠᠭᠤᠷᠢ ᠴᠢᠨᠠᠷᠲᠠᠢ ᠮᠠᠲ᠋ᠧᠷᠢᠶᠠᠯ ᠪᠣᠯᠤᠭ᠍ᠰᠠᠨ ᠪᠠᠢᠨ᠎ᠠ;
ᠡᠨᠳᠡ᠂ ᠬᠤᠪᠤᠷ ᠰᠢᠷᠤᠢ ᠵᠢᠨ ᠡᠯᠸᠮᠸᠨ᠋ᠲ ᠨᠡᠮᠡᠭᠰᠡᠨ ᠪᠤᠯᠤᠳ ᠬᠠᠪᠳᠠᠰᠤ ᠨᠢ 《ᠶᠡᠬᠡ ᠤᠯᠤᠰ᠎ᠤᠨ ᠰᠤᠳᠤᠨ ᠲᠤᠨᠤᠭᠯᠠᠯ》 ᠳ᠋ᠦ ᠲᠤᠳᠠᠭᠳᠠᠵᠤ ᠪᠤᠯᠤᠰᠢ ᠦᠭᠡᠢ ᠲᠤᠯᠭᠠᠭᠤᠷᠢᠯᠠᠬᠤ ᠴᠢᠨᠠᠷᠳᠠᠢ ᠮᠠᠲᠸᠷᠢᠶᠠᠯ ᠪᠤᠯᠵᠤ᠂ ᠲᠡᠮᠦᠷ᠎ᠦᠨ ᠬᠠᠢᠯᠤᠰᠢ᠎ᠶ᠋ᠢᠨ ᠠᠵᠤ ᠦᠢᠯᠡᠰ ᠨᠢ ᠱᠢᠨ᠎ᠡ ᠤᠷ᠎ᠠ ᠮᠡᠷᠭᠡᠰᠢᠯ᠎ᠢ ᠢᠳᠡᠪᠬᠢᠲᠡᠢ ᠬᠡᠷᠡᠭ᠌ᠯᠡᠵᠦ᠍᠂ ᠪᠠᠭ᠎ᠠ ᠨᠡᠭᠦᠷᠡᠰᠦᠲᠥ᠋ᠷᠥᠭ᠌ᠴᠢᠳᠤ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠲᠡᠢᠰᠢ ᠦᠷᠭᠦᠯᠵᠢᠯᠡᠨ ᠤᠷᠤᠭ᠍ᠰᠢᠯᠠᠵᠤ ᠪᠠᠢᠨ᠎ᠠ᠃
ᠬᠣᠴᠣᠷᠤᠩᠭᠤᠶ ᠠᠵᠤ ᠦᠶ᠋ᠯᠡᠰ ᠭᠡᠵᠦ ᠦᠭᠡᠢ ᠂ ᠵᠥᠪᠬᠡᠨ ᠬᠣᠴᠣᠷᠤᠩᠭᠤᠶ ᠤᠷ᠎ᠠ ᠮᠡᠷᠭᠡᠰᠢᠯᠪᠤᠢ᠃ ᠥᠪᠥᠷ ᠮᠣᠩᠭᠣᠯ ᠠᠭᠤᠷᠬᠠᠶ᠎ᠶ᠋ᠢᠨ ᠦᠶ᠋ᠯᠡᠰ᠂ ᠲᠡᠮᠦᠷᠯᠢᠭ ᠬᠠᠢᠯᠤᠭᠤᠯᠬᠤ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠶ᠋ᠯᠡᠳᠪᠦᠷᠢ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ 《ᠱᠢᠨ᠎ᠡ᠎ᠶ᠋ᠢ ᠡᠭᠦᠳᠬᠦ᠌》 ᠳᠤᠮᠳᠠ ᠲᠣᠮᠣ ᠠᠯᠬᠤᠮ᠎ᠢᠶᠠᠷ ᠤᠷᠤᠭ᠍ᠰᠢᠯᠠᠬᠤ᠎ᠶ᠋ᠢ ᠶᠡᠬᠡᠪᠡᠷ ᠠᠬᠢᠭᠤᠯᠵᠤ ᠪᠣᠶ᠃
ᠬᠡᠷᠪᠡ ᠤᠯᠠᠮᠵᠢᠯᠠᠯᠲᠤ ᠠᠵᠤ ᠦᠶ᠋ᠯᠡᠰ᠎ᠦᠨ ᠲᠠᠰ ᠳᠠᠪᠱᠢᠯᠲᠠ᠎ᠶ᠋ᠢ 《ᠬᠥᠭ᠌ᠰᠢᠨ ᠮᠣᠳᠣᠨᠳ᠋ᠤ ᠱᠢᠨ᠎ᠡ ᠰᠠᠯᠠᠭ᠎ᠠ ᠤᠷᠭᠤᠭᠤᠯᠬᠤ》 ᠭᠡᠵᠦ᠍ ᠬᠡᠯᠡᠬᠦ᠌᠎ᠳᠦ ᠭᠦᠷᠪᠡᠯ᠂ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ ᠪᠠ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠬᠤ ᠪᠣᠯ ᠳᠠᠷᠤᠶ 《ᠴᠢᠬᠢ ᠮᠣᠳᠣ᠎ᠶ᠋ᠢ ᠪᠣᠢᠵᠢᠭᠤᠯᠬᠤ》 ᠶᠠᠪᠤᠳᠠᠯ ᠪᠣᠯᠤᠨ᠎ᠠ᠃ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠂ ᠴᠠᠬᠢᠯᠭᠠᠨ ᠭᠠᠷᠭᠠᠬᠤ ᠬᠡᠮᠵᠢᠶ᠎ᠡ᠂ ᠭᠠᠳᠠᠭ᠍ᠰᠢ ᠬᠦᠷᠭᠡᠬᠦ᠌ ᠴᠠᠬᠢᠯᠭᠠᠨ᠎ᠤ ᠬᠡᠮᠵᠢᠶ᠎ᠡ ᠵᠡᠷᠭᠡ ᠭᠤᠤᠯ ᠭᠦᠶ᠋ᠴᠡᠳᠭᠡᠯ ᠲᠣᠭ᠎ᠠ᠎ᠨᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠳᠣ ᠬᠤᠭᠤᠴᠠᠭ᠎ᠠ᠎ᠪᠠᠷ ᠯᠠᠪᠳᠠᠭᠤᠨ᠎ᠢᠶᠠᠷ ᠣᠷᠣᠪᠠ᠃ 2025 ᠣᠨ᠎ᠳᠤ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠯᠲᠠ᠎ᠶ᠋ᠢᠨ ᠬᠡᠮᠵᠢᠶ᠎ᠡ 2700 ᠳ᠋ᠦᠩᠱᠢᠭᠤᠷ ᠺᠢᠯᠦᠸᠠᠲ ᠴᠠᠭ᠎ᠢ ᠳᠠᠪᠠᠵᠤ᠂ ᠭᠠᠳᠠᠭ᠍ᠰᠢ ᠬᠦᠷᠭᠡᠭ᠌ᠰᠡᠨ ᠪᠤᠬᠢᠷᠳᠤᠯ ᠦᠭᠡᠢ ᠴᠠᠬᠢᠯᠭᠠᠨ ᠨᠢ 900 ᠳ᠋ᠦᠩᠱᠢᠭᠤᠷ ᠺᠢᠯᠦᠸᠠᠲ ᠴᠠᠭ ᠱᠢᠬᠠᠮ ᠪᠣᠯᠵᠣ᠂ ᠲᠡᠭᠡᠷ᠎ᠡ ᠵᠢᠯ ᠤ᠋ᠨᠬᠢᠡᠴᠡ ᠪᠠᠨ 40% ᠡᠴᠡ ᠳᠡᠭᠡᠭ᠌ᠰᠢ ᠨᠡᠮᠡᠭ᠌ᠳᠡᠵᠦ᠍᠂ ᠪᠣᠬᠢᠷᠲᠤᠯ ᠥᠬᠡᠶ ᠡᠨᠧᠷᠭᠢ᠎ᠶ᠋ᠢᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃
ᠡᠳᠦᠭᠡ ᠥᠪᠥᠷ ᠮᠣᠩᠭᠣᠯ ᠶᠠᠭ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠳᠤᠷᠠᠳᠤᠭ᠍ᠰᠠᠨ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠣᠨᠢᠯᠠᠵᠤ᠂ ᠲᠤᠬᠠᠢ᠎ᠶ᠋ᠢᠨ ᠭᠠᠵᠠᠷ᠎ᠲᠤᠨᠢ ᠱᠢᠩᠭᠡᠭᠡᠬᠦ᠌ ᠪᠠ ᠭᠠᠳᠠᠭ᠍ᠰᠢ ᠬᠦᠷᠭᠡᠬᠦ᠌᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠌ ᠪᠠ ᠤᠶᠤᠨᠲᠤ ᠴᠠᠬᠢᠯᠭᠠᠨ ᠲᠣᠣᠷ᠎ᠢ ᠶᠡᠬᠡᠪᠡᠷ ᠬᠥᠭ᠌ᠵᠢᠭᠦᠯᠵᠦ᠍᠂ ᠲᠤᠮᠤ ᠬᠡᠯᠪᠡᠷᠢ᠎ᠶ᠋ᠢᠨ ᠰᠠᠯᠬᠢ ᠭᠡᠷᠡᠯ᠎ᠦᠨ ᠰᠠᠭᠤᠷᠢᠨ᠎ᠤ ᠪᠦᠳᠦᠭᠡᠨ ᠪᠠᠢᠭᠤᠯᠤᠯᠲᠠ᠂ ᠪᠣᠬᠢᠷᠲᠤᠯ ᠦᠭᠡᠢ ᠴᠠᠬᠢᠯᠭᠠᠨ᠎ᠢ ᠥᠨᠳᠥᠷ ᠪᠦᠲᠦᠮᠵᠢᠲᠡᠢ ᠪᠠᠭᠳᠠᠭᠠᠨ ᠠᠱᠢᠭ᠍ᠯᠠᠬᠤ᠂ ᠣᠷᠣᠨ ᠪᠦᠰᠡ ᠠᠯᠤᠰᠯᠠᠨ ᠭᠠᠳᠠᠭ᠍ᠰᠢ ᠬᠦᠷᠭᠡᠬᠦ᠌ ᠲᠣᠣᠷ᠎ᠢ ᠪᠠᠢᠭᠤᠯᠬᠤ ᠵᠡᠷᠭᠡ ᠵᠠᠩᠭᠢᠯᠠᠭ᠎ᠠ᠎ᠶ᠋ᠢᠨ ᠬᠦᠷᠢᠶᠡᠨ᠎ᠳᠦ ᠦᠷᠭᠦᠯᠵᠢᠯᠡᠨ ᠪᠣᠭᠣᠮᠲᠠ ᠱᠢᠪᠲᠤᠯᠵᠤ ᠪᠠᠢᠨ᠎ᠠ᠃
ᠤᠯᠤᠰ᠎ᠤᠨ ᠨᠠᠶ᠋ᠮᠠᠨ ᠶᠡᠬᠡ ᠪᠤᠳᠤᠯᠳᠠ ᠵᠢᠨ ᠬᠦᠴᠦᠨ᠎ᠦ ᠵᠠᠩᠭᠢᠯᠠᠭ᠎ᠠ᠎ᠶ᠋ᠢᠨ ᠴᠡᠭ ᠪᠠ ᠠᠷᠪᠠᠨ ᠲᠣᠮᠣ ᠳ᠋ᠠᠢᠲ᠋ᠠ᠎ᠶ᠋ᠢᠨ ᠲᠥᠪ᠎ᠦᠨ ᠪᠦᠯᠦᠭ᠌ᠵᠢᠯ᠎ᠦᠨ ᠨᠢᠭᠡ ᠪᠣᠯᠤᠭ᠍ᠰᠠᠨ᠎ᠤ ᠬᠤᠪᠢ᠎ᠳᠤ ᠥᠪᠥᠷ ᠮᠣᠩᠭᠣᠯ᠎ᠤᠨ ᠪᠤᠳᠤᠯᠳᠠ ᠵᠢᠨ ᠬᠦᠴᠦᠨ᠎ᠦ ᠬᠡᠪᠴᠢᠶ᠎ᠡ ᠪᠥᠬᠥ᠌ ᠤᠯᠤᠰ᠎ᠲᠤ ᠲᠡᠷᠢᠭᠦᠯᠡᠵᠦ᠍᠂ ᠪᠤᠳᠤᠯᠳᠠ ᠵᠢᠨ ᠬᠦᠴᠦᠨ᠎ᠦ ᠶᠡᠷᠦᠩᠬᠡᠶ ᠬᠡᠪᠴᠢᠶ᠎ᠡ 28 ᠲᠦᠮᠡᠨ P ᠪᠠᠢᠵᠤ᠂ ᠡᠭᠦᠨ᠎ᠳᠦ ᠤᠶᠤᠨᠲᠤ ᠪᠤᠳᠤᠯᠳᠠ ᠵᠢᠨ ᠬᠦᠴᠦ ᠨᠢ 26 ᠲᠦᠮᠡᠨ P ᠪᠠᠢᠵᠤ᠂ ᠴᠥᠮ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠣᠳᠣᠬᠠᠨ᠎ᠳᠤ ᠥᠪᠥᠷ ᠮᠣᠩᠭᠣᠯ ᠶᠠᠭ AI ᠪᠤᠳᠤᠯᠳᠠ ᠵᠢᠨ ᠬᠦᠴᠦᠨ᠎ᠦ ᠱᠢᠨ᠎ᠡ ᠰᠠᠯᠬᠢᠨ᠎ᠤ ᠠᠮᠠ ᠳᠡᠭᠡᠷ᠎ᠡ ᠵᠣᠭ᠍ᠰᠣᠵᠤ᠂ 《ᠡᠬᠢ ᠪᠠᠶᠠᠯᠢᠭ᠎ᠢ ᠭᠠᠳᠠᠭ᠍ᠰᠢ ᠭᠠᠷᠭᠠᠬᠤ》 ᠶ᠋ᠢ 《ᠪᠤᠳᠤᠯᠳᠠ ᠵᠢᠨ ᠬᠦᠴᠦᠨ᠎ᠢᠶᠡᠷ ᠡᠨ᠋ᠸᠷᠬᠢ ᠣᠯᠭᠣᠬᠤ》 ᠪᠣᠯᠭᠠᠨ ᠬᠤᠪᠢᠷᠠᠭᠤᠯᠵᠤ᠂ ᠤᠯᠤᠰ᠎ᠤᠨ ᠴᠢᠬᠤᠯᠠ ᠪᠣᠬᠢᠷᠲᠤᠯ ᠥᠬᠡᠶ ᠪᠤᠳᠤᠯᠳᠠ ᠵᠢᠨ ᠬᠦᠴᠦᠨ᠎ᠦ ᠪᠠᠲᠤᠯᠠᠭ᠎ᠠ᠎ᠶ᠋ᠢᠨ ᠰᠠᠭᠤᠷᠢᠨ ᠪᠠ 《ᠪᠣᠬᠢᠷᠲᠤᠯ ᠥᠬᠡᠶ ᠪᠤᠳᠤᠯᠳᠠ ᠵᠢᠨ ᠬᠦᠴᠦᠨ+ AI》 ᠬᠡᠷᠡᠭ᠌ᠯᠡᠭᠡᠨ᠎ᠦ ᠰᠠᠭᠤᠷᠢᠨ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠵᠤ ᠪᠠᠢᠨ᠎ᠠ᠃
ᠬᠣᠪᠣᠷ ᠰᠢᠷᠣᠢ᠎ᠶᠢᠨ ᠠᠵᠤ ᠦᠢᠯᠡᠰ ᠨᠠᠩ ᠴᠤ᠌ ᠰᠢᠨᠡᠳᠪᠡ᠃ ᠪᠤᠭᠤᠲᠤ᠎ᠶᠢᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠎ᠦᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ 《ᠬᠣᠪᠣᠷ ᠰᠢᠷᠣᠢ᠎ᠶᠢᠨ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ — ᠤᠰᠤᠲᠥ᠋ᠷᠥᠭᠴᠢ ᠡᠭᠡᠭᠦᠯᠦᠨ ᠬᠤᠷᠢᠶᠠᠬᠤ ᠰᠢᠰᠲᠧᠮ》 ᠨᠢ ᠲᠣᠨ ᠲᠠᠰ᠎ᠤᠨ ᠨᠧᠦᠳᠢᠮ ᠲᠡᠮᠦᠷ ᠪᠤᠷ ᠤᠰᠤᠲᠥ᠋ᠷᠥᠭᠴᠢ ᠬᠡᠮᠬᠡᠳᠡᠭ᠎ᠦᠨ ᠠᠵᠤ ᠦᠢᠯᠡᠳᠪᠦᠷᠢ᠎ᠳᠦ ᠵᠢᠱ᠌ᠢᠶ᠎ᠡ ᠦᠵᠡᠭᠦᠯᠦᠨ ᠬᠡᠷᠡᠭᠯᠡᠬᠦ᠎ᠶᠢ ᠠᠮᠵᠢᠯᠲᠠ᠎ᠲᠠᠢ ᠪᠡᠶᠡᠯᠡᠭᠦᠯᠵᠦ᠂ ᠤᠯᠤᠰ᠎ᠤᠨ ᠳᠣᠲᠣᠭᠠᠳᠤ᠎ᠶᠢᠨ ᠮᠡᠷᠭᠡᠵᠢᠯ᠎ᠦᠨ ᠬᠣᠭᠣᠰᠤᠨ᠎ᠢ ᠨᠢᠭᠡ ᠯᠡ ᠳᠡᠭᠡᠷ᠎ᠡ ᠨᠥᠬᠥᠪᠦᠷᠢᠯᠡᠵᠦ᠂ ᠯᠠᠨᠲ᠋ᠠᠨ᠂ ᠼᠧᠷᠢ ᠵᠡᠷᠭᠡ ᠬᠣᠪᠣᠷ ᠰᠢᠷᠣᠢ᠎ᠶᠢᠨ ᠡᠬᠢ ᠪᠠᠶᠠᠯᠢᠭ᠋᠎ᠤᠨ ᠥᠨᠳᠥᠷ ᠥᠷᠲᠡᠭᠲᠦ ᠠᠰᠢᠭ᠍ᠯᠠᠯᠲᠠ᠎ᠳᠤ ᠰᠢᠨ᠎ᠡ ᠣᠷᠣᠨ ᠵᠠᠢ᠎ᠶᠢ ᠨᠡᠭᠡᠭᠡᠵᠡᠢ; ᠬᠣᠪᠣᠷ ᠰᠢᠷᠤᠢ᠎ᠵᠢᠨ ᠮᠠᠲᠧᠷᠢᠶᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ (ᠪᠤᠭᠤᠲᠤ)᠎ᠤ᠋ᠨ ᠬᠢᠵᠠᠭᠠᠷᠲᠤ ᠺᠣᠮᠫᠠᠨᠢ᠎ᠶᠢᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠬᠣᠪᠣᠷ ᠰᠢᠷᠣᠢ᠎ᠶᠢᠨ ᠪᠠᠺᠲᠧᠷᠢ ᠡᠰᠡᠷᠭᠦᠴᠡᠬᠦ ᠸᠢᠷᠦ᠋ᠰ ᠡᠰᠡᠷᠭᠦᠴᠡᠬᠦ ᠨᠡᠢᠯᠡᠮᠡᠯ ᠮᠠᠲᠧᠷᠢᠶᠠᠯ ᠨᠢ ᠥᠪᠡᠷᠲᠡᠭᠡᠨ ᠵᠠᠰᠠᠬᠤ ᠣᠷᠣᠨ᠎ᠤ ᠰᠢᠨ᠎ᠡ ᠮᠠᠲᠧᠷᠢᠶᠠᠯ᠎ᠤᠨ ᠠᠩᠬᠠᠨ᠎ᠤ ᠪᠦᠯᠦᠭ ᠤᠳᠠᠭ᠎ᠠ᠎ᠶᠢᠨ ᠦᠢᠯᠡᠳᠬᠦᠨ᠎ᠦ ᠬᠢᠨᠠᠨ ᠲᠣᠭᠲᠠᠭᠠᠯᠲᠠ᠎ᠵᠢ ᠦᠨᠭᠭᠡᠷᠡᠵᠦ᠂ ᠲᠣᠰ ᠮᠠᠲᠧᠷᠢᠶᠠᠯ ᠨᠢ ᠲᠤᠷᠰᠢᠯᠲᠠ᠎ᠶᠢᠨ ᠲᠠᠰᠤᠭ᠎ᠡᠴᠡ ᠭᠠᠷᠴᠤ᠂ ᠵᠠᠬ᠎ᠠ ᠳᠡᠯᠭᠡᠭᠦᠷᠴᠢᠯᠡᠭᠰᠡᠨ ᠨᠥᠬᠥᠴᠡᠯ᠎ᠢ ᠪᠦᠷᠢᠯᠳᠦᠭᠦᠯᠦᠭᠰᠡᠨ᠂ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠵᠤ ᠳᠡᠶ᠋ᠢᠯᠬᠦ ᠥᠨᠳᠥᠷ ᠴᠢᠳᠠᠪᠬᠢᠲᠤ ᠦᠢᠯᠡᠳᠬᠦᠨ ᠪᠣᠯᠤᠭᠰᠠᠨ᠎ᠢ ᠬᠠᠷᠠᠭᠤᠯᠵᠤ ᠪᠠᠢᠨ᠎ᠠ᠃
ᠠᠵᠤ ᠦᠢᠯᠡᠰ᠎ᠦᠨ ᠲᠡᠰ ᠲᠡᠪᠰᠢᠯᠳᠡ᠎ᠶᠢᠨ ᠠᠷᠤ᠎ᠳᠤ ᠲᠦᠷᠤ᠎ᠶᠢᠨ ᠪᠣᠳᠣᠯᠭ᠎ᠠ ᠪᠣᠯᠣᠨ ᠪᠡᠯᠡ ᠮᠥᠩᠭᠥ᠎ᠶᠢᠨ ᠬᠣᠶᠠᠷ ᠶᠡᠬᠡ 《ᠠᠮᠢᠳᠦ ᠤᠰᠤ》 ᠲᠦᠷᠭᠡᠨ ᠲᠥᠪᠯᠡᠷᠡᠵᠦ᠂ ᠡᠭᠦᠨ᠎ᠡᠴᠡ ᠮᠡᠷᠭᠡᠵᠢᠯ᠂ ᠴᠢᠳᠠᠪᠤᠷᠢᠲᠠᠨ᠂ ᠲᠣᠭ᠎ᠠ ᠪᠠᠷᠢᠮᠲᠠ ᠵᠡᠷᠭᠡ ᠴᠢᠬᠤᠯᠠ ᠡᠯᠧᠮᠧᠨ᠋ᠲ᠎ᠤᠨ ᠡᠪᠴᠡᠯᠳᠦᠬᠦ ᠦᠢᠯᠡᠳᠦᠯ᠎ᠢ ᠳᠠᠢᠴᠢᠯᠠᠭᠰᠠᠨ ᠪᠠᠢᠨ᠎ᠠ᠃
ᠡᠨᠡ ᠵᠢᠯ᠎ᠦᠨ 3 ᠰᠠᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠰᠢᠨ᠎ᠡ ᠤᠷᠤᠯᠳᠤᠭᠠᠨ᠎ᠤ ᠵᠠᠮ᠎ᠤᠨ ᠭᠤᠷᠪᠠᠨ ᠵᠢᠯ᠎ᠦᠨ ᠪᠣᠢᠵᠢᠭᠤᠯᠬᠤ ᠲᠥᠰᠥᠯ》᠎ᠢ᠋ ᠳᠠᠷᠤᠮᠠᠯᠯᠠᠨ ᠲᠠᠷᠬᠠᠭᠠᠵᠤ᠂ 2028 ᠣᠨ ᠪᠣᠯᠬᠤ᠎ᠳᠤ ᠥᠪᠥᠷ ᠮᠣᠩᠭᠣᠯ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠬᠢᠨ 3 ᠡᠴᠡ 5 ᠵᠦᠢᠯ᠎ᠦᠨ ᠵᠠᠭᠤᠨ ᠳ᠋ᠦᠩᠰᠢᠭᠤᠷ ᠲᠠᠰ᠎ᠤᠨ ᠰᠢᠨ᠎ᠡ ᠤᠷᠤᠯᠳᠤᠭᠠᠨ᠎ᠤ ᠵᠠᠮ᠎ᠢ ᠴᠢᠷᠮᠠᠢᠨ ᠪᠣᠶ ᠪᠣᠯᠭᠠᠵᠤ᠂ ᠤᠯᠠᠮᠵᠢᠯᠠᠯᠲᠤ ᠳᠠᠪᠠᠭᠤᠯᠢᠭ᠋ ᠠᠵᠤ ᠦᠢᠯᠡᠰ᠎ᠦᠨ ᠪᠣᠬᠢᠷᠲᠤᠯ ᠦᠭᠡᠢᠵᠢᠯᠲᠡ ᠣᠶᠤᠨᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠦᠯᠦᠭᠵᠢᠨ ᠬᠥᠭᠵᠢᠨ ᠪᠤᠵᠠᠭᠠᠢᠷᠠᠬᠤ ᠪᠠ ᠢᠷᠡᠭᠡᠳᠦᠢ᠎ᠶᠢᠨ ᠠᠵᠤ ᠦᠢᠯᠡᠰ᠎ᠦᠨ ᠰᠢᠯᠭᠠᠨ ᠪᠠᠲᠤᠯᠠᠵᠤ ᠪᠣᠯᠪᠠᠰᠤᠷᠠᠩᠭᠤᠢ ᠪᠣᠯᠬᠤ᠎ᠪᠠᠷ ᠭᠣᠣᠯᠳᠠᠯᠭ᠎ᠠ ᠪᠣᠯᠭᠠᠵᠤ᠂ 《ᠮᠡᠷᠭᠡᠵᠢᠯ᠎ᠦᠨ ᠡᠬᠢ ᠡᠭᠦᠰᠦᠯ — ᠨᠡᠪᠴᠢᠭᠦᠯᠬᠦ᠎ᠶᠢ ᠲᠦᠷᠭᠡᠳᠬᠡᠬᠦ — ᠠᠵᠤ ᠠᠬᠤᠢᠯᠠᠯ᠎ᠢ ᠪᠣᠢᠵᠢᠭᠤᠯᠬᠤ — ᠮᠥᠩᠭᠥᠨ ᠭᠦᠢᠯᠭᠡᠭᠡᠨᠵᠢᠡᠷ ᠡᠨᠧᠷᠭᠢ ᠣᠯᠭᠣᠬᠤ — ᠠᠬᠤᠢ ᠲᠠᠯᠠᠪᠠᠶ᠎ᠶᠢᠨ ᠬᠡᠷᠡᠭᠯᠡᠯᠲᠡ》ᠵᠢᠨ ᠪᠥᠬᠥ ᠬᠡᠯᠬᠢᠶ᠎ᠡ᠎ᠵᠢᠨ ᠪᠣᠢᠵᠢᠭᠤᠯᠬᠤ ᠠᠷᠭ᠎ᠠ ᠵᠠᠮ᠎ᠢ ᠪᠠᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠪᠣᠯᠣᠮᠵᠢᠲᠤ ᠠᠷᠭ᠎ᠠ ᠵᠠᠮ᠎ᠢ ᠬᠠᠢᠨ ᠰᠦᠪᠡᠭᠴᠢᠯᠡᠵᠦ ᠥᠭᠭᠦᠨ᠎ᠡ ᠭᠡᠵᠦ ᠳᠤᠷᠠᠳᠪᠠ᠃
ᠲᠠᠷᠠᠭ᠎ᠠ ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠵᠣᠬᠢᠶᠠᠮᠠᠯ ᠤᠶᠤᠨ ᠴᠢᠳᠠᠪᠤᠷᠢ + 〉 ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ (2026—2028 ᠣᠨ)》᠎ᠢ᠋ ᠨᠡᠢᠲᠡᠯᠡᠪᠡ᠃ 《ᠲᠤᠨᠭᠬᠠᠭ ᠨᠡᠢᠲᠡᠯᠡᠨ ᠮᠠᠩᠯᠠᠢᠯᠠᠭᠴᠢ ᠡᠯᠰᠡᠬᠦ》 ᠵᠡᠷᠭᠡ ᠬᠡᠯᠪᠡᠷᠢ᠎ᠶᠢ ᠬᠡᠷᠡᠭᠯᠡᠨ ᠡᠯ᠎ᠡ ᠠᠢᠮᠠᠭ ᠬᠣᠲᠠ᠎ᠶᠢ ᠬᠥᠲᠥᠯᠥᠨ ᠵᠢᠯᠤᠭᠣᠳᠴᠤ ᠪᠠᠢᠭᠠᠳ ᠡᠬᠢ ᠪᠠᠶᠠᠯᠢᠭ᠋᠎ᠤᠨ ᠳᠠᠪᠠᠭᠤᠯᠢᠭ ᠪᠣᠯᠣᠨ ᠣᠨᠴᠠᠯᠢᠭ᠍ᠲᠤ ᠳᠠᠪᠠᠭᠤᠯᠢᠭᠲᠦ ᠠᠵᠤ ᠦᠢᠯᠡᠰ᠎ᠲᠦ ᠰᠠᠭᠤᠷᠢᠯᠠᠨ᠂ ᠠᠵᠢᠯ ᠲᠥᠷᠥᠯ᠎ᠦᠨ ᠲᠣᠮᠣ᠌ ᠵᠠᠭᠪᠤᠷ᠎ᠢ ᠨᠡᠭᠡᠭᠡᠨ ᠬᠥᠭᠵᠢᠭᠦᠯᠦᠨ᠎ᠡ᠃ ᠬᠥᠬᠡᠬᠣᠲᠠ ᠠᠮᠢᠳᠤ ᠪᠣᠳᠠᠰ᠎ᠤᠨ ᠦᠢᠯᠡᠳᠭᠡᠯ᠂ ᠰᠦ᠎ᠶᠢᠨ ᠦᠢᠯᠡᠰ᠂ ᠡᠪᠡᠰᠦᠨ᠎ᠦ ᠦᠢᠯᠡᠰ᠎ᠦᠨ ᠲᠣᠮᠣ᠌ ᠵᠠᠭᠪᠤᠷ᠎ᠢ ᠭᠣᠣᠯᠳᠠᠯᠭ᠎ᠠ᠎ᠲᠠᠢ ᠡᠭᠦᠳᠴᠦ᠂ ᠪᠤᠭᠤᠲᠤ ᠬᠣᠲᠠ ᠪᠣᠯᠣᠳ ᠲᠡᠮᠦᠷ ᠬᠠᠢᠯᠤᠭᠤᠯᠬᠤ᠂ ᠲᠣᠨᠣᠭ ᠲᠥᠬᠦᠭᠡᠷᠦᠮᠵᠢ ᠦᠢᠯᠡᠳᠬᠦ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠲᠣᠮᠣ᠌ ᠵᠠᠭᠪᠤᠷ᠎ᠢ ᠭᠣᠣᠯᠳᠠᠯᠭ᠎ᠠ᠎ᠲᠠᠢ ᠡᠭᠦᠳᠴᠦ᠂ ᠣᠷᠳᠣᠰ ᠬᠣᠲᠠ ᠨᠡᠭᠦᠷᠡᠰᠦᠨ᠎ᠦ ᠡᠨᠧᠷᠭᠢ᠂ ᠣᠳᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠨᠤᠤᠯᠤᠭᠤᠷ᠎ᠤᠨ ᠲᠣᠮᠣ᠌ ᠵᠠᠭᠪᠤᠷ᠎ᠢ ᠭᠣᠣᠯᠳᠠᠯᠭ᠎ᠠ᠎ᠲᠠᠢ ᠡᠭᠦᠳᠬᠦ᠎ᠵᠢ ᠳᠡᠮᠵᠢᠨ᠎ᠡ ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠨᠡ ᠨᠢ ᠥᠪᠥᠷ ᠮᠣᠩᠭᠣᠯ ᠳᠠᠪᠠᠭᠤᠯᠢᠭ᠋ ᠠᠵᠤ ᠦᠢᠯᠡᠰ ᠨᠢᠭᠡᠪᠦᠷᠢ᠎ᠳᠦ 《ᠣᠶᠤᠨᠴᠢ ᠶᠡᠬᠡ ᠲᠠᠷᠢᠬᠢ》 ᠤᠭᠰᠠᠷᠠᠵᠤ ᠪᠠᠢᠬᠤ᠎ᠶᠢ ᠬᠠᠷᠠᠭᠤᠯᠵᠤ ᠪᠠᠢᠨ᠎ᠠ᠃
ᠲᠦᠷᠦ᠎ᠶᠢᠨ ᠪᠣᠳᠣᠯᠭ᠎ᠠ ᠡᠮᠦᠨ᠎ᠡ ᠨᠢ ᠬᠦᠴᠦᠯᠡᠬᠦ᠎ᠶᠢᠨ ᠬᠠᠮᠲᠤ᠂ ᠪᠡᠯᠡ ᠮᠥᠩᠭᠥ᠎ᠶᠢᠨ ᠠᠮᠢᠳᠤ ᠤᠰᠤ᠎ᠶᠢ ᠤᠨᠢᠨ ᠳᠡᠭᠡᠷ᠎ᠡ ᠨᠢ ᠳᠤᠰᠤᠯᠠᠭᠠᠨ ᠤᠰᠤᠯᠠᠪᠠ᠃ ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠬᠠᠮᠲᠤᠷᠠᠨ 2026 ᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠰᠬᠠᠢ ᠪᠡᠯᠡ ᠮᠥᠩᠭᠥ᠎ᠶᠢ 9900 ᠲᠦᠮᠡᠨ ᠲᠥᠭᠥᠷᠢᠭ ᠪᠠᠭᠤᠯᠭᠠᠵᠤ᠂ ᠰᠢᠨ᠎ᠡ ᠡᠨᠧᠷᠭᠢ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠭᠤᠷᠪᠠᠨ ᠶᠡᠬᠡ ᠬᠣᠰᠢᠭᠤᠷᠠᠯ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠴᠢᠬᠤᠯᠠ ᠶᠡᠬᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠢ ᠪᠠᠢᠷᠢᠯᠠᠭᠤᠯᠤᠨ ᠬᠡᠷᠡᠭᠵᠢᠭᠦᠯᠵᠦ᠂ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠳᠤ ᠣᠨᠢᠨ ᠳᠡᠭᠡᠷ᠎ᠡ ᠨᠢ ᠬᠦᠴᠦᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠬᠤ ᠪᠠ ᠢᠷᠡᠭᠡᠳᠦᠢ᠎ᠶᠢᠨ ᠠᠵᠤ ᠦᠢᠯᠡᠰ᠎ᠦᠨ ᠪᠠᠢᠷᠢᠰᠢᠭᠤᠯᠤᠯᠲᠠ᠎ᠳᠤ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠪᠡ᠃
ᠲᠥᠷᠥ᠎ᠶᠢᠨ ᠪᠣᠳᠣᠯᠭ᠎ᠠ᠎ᠪᠠᠷ ᠣᠨᠣᠪᠴᠢᠲᠠᠶ ᠬᠥᠲᠥᠯᠥᠨ ᠵᠢᠯᠤᠭᠣᠳᠴᠤ᠂ ᠪᠡᠯᠡ ᠮᠥᠩᠭᠥ᠎ᠪᠡᠷ ᠪᠦᠲᠦᠮᠵᠢᠲᠡᠶ ᠲᠤᠯᠭᠠᠭᠤᠷᠢᠯᠠᠵᠤ᠂ ᠠᠵᠤ ᠦᠢᠯᠡᠰ᠎ᠦᠨ ᠬᠥᠭᠵᠢᠯᠲᠡ᠎ᠶᠢᠨ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠲᠦᠷᠭᠡᠨ ᠬᠤᠪᠢᠷᠠᠭᠤᠯᠵᠤ ᠪᠣᠶ᠃ ᠪᠣᠳᠠᠲᠤ ᠴᠣᠭᠴᠠ᠎ᠶᠢᠨ ᠠᠵᠤ ᠠᠬᠤᠢ᠎ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠪᠣᠯ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ ᠵᠠᠩᠭᠢᠯᠠᠭ᠎ᠠ᠎ᠶᠢᠨ ᠠᠷᠭ᠎ᠠ ᠵᠠᠮ ᠮᠥᠨ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ᠎ᠳᠦ ᠥᠪᠥᠷ ᠮᠣᠩᠭᠣᠯ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠠᠢᠭᠤᠯᠤᠯᠲᠠ᠎ᠶᠢ ᠬᠡᠷᠬᠢᠨ ᠰᠢᠨ᠎ᠡ ᠳᠡᠭᠲᠡᠷ᠎ᠲᠦ ᠭᠠᠷᠭᠠᠬᠤ ᠪᠣᠶ? 4 ᠰᠠᠷ᠎ᠠ᠎ᠶᠢᠨ 21᠎ᠤ᠋ ᠡᠳᠦᠷ ᠬᠤᠷᠠᠯᠳᠤᠭᠰᠠᠨ 《〈ᠠᠷᠪᠠᠨ ᠲᠠᠪᠤᠳᠤᠭᠠᠷ ᠲᠠᠪᠤᠨ ᠵᠢᠯ〉᠎ᠤᠨ ᠰᠠᠢᠨ ᠡᠬᠢᠯᠡᠯᠳᠡ ᠲᠤᠷᠪᠢᠯᠢᠭ ᠠᠯᠬᠤᠭ᠎ᠠ — ᠰᠢᠨ᠎ᠡ ᠠᠶᠠᠨᠳ᠋ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠲᠤᠰᠬᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ》 ᠳᠡᠭᠡᠷ᠎ᠡ ᠥᠪᠥᠷ ᠮᠣᠩᠭᠣᠯ ᠪᠠᠢᠷᠢᠰᠢᠭᠤᠯᠤᠯᠲᠠ ᠬᠢᠪᠡ — 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ ᠡᠬᠢ ᠪᠠᠶᠠᠯᠢᠭ᠋᠎ᠤᠨ ᠳᠠᠪᠠᠭᠤᠯᠢᠭ᠋᠂ ᠠᠵᠤ ᠦᠢᠯᠡᠰ᠎ᠦᠨ ᠰᠠᠭᠤᠷᠢ᠎ᠳᠠᠭᠠᠨ ᠰᠠᠭᠤᠷᠢᠯᠠᠵᠤ᠂ ᠥᠪᠥᠷ ᠮᠣᠩᠭᠣᠯ᠎ᠤᠨ ᠣᠨᠴᠠᠯᠢᠭ᠋᠎ᠲᠠᠢ᠂ ᠤᠯᠤᠰ᠎ᠤᠨ ᠠᠵᠤ ᠦᠢᠯᠡᠰ᠎ᠦᠨ ᠪᠠᠢᠷᠢᠰᠢᠯ᠎ᠳᠤ ᠴᠢᠬᠤᠯᠠ ᠪᠠᠢᠷᠢ ᠰᠠᠭᠤᠷᠢ᠎ᠲᠠᠢ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠲᠦᠷᠭᠡᠳᠬᠡᠨ ᠪᠠᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠡᠭᠦᠯᠴᠢ᠎ᠶᠢᠨ ᠬᠤᠭᠤᠴᠠᠭᠠᠨ᠎ᠳᠤ ᠰᠢᠨ᠎ᠡ ᠮᠠᠲᠧᠷᠢᠶᠠᠯ᠂ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠂ ᠲᠣᠭᠠᠴᠢᠯᠠᠭᠰᠠᠨ ᠠᠵᠤ ᠦᠢᠯᠡᠰ᠎ᠦᠨ 3 ᠶᠡᠬᠡ ᠲᠦᠮᠡᠨ ᠳ᠋ᠦᠩᠰᠢᠭᠤᠷ ᠳᠡᠰ᠎ᠤᠨ ᠠᠵᠤ ᠦᠢᠯᠡᠰ᠎ᠦᠨ ᠪᠦᠯᠦᠭᠵᠢᠯ ᠪᠣᠯᠣᠨ ᠬᠣᠪᠣᠷ ᠰᠢᠷᠣᠢ᠂ ᠥᠩᠭᠡᠲᠦ ᠲᠡᠮᠦᠷᠯᠢᠭ᠂ ᠭᠡᠷᠡᠯᠴᠢ ᠴᠡᠨᠡᠭ ᠵᠡᠷᠭᠡ 9 ᠵᠤᠷᠪᠤᠰ ᠮᠢᠩᠭᠠᠨ ᠳ᠋ᠦᠩᠰᠢᠭᠤᠷ ᠳᠡᠰ᠎ᠤᠨ ᠠᠵᠤ ᠦᠢᠯᠡᠰ᠎ᠦᠨ ᠬᠡᠯᠬᠢᠶ᠎ᠡ᠎ᠶᠢ ᠬᠦᠴᠦᠯᠡᠨ ᠪᠣᠢᠵᠢᠭᠤᠯᠤᠨ ᠪᠦᠷᠢᠯᠳᠦᠭᠦᠯᠬᠦ᠎ᠪᠡᠷ ᠪᠤᠢ᠃
— 《ᠦᠨᠳᠦᠰᠦᠨ ᠪᠠᠢᠳᠠᠯ》᠎ᠢ᠋ ᠪᠡᠬᠢᠵᠢᠭᠦᠯᠵᠦ᠂ ᠤᠯᠠᠮᠵᠢᠯᠠᠯᠲᠤ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠤᠨ᠎ᠠ᠃ ᠠᠭᠤᠷᠬᠠᠢ᠎ᠶᠢᠨ ᠦᠢᠯᠡᠰ᠂ ᠲᠡᠮᠦᠷᠯᠢᠭ ᠪᠤᠯᠪᠠᠰᠤᠷᠠᠭᠤᠯᠬᠤ᠂ ᠥᠩᠭᠡᠲᠦ ᠲᠡᠮᠦᠷᠯᠢᠭ᠂ ᠬᠢᠮᠢ᠎ᠶᠢᠨ ᠠᠵᠤ ᠦᠢᠯᠡᠳᠪᠦᠷᠢ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠡᠳ᠋ᠰᠢᠭᠦᠯᠬᠦ ᠵᠡᠷᠭᠡ ᠤᠯᠠᠮᠵᠢᠯᠠᠯᠲᠤ ᠠᠵᠤ ᠦᠢᠯᠡᠰ᠎ᠢ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠲᠤᠯ ᠦᠭᠡᠶ᠋ᠢᠵᠢᠭᠦᠯᠬᠦ ᠬᠥᠭᠵᠢᠯᠲᠡ᠎ᠶᠢ ᠶᠡᠬᠡᠪᠡᠷ ᠠᠬᠢᠭᠤᠯᠵᠤ᠂ ᠠᠵᠤ ᠦᠢᠯᠡᠰ᠎ᠦᠨ ᠬᠥᠭᠵᠢᠯᠲᠡ᠎ᠶᠢᠨ ᠦᠷᠭᠦᠯᠵᠢᠯᠡᠬᠦ ᠴᠢᠨᠠᠷ ᠪᠣᠯᠣᠨ ᠥᠷᠢᠰᠦᠯᠳᠦᠬᠦ ᠬᠦᠴᠦᠨ᠎ᠢ ᠨᠡᠮᠡᠭᠳᠡᠭᠦᠯᠦᠨ᠎ᠡ᠃
— 《ᠰᠢᠨ᠎ᠡ ᠬᠥᠳᠡᠯᠭᠡᠭᠦᠷ》 ᠢ᠋ ᠴᠣᠭᠴᠠᠯᠠᠵᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠦᠯᠦᠭᠵᠢᠨ ᠪᠤᠵᠠᠭᠠᠢᠷᠠᠬᠤ᠎ᠶᠢ ᠠᠬᠢᠭᠤᠯᠤᠨ᠎ᠠ᠃ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠂ ᠰᠢᠨ᠎ᠡ ᠡᠨᠧᠷᠭᠢ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ ᠵᠡᠷᠭᠡ ᠥᠪᠥᠷ ᠮᠣᠩᠭᠣᠯ᠎ᠳᠤ ᠢᠯᠡᠳᠲᠡ ᠳᠠᠪᠠᠭᠤᠯᠢᠭ᠋᠎ᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠥᠬᠥ ᠬᠦᠴᠦᠨ᠎ᠢᠶᠡᠷ᠎ᠢᠶᠡᠨ ᠪᠣᠢᠵᠢᠭᠤᠯᠵᠤ᠂ ᠲᠦᠷᠦᠭᠦᠯᠡᠬᠦ ᠳᠠᠪᠠᠭᠤᠯᠢᠭ᠋᠎ᠢᠶᠠᠨ ᠪᠡᠬᠢᠵᠢᠭᠦᠯᠦᠨ ᠥᠷᠭᠡᠳᠬᠡᠨ᠎ᠡ᠃
— 《ᠰᠢᠨ᠎ᠡ ᠤᠷᠤᠯᠳᠤᠭᠠᠨ᠎ᠤ ᠵᠠᠮ》 ᠢ᠋ ᠨᠡᠭᠡᠭᠡᠵᠦ᠂ ᠢᠷᠡᠭᠡᠳᠦᠢ᠎ᠶᠢᠨ ᠠᠵᠤ ᠦᠢᠯᠡᠰ᠎ᠢ ᠤᠷᠢᠳᠴᠢᠯᠠᠨ ᠪᠠᠢᠷᠢᠯᠠᠭᠤᠯᠤᠨ᠎ᠠ᠃ ᠤᠰᠤᠲᠥ᠋ᠷᠥᠭᠴᠢ ᠡᠨᠧᠷᠭᠢ᠂ ᠠᠮᠢᠳᠤ ᠪᠣᠳᠠᠰ᠎ᠤᠨ ᠦᠢᠯᠡᠳᠬᠡᠯ ᠵᠡᠷᠭᠡ ᠬᠠᠷᠢᠴᠠᠭᠤᠯᠤᠭᠰᠠᠨ ᠳᠠᠪᠠᠭᠤᠯᠢᠭ᠋᠎ᠲᠠᠢ ᠬᠦᠷᠢᠶᠡᠨ᠎ᠳᠦ ᠬᠦᠴᠦ᠎ᠪᠡᠨ ᠲᠥᠪᠯᠡᠷᠡᠭᠦᠯᠦᠨ ᠭᠣᠣᠯᠳᠠᠯᠭ᠎ᠠ᠎ᠲᠠᠢ ᠰᠢᠪᠲᠤᠯᠤᠯᠲᠠ ᠬᠢᠨ᠎ᠡ᠃
ᠬᠠᠷᠠᠯᠲᠠᠨᠢᠭᠡᠨᠳᠡ ᠲᠤᠭᠳᠠᠵᠤ᠂ ᠠᠷᠭ᠎ᠠ ᠵᠠᠮᠲᠤᠳᠤᠷᠬᠠᠢ ᠪᠤᠯᠪᠠ᠃ 《ᠠᠷᠪᠠᠨ ᠲᠠᠪᠤᠳᠤᠭᠠᠷ ᠲᠠᠪᠤᠨ ᠵᠢᠯ》᠎ᠢ᠋ ᠪᠠᠷᠠᠯᠠᠬᠤᠶ᠎ᠠ᠂ ᠨᠠᠩ ᠠᠯᠤᠰ ᠬᠡᠲᠦ᠎ᠶᠢᠨ ᠴᠢᠨᠠᠷᠲᠠᠢ ᠪᠠ ᠰᠢᠰᠲᠧᠮᠲᠦ ᠴᠢᠨᠠᠷᠲᠠᠢ ᠠᠵᠤ ᠦᠢᠯᠡᠰ᠎ᠦᠨ ᠵᠢᠷᠤᠭ ᠲᠥᠰᠥᠪ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ ᠳᠡᠯᠭᠡᠭᠳᠡᠵᠦ᠂ ᠨᠠᠩ ᠠᠮᠢᠵᠢᠷᠠᠯ᠎ᠤᠨ ᠬᠦᠴᠦᠨ᠎ᠲᠠᠢ ᠥᠪᠥᠷ ᠮᠣᠩᠭᠣᠯ ᠪᠢᠳᠡᠨ᠎ᠦ ᠵᠦᠭ ᠠᠢᠰᠤᠢ᠃