110 ᠤᠯᠤᠰ ᠤ᠋ᠨ ᠵᠠᠰᠠᠮᠠᠯ ᠵᠠᠮ ᠤ᠋ᠨ ᠪᠢᠴᠢᠭᠡᠴᠢ — ᠰᠢᠷᠡᠭᠡᠴᠢ ᠬᠦᠷᠬᠦ ᠬᠡᠰᠡᠭ ᠤ᠋ᠨ ᠬᠣᠶᠠᠳᠤᠭᠠᠷ ᠬᠤᠭᠤᠴᠠᠭᠠᠨ ᠤ᠋ ᠪᠠᠷᠢᠯᠭ᠎ᠠ ᠡᠬᠢᠯᠡᠪᠡ
2026-05-06 09:43:12
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠣᠢᠷ᠎ᠠ ᠳ᠋ᠤ 110 ᠤᠯᠤᠰ ᠤ᠋ᠨ ᠵᠠᠰᠠᠮᠠᠯ ᠵᠠᠮ ᠤ᠋ᠨ ᠪᠢᠴᠢᠭᠡᠴᠢ — ᠰᠢᠷᠡᠭᠡᠴᠢ ᠬᠦᠷᠬᠦ ᠬᠡᠰᠡᠭ ᠤ᠋ᠨ ᠬᠣᠶᠠᠳᠤᠭᠠᠷ ᠬᠤᠭᠤᠴᠠᠭᠠᠨ ᠤ᠋ ᠪᠠᠷᠢᠯᠭ᠎ᠠ ᠪᠦᠬᠦ᠌ ᠲᠠᠯ᠎ᠠ ᠪᠡᠷ ᠡᠬᠢᠯᠡᠪᠡ᠃

ᠲᠤᠰ ᠲᠦᠷᠦᠯ ᠵᠦᠢᠯ ᠤ᠋ᠨ ᠪᠦᠬᠦ᠌ ᠤᠷᠳᠤ ᠨᠢ ᠪᠠᠷᠤᠭ 46.4 ᠺᠢᠯᠤᠮᠸᠲᠷ ᠪᠠᠢᠵᠤ᠂ ᠡᠬᠢᠯᠡᠯᠲᠡ ᠢ᠋ᠢᠨ ᠴᠡᠭ ᠨᠢ ᠬᠦᠬᠡᠬᠤᠲᠠ ᠢ᠋ᠢᠨ ᠲᠦᠮᠡᠳ ᠵᠡᠭᠦᠨ ᠬᠣᠱᠢᠭᠤᠨ ᠤ᠋ ᠪᠢᠴᠢᠭᠡᠴᠢ ᠪᠠᠯᠭᠠᠰᠤ ᠢ᠋ᠢᠨ ᠵᠡᠭᠦᠨ ᠬᠣᠢᠲᠤ ᠬᠡᠰᠡᠭ ᠲᠤ᠌ ᠪᠠᠢᠵᠤ᠂ ᠨᠢᠭᠡᠨᠲᠡ ᠪᠠᠢᠭᠤᠯᠵᠤ ᠳᠠᠭᠤᠰᠤᠭ᠍ᠰᠠᠨ 110 ᠤᠯᠤᠰ ᠤ᠋ᠨ ᠵᠠᠰᠠᠮᠠᠯ ᠵᠠᠮ ᠤ᠋ᠨ ᠬᠥᠬᠡᠬᠣᠲᠠ — ᠪᠢᠴᠢᠭᠡᠴᠢ ᠬᠦᠷᠬᠦ᠌ ᠬᠡᠰᠡᠭ ᠤ᠋ᠨ ᠡᠴᠦᠰ ᠤ᠋ᠨ ᠴᠡᠭ ᠲᠠᠢ ᠵᠠᠯᠭᠠᠯᠳᠤᠵᠤ᠂ ᠪᠢᠴᠢᠭᠡᠴᠢ ᠪᠠᠯᠭᠠᠰᠤ᠂ ᠴᠠᠭᠠᠰᠤᠴᠢ ᠪᠠᠯᠭᠠᠰᠤ᠂ ᠴᠡᠯᠡᠭᠡᠷ ᠲᠠᠯ᠎ᠠ ᠪᠠᠯᠭᠠᠰᠤ᠂ ᠮᠠᠢᠳᠠᠷ ᠵᠤᠤ ᠪᠠᠯᠭᠠᠰᠤ ᠪᠡᠷ ᠥᠩᠭᠡᠷᠡᠨ᠂ ᠡᠴᠦᠰ ᠤ᠋ᠨ ᠴᠡᠭ ᠨᠢ ᠬᠥᠬᠡᠬᠣᠲᠠ ᠪᠣᠯᠤᠨ ᠪᠤᠭᠤᠲᠤ ᠢ᠋ᠢᠨ ᠠᠭᠤᠯᠵᠠᠷ ᠲᠤ᠌ ᠬᠦᠷᠤᠨ᠎ᠠ᠃ ᠲᠤᠰ ᠵᠠᠰᠠᠮᠠᠯ ᠵᠠᠮ ᠢ᠋ ᠬᠣᠣᠰ ᠴᠢᠭ᠌ᠯᠡᠯᠲᠦ ᠲᠦᠷᠪᠡᠨ ᠲᠡᠷᠭᠡᠨ ᠵᠠᠮ ᠤ᠋ᠨ ᠨᠢᠭᠡᠳᠦᠭᠡᠷ ᠳᠡᠰ ᠤ᠋ᠨ ᠵᠠᠰᠠᠮᠠᠯ ᠵᠠᠮ ᠤ᠋ᠨ ᠪᠠᠷᠢᠮᠵᠢᠶ᠎ᠠ ᠪᠡᠷ ᠪᠦᠳᠦᠭᠡᠨ ᠪᠠᠢᠭᠤᠯᠵᠤ᠂ ᠪᠠᠷᠢᠯᠭ᠎ᠠ ᠢ᠋ᠢᠨ ᠬᠤᠭᠤᠴᠠᠭ᠎ᠠ ᠨᠢ 3 ᠵᠢᠯ ᠪᠤᠯᠤᠨ᠎ᠠ᠃

ᠲᠤᠰ ᠵᠠᠰᠠᠮᠠᠯ ᠵᠠᠮ ᠨᠢ ᠤᠯᠤᠰ ᠤ᠋ᠨ ᠲᠦᠷᠭᠡᠨ ᠤ᠋ ᠵᠠᠰᠠᠮᠠᠯ ᠵᠠᠮ ᠤ᠋ᠨ ᠲᠤᠤᠷ ᠤ᠋ᠨ G6 ᠪᠡᠭᠡᠵᠢᠩ — ᠲᠥᠪᠡᠳ ᠬᠦᠷᠬᠦ᠂ G7 ᠪᠡᠭᠡᠵᠢᠩ — ᠱᠢᠨᠵᠢᠶᠠᠩ ᠬᠦᠷᠬᠦ ᠲᠦᠷᠭᠡᠨ ᠤ᠋ ᠵᠠᠰᠠᠮᠠᠯ ᠵᠠᠮ ᠤ᠋ᠨ ᠴᠢᠬᠤᠯᠠ ᠲᠤᠰᠠᠯᠠᠬᠤ ᠵᠠᠮ ᠪᠣᠯᠤᠭ᠍ᠰᠠᠨ ᠤ᠋ ᠬᠤᠪᠢ ᠪᠡᠷ ᠣᠷᠣᠨ ᠪᠦᠰᠡ ᠢ᠋ᠢᠨ ᠵᠠᠮ ᠬᠠᠷᠢᠯᠴᠠᠭ᠎ᠠ ᠢ᠋ᠢᠨ ᠲᠥᠪᠯᠡᠷᠡᠭᠦᠯᠵᠦ᠍ ᠲᠠᠷᠬᠠᠭᠠᠬᠤ ᠴᠢᠳᠠᠮᠵᠢ ᠢ᠋ᠢ ᠡᠭᠦᠷᠭᠡᠯᠡᠨ᠎ᠠ᠃ ᠲᠥᠷᠥᠯ ᠵᠦᠶ᠋ᠯ ᠢ᠋ ᠪᠠᠢᠭᠤᠯᠵᠤ ᠳᠠᠭᠤᠰᠤᠭ᠍ᠰᠠᠨ ᠤ᠋ ᠳᠠᠷᠠᠭ᠎ᠠ ᠣᠳᠣᠬᠠᠨ ᠤ᠋ ᠵᠠᠮ ᠬᠠᠷᠢᠯᠴᠠᠭᠠᠨ ᠤ᠋ ᠪᠣᠭᠣᠮᠢ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠵᠦ᠍᠂ ᠵᠠᠮ ᠳᠠᠭᠠᠤ ᠢ᠋ᠢᠨ ᠣᠯᠠᠨ ᠲᠦᠮᠡᠨ ᠤ᠋ ᠶᠠᠪᠤᠵᠤ ᠰᠠᠭᠤᠬᠤ ᠳ᠋ᠤ ᠳᠥᠭᠥᠮ ᠦᠵᠡᠭᠦᠯᠤᠨ᠂ ᠬᠥᠬᠡᠬᠣᠲᠠ ᠢ᠋ᠢᠨ ᠡᠷᠬᠢᠨ ᠲᠣᠭᠣᠷᠢᠨ ᠤ᠋ ᠵᠠᠮ ᠬᠠᠷᠢᠯᠴᠠᠭᠠᠨ ᠤ᠋ ᠣᠷᠴᠢᠨ ᠨᠦᠬᠦᠴᠡᠯ ᠢ᠋ ᠤᠯᠠᠮ ᠨᠢᠭᠡ ᠠᠯᠬᠤᠮ ᠰᠠᠢᠵᠢᠷᠠᠭᠤᠯᠵᠤ᠂ ᠪᠠᠷᠠᠭᠤᠨ ᠣᠷᠣᠨ ᠢ᠋ ᠶᠡᠬᠡ ᠪᠡᠷ ᠨᠡᠭᠡᠭᠡᠨ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ ᠢ᠋ᠢ ᠭᠦᠨᠵᠡᠭᠡᠶ ᠠᠬᠢᠭᠤᠯᠬᠤ᠂ ᠥᠪᠥᠷ ᠮᠣᠩᠭᠣᠯ ᠤ᠋ᠨ  ᠵᠠᠰᠠᠮᠠᠯ ᠵᠠᠮ ᠤ᠋ᠨ ᠲᠤᠤᠷ ᠢ᠋ ᠲᠡᠭᠦᠯᠳᠡᠷᠵᠢᠭᠦᠯᠬᠦ᠌᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠢ᠋ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠢ᠋ᠢ ᠠᠬᠢᠭᠤᠯᠬᠤ  ᠳ᠋ᠤ ᠴᠢᠬᠤᠯᠠ ᠦᠢᠯᠡᠳᠦᠯ ᠦᠵᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号