ᠠᠮᠢᠵᠢᠷᠠᠯ ᠪᠢᠯᠬᠠᠭᠰᠠᠨ ᠠᠮᠠᠷᠠᠯᠲᠠ᠎ᠶ᠋ᠢᠨ ᠡᠳᠦᠷ᠎ᠤᠨ ᠠᠵᠤ ᠠᠬᠤᠢ
2026-05-06 09:45:33
ᠵᠣᠬᠢᠶᠠᠭ᠍ᠴᠢ᠄
ᠵᠢᠢ ᠬᠠᠢ ᠶᠠᠩ
ᠣᠩᠱᠢᠭ᠍ᠰᠠᠨ ᠣᠳᠠᠭ᠎ᠠ᠄
★★★☆☆

《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ ᠥᠪᠥᠷ ᠮᠣᠩᠭᠣᠯ᠎ᠤᠨ ᠡᠯ᠎ᠡ ᠲᠤᠮᠤ ᠬᠤᠳᠠᠯᠳᠤᠭᠠᠨ᠎ᠤ ᠲᠣᠭᠣᠷᠢᠭ᠎ᠲᠤ ᠬᠥᠮᠦᠨ ᠬᠠᠷ᠎ᠠ ᠶᠡᠬᠡ ᠪᠡᠷ ᠬᠤᠷᠠᠨ ᠴᠤᠭ᠍ᠯᠠᠷᠠᠵᠤ᠂ ᠦᠵᠡᠮᠵᠢ᠎ᠶ᠋ᠢᠨ ᠣᠷᠣᠨ᠎ᠳᠤ ᠵᠢᠭᠤᠯᠴᠢᠯᠠᠭᠰᠠᠳ ᠰᠦᠯᠵᠢᠯᠳᠦᠵᠤ᠂ ᠵᠡᠭᠡᠯᠢ ᠭᠤᠳᠤᠮᠵᠢ ᠳ᠋ᠤ ᠬᠦᠷ ᠬᠥᠭ᠌ᠵᠢᠶᠡᠨ᠎ᠢᠶᠡᠷ ᠪᠢᠯᠬᠠᠨ᠎ᠠ᠃ ᠬᠡᠷᠡᠭ᠌ᠯᠡᠭᠡᠨ᠎ᠦ ᠬᠠᠯᠠᠭᠤᠨ ᠤᠷᠤᠰᠭᠠᠯ᠎ᠨᠢ ᠣᠯᠠᠨ ᠲᠦᠮᠡᠨ᠎ᠦ ᠠᠮᠢᠳᠤᠷᠠᠯ᠎ᠢ ᠪᠠᠶᠠᠯᠢᠭ᠍ᠵᠢᠭᠤᠯᠤᠭ᠍ᠰᠠᠨ᠎ᠢᠶᠠᠷ ᠪᠠᠷᠠᠬᠤ ᠥᠬᠡᠶ ᠨᠠᠩ ᠴᠤ᠌ ᠪᠥᠬᠥ᠌ ᠣᠷᠣᠨ᠎ᠤ ᠠᠵᠤ ᠠᠬᠤᠶ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ᠂ ᠬᠦᠴᠦᠨ᠎ᠢᠶᠡᠨ ᠬᠤᠷᠠᠮᠳᠤᠭᠤᠯᠤᠨ ᠤᠷᠤᠭ᠍ᠰᠢᠯᠠᠬᠤ ᠥᠷᠨᠢᠭᠦᠨ ᠪᠠᠢᠳᠠᠯ᠎ᠢ ᠢᠯᠡᠷᠡᠭᠦᠯᠪᠡ᠃

ᠠᠮᠠᠷᠠᠯᠲᠠ᠎ᠶ᠋ᠢᠨ ᠠᠵᠤ ᠠᠬᠤᠶ᠎ᠶ᠋ᠢᠨ ᠦᠷᠨᠢᠭᠦᠨ ᠬᠥᠭ᠌ᠵᠢᠯᠲᠡ ᠨᠢ ᠭᠦᠨᠵᠡᠭᠡᠢ ᠪᠡᠶᠡᠴᠢᠯᠡᠨ ᠣᠢᠯᠠᠭᠠᠬᠤ᠂ ᠴᠢᠨᠠᠷ ᠴᠢᠨᠰᠠᠭ᠎ᠠ ᠲᠠᠢ ᠰᠡᠯᠡᠭᠦᠴᠡᠯ᠂ ᠪᠠᠶᠠᠰᠤᠯᠲᠤ ᠬᠡᠷᠡᠭ᠌ᠯᠡᠭᠡ ᠵᠡᠷᠭᠡ ᠱᠢᠨ᠎ᠡ ᠤᠷᠤᠰᠭᠠᠯ᠎ᠤᠨ ᠬᠡᠷᠡᠭ᠌ᠴᠡᠭᠡ ᠬᠠᠩᠭᠠᠭ᠍ᠳᠠᠭ᠍ᠰᠠᠨ᠎ᠡᠴᠡ ᠪᠣᠯᠤᠭ᠍ᠰᠠᠨ ᠶᠤᠮ᠃ ᠴᠠᠭ᠎ᠤᠨ ᠤᠷᠤᠰᠭᠠᠯ᠎ᠢ ᠳᠠᠭᠠᠵᠤ᠂ ᠥᠪᠡᠷᠲᠡᠭᠡᠨ ᠵᠠᠰᠠᠬᠤ ᠣᠷᠣᠨ 《ᠱᠢᠵᠢᠷ ᠠᠯᠲᠠᠨ ᠤᠯᠠᠷᠢᠯ·ᠥᠪᠥᠷ ᠮᠣᠩᠭᠣᠯ᠎ᠳᠤ ᠵᠢᠭᠤᠯᠴᠢᠯᠠᠬᠤ》 ᠭᠤᠤᠯ ᠰᠡᠳᠦᠪᠲᠦ ᠠᠵᠢᠯᠯᠠᠭ᠎ᠠ᠎ᠶ᠋ᠢ ᠡᠬᠢᠯᠡᠭᠦᠯᠵᠦ᠍᠂ 371 ᠵᠦᠶ᠋ᠯ᠎ᠦᠨ ᠰᠣᠶᠣᠯ ᠵᠢᠭᠤᠯᠴᠢᠯᠠᠯ᠎ᠤᠨ ᠱᠢᠷᠢᠰ ᠠᠵᠢᠯᠯᠠᠭ᠎ᠠ᠎ᠨᠢ ᠠᠮᠠᠷᠠᠯᠲᠠ᠎ᠶ᠋ᠢᠨ ᠡᠳᠦᠷ᠎ᠦᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠥᠭ᠌ᠵᠢᠭᠡᠵᠦ᠍᠂ ᠲᠤᠭᠤᠷᠢᠵᠤ ᠠᠶᠠᠯᠠᠬᠤ ᠬᠡᠷᠡᠭ᠌ᠯᠡᠭᠡᠨ᠎ᠦ ᠬᠠᠯᠠᠭᠤᠨ ᠥᠷᠨᠢᠯᠲᠡ᠎ᠶ᠋ᠢ ᠪᠣᠶ ᠪᠣᠯᠭᠠᠪᠠ᠃ K7911 ᠤᠳᠠᠭ᠎ᠠ᠎ᠶ᠋ᠢᠨ 《ᠲᠣᠣᠷᠠᠢ᠎ᠶ᠋ᠢᠨ ᠲᠤᠰᠭᠠᠢ ᠭᠠᠯᠲᠤ ᠲᠡᠷᠭᠡ》 ᠵᠠᠮ ᠳᠠᠭᠠᠤ᠎ᠶ᠋ᠢᠨ ᠭᠣᠣᠯᠳᠠᠯᠭ᠎ᠠ᠎ᠲᠠᠶ ᠦᠵᠡᠮᠵᠢ᠎ᠶ᠋ᠢᠨ ᠣᠷᠣᠨ᠎ᠢ ᠬᠣᠯᠪᠣᠵᠤ᠂ ᠵᠢᠭᠤᠯᠴᠢᠯᠠᠭᠰᠠᠳ᠎ᠤᠨ ᠪᠠᠬᠠᠷᠬᠠᠯ᠎ᠢ ᠲᠠᠲᠠᠵᠤ᠂ ᠲᠡᠷᠭᠡᠨ ᠪᠢᠯᠧᠲ ᠢ᠋ ᠲᠡᠷᠡ ᠲᠠᠷᠤᠢ ᠬᠤᠳᠠᠯᠳᠤᠵᠤ ᠳᠠᠭᠤᠰᠪᠠ; ᠤᠯᠠᠭᠠᠨᠴᠠᠪ ᠬᠤᠲᠠ ᠵᠢᠨ ᠤᠯᠠᠭᠠᠨᠬᠠᠳᠠ᠎ᠶ᠋ᠢᠨ ᠲᠠᠯ᠎ᠠ ᠨᠤᠲᠤᠭ᠎ᠤᠨ ᠭᠠᠯᠲᠤ ᠠᠭᠤᠯᠠ᠎ᠶ᠋ᠢᠨ ᠦᠵᠡᠮᠵᠢ᠎ᠶ᠋ᠢᠨ ᠣᠷᠣᠨ᠎ᠳᠤ ᠵᠢᠭᠤᠯᠴᠢᠯᠠᠭᠰᠠᠳ ᠳᠦᠭᠦᠷᠴᠦ᠍᠂ 5 ᠰᠠᠷ᠎ᠠ᠎ᠶ᠋ᠢᠨ 3 ᠤ᠋ ᠡᠳᠦᠷ  ᠬᠦᠮᠦᠰ ᠤ᠋ᠨ ᠲᠤᠭ᠎ᠠ ᠵᠢ ᠬᠢᠵᠠᠭᠠᠷᠯᠠᠬᠤ ᠰᠠᠨᠠᠭᠤᠯᠤᠮᠵᠢ ᠨᠡᠢᠲᠡᠯᠡᠪᠡ; ᠬᠥᠬᠡᠬᠣᠳᠠ ᠳ᠋ᠤ ᠤᠯᠠᠨ ᠲᠠᠯᠠᠪᠠᠢ ᠳᠠᠭᠤᠤ ᠵᠢᠨ ᠦᠳᠡᠱᠢᠯᠡᠭᠡ ᠵᠠᠯᠭᠠᠭ᠎ᠠ ᠪᠡᠷ ᠶᠠᠪᠤᠭᠳᠠᠪᠠ ᠁

ᠠᠮᠠᠷᠠᠯᠲᠠ᠎ᠶ᠋ᠢᠨ ᠡᠳᠦᠷ᠎ᠦᠨ ᠠᠵᠤ ᠠᠬᠤᠶ ᠬᠦᠭᠵᠢᠶᠡᠨᠳᠠᠢ ᠪᠠᠢᠬᠤ ᠵᠢᠨ ᠭᠤᠤᠯᠳᠠᠯᠭ᠎ᠠ ᠨᠢ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠣᠯᠠᠨ ᠡᠵᠡᠩᠨᠡᠯᠲᠡ᠎ᠶ᠋ᠢᠨ ᠬᠡᠯᠪᠡᠷᠢ᠎ᠶ᠋ᠢᠨ ᠭᠦᠨᠵᠡᠭᠡᠶ ᠠᠭᠤᠰᠤᠯᠴᠠᠯ᠎ᠡᠴᠡ ᠪᠣᠯᠤᠭ᠍ᠰᠠᠨ ᠶᠤᠮ᠃ ᠪᠤᠭᠤᠲᠤ᠎ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠤ ᠮᠣᠷᠢ ᠤᠷᠤᠯᠳᠤᠬᠤ 《ᠬᠦᠳᠡᠭᠡ ᠲᠤᠰᠬᠤᠨ ᠤ᠋ ᠬᠡᠳᠦ ᠳᠡᠰ ᠤ᠋ᠨ ᠤᠷᠤᠯᠳᠤᠭᠠᠨ》 ᠤ᠋ ᠱᠢᠷᠢᠰ ᠠᠵᠢᠯᠯᠠᠭ᠎ᠠ ᠨᠢ ᠪᠥᠬᠥ᠌ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭ᠍ᠰᠠᠳ᠎ᠤᠨ ᠠᠩᠬᠠᠷᠤᠯ᠎ᠢ ᠲᠠᠲᠠᠪᠠ; ᠣᠷᠳᠣᠰ ᠬᠣᠲᠠ᠎ᠶ᠋ᠢᠨ ᠬᠢᠨ ᠪᠣᠳᠠᠲᠤ ᠦᠵᠡᠮᠵᠢ᠎ᠶ᠋ᠢᠨ ᠲᠣᠭ᠍ᠯᠠᠯᠲᠠ᠂ ᠬᠡᠭᠡᠷ᠎ᠡ ᠪᠠᠭᠤᠳᠠᠯᠯᠠᠬᠤ᠂ ᠰᠣᠶᠣᠯ᠎ᠤᠨ ᠰᠢᠨ᠎ᠠ ᠡᠭᠦᠳᠦᠯᠲᠡ᠎ᠶ᠋ᠢᠨ ᠳᠡᠯᠭᠡᠨ ᠪᠣᠷᠣᠯᠠᠭᠤᠯᠭ᠎ᠠ ᠵᠡᠷᠭᠡ ᠡᠬᠢ ᠪᠠᠶᠠᠯᠢᠭ᠎ᠢ ᠨᠡᠢᠳᠭᠡᠵᠤ᠂ ᠨᠢᠭᠡ ᠥᠷᠲᠡᠭᠡᠴᠢᠯᠡᠭᠰᠡᠨ ᠬᠡᠯᠪᠡᠷᠢ᠎ᠪᠡᠷ ᠵᠢᠭᠤᠯᠴᠢᠯᠠᠭᠰᠠᠳ᠎ᠤᠨ ᠣᠯᠠᠨ ᠡᠱᠢᠲᠦ ᠬᠡᠷᠡᠭ᠌ᠴᠡᠭᠡ᠎ᠶ᠋ᠢ ᠬᠠᠩᠭᠠᠪᠠ; ᠤᠯᠠᠭᠠᠨᠬᠠᠳᠠ᠎ᠶ᠋ᠢᠨ 《ᠬᠤᠩᠱᠠᠨ· ᠱᠦᠢ ᠠᠨ ᠱ᠌ᠢ ᠭᠤᠸᠠᠩ ᠬᠢᠳᠡᠳ ᠰᠤᠶᠤᠯ ᠤ᠋ᠨ ᠬᠡᠪ ᠨᠠᠮᠪᠠᠳᠤ ᠵᠡᠭᠡᠯᠢ》 ᠶ᠋ᠢᠨ ᠬᠣᠲᠠ᠎ᠶ᠋ᠢᠨ ᠠᠮᠢᠳᠤᠷᠠᠯ ᠪᠠ ᠰᠣᠶᠣᠯ ᠢᠷᠭᠡᠨᠱᠢᠯ᠎ᠦᠨ ᠠᠭᠤᠰᠤᠯᠴᠠᠯ ᠨᠢ ᠵᠢᠭᠤᠯᠴᠢᠯᠠᠬᠰᠡᠳ ᠤ᠋ᠨ ᠬᠦᠷᠢᠶᠡᠯᠡᠯ᠎ᠢ ᠪᠣᠳᠠᠲᠠᠢ ᠣᠷᠣᠯᠭ᠎ᠠ ᠪᠣᠯᠭᠠᠨ ᠬᠤᠪᠢᠷᠠᠭᠤᠯᠪᠠ; ᠠᠯᠠᠱᠠ᠎ᠶ᠋ᠢᠨ ᠬᠠᠪᠤᠷ᠎ᠤᠨ ᠤᠯᠠᠷᠢᠯ᠎ᠤᠨ ᠪᠠᠭᠠᠲᠤᠷᠴᠤᠳ᠎ᠤᠨ ᠴᠤᠭ᠍ᠯᠠᠭᠠᠨ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠨᠢ ᠤᠯᠠᠮᠵᠢᠯᠠᠯᠲᠤ ᠵᠠᠩ ᠦᠶ᠋ᠯᠡ᠂ ᠡᠯᠡᠰᠦᠨ ᠴᠥᠯ᠎ᠦᠨ ᠰᠡᠯᠡᠭᠦᠴᠡᠯ ᠵᠡᠷᠭᠡ ᠣᠯᠠᠨ ᠡᠱᠢᠵᠢᠭ᠌ᠰᠡᠨ ᠡᠵᠡᠩᠨᠡᠯᠲᠡ᠎ᠶ᠋ᠢᠨ ᠬᠡᠯᠪᠡᠷᠢ ᠵᠢ ᠠᠭᠤᠰᠤᠯᠴᠠᠭᠤᠯᠵᠤ᠂ ᠤᠷᠤᠯᠳᠤᠭᠠᠨ᠎ᠤ ᠨᠥᠯᠥᠭᠡᠯᠡᠬᠦ᠌ ᠦᠶ᠋ᠯᠡᠳᠦᠯ᠎ᠢ ᠦᠷᠭᠦᠯᠵᠢᠯᠡᠨ ᠶᠡᠬᠡᠰᠭᠡᠪᠡ ᠁ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠡᠵᠡᠩᠨᠡᠯᠲᠡ᠎ᠶ᠋ᠢᠨ ᠬᠡᠯᠪᠡᠷᠢ ᠵᠢ ᠠᠭᠤᠰᠤᠯᠴᠠᠭᠤᠯᠬᠤ᠎ᠪᠠᠷ ᠬᠡᠷᠡᠭ᠌ᠯᠡᠭᠡ᠎ᠶ᠋ᠢ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠠᠮᠠᠷᠠᠯᠲᠠ᠎ᠶ᠋ᠢᠨ ᠡᠳᠦᠷ᠎ᠦᠨ ᠵᠠᠬ᠎ᠠ ᠳᠡᠯᠭᠡᠭᠦᠷ᠎ᠢ ᠬᠥᠭ᠌ᠵᠢᠶᠡᠨᠲᠡᠶ ᠪᠣᠯᠭᠠᠭ᠍ᠰᠠᠨ ᠪᠥᠭᠡᠳ ᠠᠯᠤᠰ ᠬᠡᠲᠦ᠍᠎ᠶ᠋ᠢᠨ ᠬᠥᠭ᠌ᠵᠢᠯᠲᠡ᠎ᠶ᠋ᠢᠨ ᠨᠥᠭᠡᠴᠡ ᠬᠦᠴᠦᠨ᠎ᠢ ᠬᠤᠷᠠᠮᠳᠤᠭᠤᠯᠪᠠ᠃

ᠡᠨᠡ ᠵᠢᠯ ᠥᠪᠥᠷ ᠮᠣᠩᠭᠣᠯ᠎ᠤᠨ ᠭᠡᠷᠡᠭᠵᠢᠬᠦᠯᠦᠭᠰᠡᠨ ᠬᠡᠷᠡᠭ᠌ᠯᠡᠭᠡᠨ᠎ᠦ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠨᠢ ᠠᠮᠠᠷᠠᠯᠲᠠ᠎ᠶ᠋ᠢᠨ ᠡᠳᠦᠷ᠎ᠦᠨ ᠠᠵᠤ ᠠᠬᠤᠶ᠎ᠶ᠋ᠢᠨ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠡᠷᠡᠭ᠌ᠯᠡᠭᠡᠨ᠎ᠦ ᠲᠡᠮᠳᠡᠭ᠌ᠲᠦ᠂ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠤᠰᠭᠠᠶ ᠵᠦᠶ᠋ᠯ᠎ᠦᠨ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ ᠵᠢᠴᠢ ᠥᠪᠥᠷ ᠮᠣᠩᠭᠣᠯ᠎ᠤᠨ ᠰᠣᠶᠣᠯ᠎ᠤᠨ ᠠᠵᠢᠯᠯᠠᠭᠠᠨ᠎ᠤ ᠤᠯᠠᠷᠢᠯ᠎ᠳᠤ ᠭᠡᠷᠡᠭᠵᠢᠬᠦᠯᠦᠭᠰᠡᠨ ᠠᠷᠠᠳ᠎ᠲᠤ ᠠᠱᠢᠭ ᠬᠦᠷᠲᠡᠭᠡᠬᠦ᠌ 5.9 ᠲᠥᠭᠥᠷᠢᠭ᠎ᠦᠨ ᠲᠣᠭ᠍ᠯᠠᠯᠲᠠ ᠦᠵᠡᠬᠦ᠌ ᠵᠡᠷᠭᠡ ᠲᠦᠭᠡᠮᠡᠯ ᠬᠠᠷᠠᠭᠠᠯᠵᠠᠯ᠎ᠤᠨ ᠠᠷᠭ᠎ᠠ ᠬᠡᠮᠵᠢᠶ᠎ᠡ ᠨᠢ ᠡᠯ᠎ᠡ ᠠᠢᠮᠠᠭ ᠬᠣᠲᠠ᠎ᠶ᠋ᠢ ᠳᠠᠢᠴᠢᠯᠠᠨ ᠵᠡᠷᠭᠡ ᠪᠡᠷ ᠨᠥᠬᠥᠪᠥᠷᠢ ᠥᠭ᠌ᠴᠦ ᠠᠱᠢᠭ ᠬᠦᠷᠲᠡᠭᠡᠪᠡ᠃ ᠬᠥᠬᠡᠬᠣᠲᠠ ᠵᠢᠨ 4000 ᠲᠦᠮᠡᠨ ᠲᠥᠭᠥᠷᠢᠭ᠎ᠦᠨ ᠲᠤᠰᠭᠠᠶ ᠠᠰᠢᠭ ᠮᠦᠩᠬᠦ᠂ ᠪᠤᠭᠤᠲᠤ ᠬᠣᠲᠠ ᠵᠢᠨ 3000 ᠭᠠᠷᠤᠶ ᠲᠦᠮᠡᠨ ᠲᠥᠭᠥᠷᠢᠭ᠎ᠦᠨ ᠨᠥᠬᠥᠪᠥᠷᠢ ᠵᠢᠨ ᠪᠠᠯᠠ ᠮᠥᠩᠭᠥ᠌᠂ ᠦᠬᠠᠶ᠎ᠶ᠋ᠢᠨ ᠱᠢᠨ᠎ᠡ ᠵᠢ ᠡᠬᠦᠳᠤᠨ ᠠᠮᠢᠯᠠᠭᠤᠯᠤᠭ᠍ᠰᠠᠨ 《ᠪᠠᠷᠢᠮᠳᠠ ᠵᠢᠨ ᠦᠯᠡᠳᠡᠭᠡᠰᠤ ᠵᠢᠨ ᠠᠵᠤ ᠠᠬᠤᠶ》 ᠁ ᠪᠤᠰᠤᠳ ᠠᠢᠮᠠᠭ ᠬᠣᠲᠠ ᠴᠤ᠌ ᠵᠠᠯᠭᠠᠭ᠎ᠠ ᠪᠡᠷ ᠡᠯ᠎ᠡ ᠲᠥᠷᠥᠯ᠎ᠦᠨ ᠬᠠᠷᠠᠭᠠᠯᠵᠠᠯ᠎ᠤᠨ ᠠᠷᠭ᠎ᠠ ᠬᠡᠮᠵᠢᠶ᠎ᠡ ᠠᠪᠴᠤ ᠪᠠᠢᠨ᠎ᠠ᠃ ᠵᠢᠭᠤᠯᠴᠢᠯᠠᠯ ᠬᠢᠭᠡᠳ ᠬᠡᠷᠡᠭ᠌ᠯᠡᠭᠡ᠎ᠶ᠋ᠢᠨ ᠨᠥᠬᠥᠪᠥᠷᠢ᠎ᠶ᠋ᠢ ᠬᠣᠯᠪᠣᠯᠳᠤᠭᠤᠯᠵᠤ᠂ ᠬᠥᠮᠦᠨ᠎ᠦ ᠤᠷᠤᠰᠭᠠᠯ᠎ᠤᠨ ᠬᠠᠯᠠᠮᠱᠢᠯ᠎ᠢ ᠬᠡᠷᠡᠭ᠌ᠯᠡᠭᠡ᠎ᠶ᠋ᠢᠨ ᠨᠡᠮᠡᠭ᠌ᠳᠡᠯ᠂ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠪᠣᠯᠭᠠᠨ ᠲᠣᠭ᠍ᠲᠠᠭᠤᠨ᠎ᠢᠶᠠᠷ ᠬᠤᠪᠢᠷᠠᠭᠤᠯᠪᠠ᠃

ᠣᠬᠣᠷ ᠬᠤᠭᠤᠴᠠᠭᠠᠨ᠎ᠤ ᠬᠡᠷᠡᠭ᠌ᠯᠡᠭᠡ᠎ᠶ᠋ᠢᠨ ᠬᠠᠯᠠᠭᠤᠨ ᠥᠷᠨᠢᠯᠲᠡ ᠨᠢ ᠣᠯᠳᠠᠬᠤᠶ᠎ᠠ ᠪᠡᠷᠬᠡ ᠪᠠᠢᠵᠤ᠂ ᠠᠯᠤᠰ ᠬᠡᠲᠦ᠍᠎ᠶ᠋ᠢᠨ ᠬᠥᠭ᠌ᠵᠢᠯᠲᠡ᠎ᠶ᠋ᠢᠨ ᠬᠠᠨᠳᠤᠰᠢ᠎ᠳᠤ ᠨᠠᠩ ᠢᠯᠡᠭᠦᠦ ᠰᠠᠭᠤᠷᠢ ᠵᠢ ᠪᠡᠬᠢᠵᠢᠬᠦᠯᠬᠦ ᠵᠢ ᠱᠠᠭᠠᠷᠳᠠᠵᠤ ᠪᠤᠢ᠃ ᠬᠡᠷᠡᠭ᠌ᠯᠡᠭᠡ᠎ᠶ᠋ᠢᠨ ᠱᠢᠨ᠎ᠡ ᠪᠠᠢᠳᠠᠯ᠎ᠢ ᠦᠷᠭᠦᠯᠵᠢᠯᠡᠨ ᠥᠷᠭᠡᠳᠭᠡᠵᠦ᠍᠂ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠠ ᠵᠢᠨ ᠲᠠᠮᠢᠷ ᠬᠤᠳᠠᠯᠳᠤᠭ᠎ᠠ᠎ᠶ᠋ᠢ ᠠᠭᠤᠰᠤᠯᠴᠠᠭᠤᠯᠬᠤ ᠱᠢᠨ᠎ᠡ ᠤᠷᠤᠯᠳᠤᠭᠠᠨ᠎ᠤ ᠵᠠᠮ᠎ᠢ ᠭᠦᠨᠵᠡᠭᠡᠶ ᠬᠦᠭᠵᠢᠬᠦᠯᠪᠡᠯ ᠯᠡ ᠰᠠᠶᠢ ᠠᠮᠠᠷᠠᠯᠲᠠ᠎ᠶ᠋ᠢᠨ ᠡᠳᠦᠷ᠎ᠦᠨ ᠬᠡᠷᠡᠭ᠌ᠯᠡᠭᠡ᠎ᠶ᠋ᠢᠨ ᠬᠠᠯᠠᠮᠱᠢᠯ᠎ᠢ ᠪᠠᠢᠩᠭᠤᠵᠢᠭ᠍ᠰᠠᠨ ᠨᠡᠮᠡᠭ᠌ᠳᠡᠯ᠎ᠦᠨ ᠲᠤᠯᠭᠠᠭᠤᠷᠢᠯᠠᠯ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠬᠦᠴᠦᠷᠬᠡᠭ ᠶᠡᠬᠡ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠬᠠᠩᠭᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号