ᠥᠪᠥᠷ ᠮᠣᠩᠭᠣᠯ ᠱᠦᠶ᠋ᠨᠢ᠎ᠶ᠋ᠢᠨ ᠠᠵᠢᠯ ᠲᠥᠷᠥᠯ᠎ᠦᠨ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠬᠠᠮᠢᠶᠠᠷᠤᠯᠲᠠ᠎ᠵᠢ ᠲᠦᠷᠢᠮᠵᠢᠬᠦᠯᠬᠦ ᠠᠵᠢᠯ᠎ᠢ ᠦᠷᠭᠦᠯᠵᠢᠯᠡᠨ ᠠᠬᠢᠭᠤᠯᠪᠠ
2026-05-06 09:53:36
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠲᠦᠷᠦᠭᠦᠯᠡᠨ ᠨᠢᠭᠡᠳᠦᠯᠲᠡᠶ ᠲᠥᠯᠥᠪᠯᠡᠵᠦ᠍᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠱᠦᠶ᠋ᠨᠢ᠎ᠶ᠋ᠢᠨ ᠠᠵᠢᠯ ᠲᠥᠷᠥᠯ᠎ᠦᠨ ᠲᠦᠷᠢᠮᠵᠢᠭᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠬᠠᠮᠢᠶᠠᠷᠤᠯᠲᠠ᠎ᠶ᠋ᠢ ᠲᠦᠷᠢᠮᠵᠢᠬᠦᠯᠬᠦ  ᠵᠢ ᠬᠦᠴᠦᠨ ᠵᠢᠡᠨ ᠬᠠᠮᠲᠤᠳᠭᠠᠨ ᠠᠬᠢᠭᠤᠯᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠦ ᠪᠤᠢ᠃    

ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠵᠢᠯᠳᠠ᠎ᠶ᠋ᠢᠨ ᠲᠢᠩᠬᠢᠮ ᠨᠢᠭᠡ ᠲᠠᠯ᠎ᠠ᠎ᠪᠠᠷ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠦᠭᠡᠮᠡᠯᠵᠢᠭᠦᠯᠵᠦ᠍᠂ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠲᠣᠭᠠᠴᠠᠭ᠎ᠠ ᠬᠢᠬᠦ᠌ ᠪᠠᠷᠢᠮᠵᠢᠶ᠎ᠠ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠵᠠᠮ ᠵᠢᠴᠢ ᠡᠯ᠎ᠡ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠦᠢᠯᠡᠳᠪᠦᠷᠢᠯᠡᠯ᠎ᠤᠨ ᠴᠢᠳᠠᠪᠤᠷᠢ᠎ᠶ᠋ᠢ ᠬᠤᠪᠢᠷᠠᠭᠤᠯᠬᠤ ᠭᠤᠤᠯ ᠱᠠᠭᠠᠷᠳᠠᠯᠭ᠎ᠠ᠎ᠶ᠋ᠢ ᠨᠠᠷᠢᠯᠢᠬ᠍ᠵᠢᠭᠤᠯᠵᠠᠢ᠃ ᠰᠣᠯᠢᠬᠤ᠎ᠡᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠱᠦᠶ᠋ᠨᠢ᠎ᠶ᠋ᠢᠨ ᠨᠡᠢᠭᠡᠮᠯᠢᠭ᠎ᠲᠦ ᠨᠠᠢᠳᠠᠵᠤ ᠦᠢᠯᠡᠳᠪᠦᠷᠢᠯᠡᠯ᠎ᠤᠨ ᠴᠢᠳᠠᠪᠬᠢ᠎ᠶ᠋ᠢ ᠨᠥᠬᠥᠪᠥᠷᠢᠯᠡᠬᠦ᠌᠎ᠪᠡᠷ ᠪᠠᠢᠭ᠎ᠠ ᠦᠶ᠋ᠯᠡᠳᠪᠦᠷᠢᠯᠡᠯ᠎ᠦᠨ ᠱᠤᠭᠤᠮ᠎ᠤᠨ ᠪᠣᠳᠠᠲᠠᠶ ᠦᠢᠯᠡᠳᠪᠦᠷᠢᠯᠡᠯ᠎ᠦᠨ ᠬᠡᠮᠵᠢᠶ᠎ᠡ᠎ᠶ᠋ᠢ ᠬᠢᠨᠠᠨ ᠬᠠᠷᠭᠤᠭᠤᠯᠬᠤ᠎ᠶ᠋ᠢᠨ ᠬᠠᠮᠲᠤ ᠦᠢᠯᠡᠳᠪᠦᠷᠢᠯᠡᠯ᠎ᠦᠨ ᠲᠣᠭᠠᠴᠠᠭ᠎ᠠ ᠬᠢᠭ᠌ᠰᠡᠨ ᠮᠡᠳᠡᠭᠦᠯᠦᠯᠲᠡ ᠭᠠᠷᠭᠠᠵᠤ᠂ ᠡᠯ᠎ᠡ ᠠᠵᠤ ᠠᠬᠤᠢᠯᠠᠯ ᠡᠭᠦᠨ᠎ᠢ ᠦᠨᠳᠦᠰᠦᠯᠡᠨ ᠦᠢᠯᠡᠳᠪᠦᠷᠢᠯᠡᠯ᠎ᠤᠨ ᠴᠢᠳᠠᠪᠤᠷᠢ᠎ᠪᠠᠨ ᠨᠥᠬᠥᠪᠥᠷᠢᠯᠡᠵᠦ ᠪᠤᠢ᠃ ᠨᠥᠭᠥᠭᠡ ᠲᠠᠯ᠎ᠠ᠎ᠪᠠᠷ ᠦᠶ᠋ᠯᠡᠳᠪᠦᠷᠢᠯᠡᠯ᠎ᠦᠨ ᠱᠤᠭᠤᠮ᠎ᠢ ᠪᠠᠢᠴᠠᠭᠠᠨ ᠵᠢᠭ᠍ᠰᠠᠭᠠᠬᠤ᠂ ᠲᠥᠰᠦᠯ᠎ᠢ ᠰᠣᠯᠢᠬᠤ᠎ᠶ᠋ᠢ ᠡᠮᠬᠢᠯᠡᠬᠦ᠌ ᠵᠡᠷᠭᠡ ᠰᠠᠭᠤᠷᠢ ᠠᠵᠢᠯ᠎ᠢ ᠥᠷᠨᠢᠭᠦᠯᠵᠦ᠍᠂ ᠰᠠᠯᠠᠭ᠎ᠠ ᠮᠥᠴᠢᠷ ᠬᠢᠭᠡᠳ ᠠᠢᠮᠠᠭ ᠬᠣᠲᠠ᠎ᠶ᠋ᠢᠨ ᠬᠠᠮᠲᠤᠷᠠᠨ ᠬᠥᠳᠡᠯᠦᠯᠴᠡᠬᠦ᠌᠎ᠶ᠋ᠢ ᠴᠢᠩᠭᠠᠳᠭᠠᠨ᠂ ᠠᠵᠢᠯ᠎ᠤᠨ ᠬᠦᠴᠢᠷᠳᠡᠯ᠎ᠢ  ᠱᠢᠶ᠋ᠳᠪᠦᠷᠢᠯᠡᠵᠦ ᠪᠤᠢ᠃

ᠣᠳᠣᠬᠠᠨ᠎ᠳᠤ᠂ 7 ᠱᠦᠶ᠋ᠨᠢ᠎ᠶ᠋ᠢᠨ ᠢᠳᠡᠭᠡᠱᠢᠭ᠌ᠰᠡᠨ ᠮᠠᠲ᠋ᠧᠷᠢᠶᠠᠯ᠎ᠤᠨ ᠦᠶ᠋ᠯᠡᠳᠪᠦᠷᠢᠯᠡᠯ᠎ᠦᠨ ᠱᠤᠭᠤᠮ᠎ᠤᠨ ᠨᠥᠬᠥᠵᠦ᠍ ᠬᠤᠪᠢᠷᠠᠭᠤᠯᠬᠤ ᠲᠥᠰᠦᠯ᠎ᠦᠨ ᠠᠯᠪᠠᠨ ᠵᠠᠷᠯᠠᠯ᠎ᠢ ᠨᠢᠭᠡᠨᠲᠡ ᠨᠡᠢᠳᠡᠯᠡᠵᠦ᠍᠂ 2 ᠦᠶ᠋ᠯᠡᠳᠪᠦᠷᠢᠯᠡᠯ᠎ᠦᠨ ᠱᠤᠭᠤᠮ᠎ᠨᠢ ᠶᠠᠭ ᠨᠡᠢᠲᠡ᠎ᠳᠦ ᠵᠠᠷᠯᠠᠵᠤ ᠪᠣᠶ᠂ ᠣᠷᠣᠨ᠎ᠤ ᠳᠣᠲᠣᠷᠠᠬᠢ ᠦᠢᠯᠡᠳᠪᠦᠷᠢᠯᠡᠯ᠎ᠤᠨ ᠴᠢᠳᠠᠪᠤᠷᠢ ᠶ᠋ᠢ ᠨᠡᠢᠲᠡ ᠡᠳᠦᠷ ᠳᠤᠮᠳᠠᠴᠢ ᠪᠡᠷ 10834 ᠲᠣᠨ ᠨᠥᠬᠥᠪᠥᠷᠢᠯᠡᠵᠦ᠍᠂ ᠡᠳᠦᠷ ᠳᠤᠮᠳᠠᠴᠢ ᠪᠡᠷ 11266 ᠲᠣᠨ ᠦᠢᠯᠡᠳᠪᠦᠷᠢᠯᠡᠯ᠎ᠤᠨ ᠴᠢᠳᠠᠪᠤᠷᠢ (ᠣᠷᠣᠨ᠎ᠤ ᠭᠠᠳᠠᠨ᠎ᠠ ᠢᠳᠡᠭᠡᠱᠢᠭ᠌ᠰᠡᠨ ᠮᠠᠲ᠋ᠧᠷᠢᠶᠠᠯ᠎ᠢ ᠱᠢᠯᠵᠢᠭᠦᠯᠦᠨ ᠬᠤᠳᠠᠯᠳᠤᠬᠤ ᠡᠳᠦᠷ ᠳᠤᠮᠳᠠᠴᠢ᠎ᠶᠢᠨ 6300 ᠲᠣᠨ ᠪᠠᠭ᠍ᠲᠠᠨ᠎ᠠ) ᠵᠢ ᠬᠠᠰᠤᠵᠤ᠂ 6 ᠢᠳᠡᠭᠡᠱᠢᠭ᠌ᠰᠡᠨ ᠮᠠᠲ᠋ᠧᠷᠢᠶᠠᠯ᠎ᠤᠨ ᠦᠶ᠋ᠯᠡᠳᠪᠦᠷᠢᠯᠡᠯ᠎ᠦᠨ ᠱᠤᠭᠤᠮ᠎ᠢ ᠪᠠᠭᠠᠰᠬᠠᠵᠠᠢ᠃ 2025 ᠣᠨ᠎ᠤ ᠡᠴᠦᠰ ᠪᠣᠯᠲᠠᠯ᠎ᠠ᠂ ᠣᠷᠣᠨ᠎ᠤ ᠭᠠᠳᠠᠨ᠎ᠠ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠭᠦᠶ᠋ᠴᠡᠳᠭᠡᠯ ᠲᠣᠭ᠎ᠠ᠎ᠶ᠋ᠢ ᠨᠡᠢᠲᠡ 1477 ᠲᠦᠮᠡᠨ ᠲᠣᠨ ᠱᠢᠯᠵᠢᠭᠦᠯᠦᠨ ᠥᠭ᠌ᠴᠦ᠂ ᠠᠵᠤ ᠦᠶ᠋ᠯᠡᠰ᠎ᠦᠨ ᠪᠦᠲᠦᠴᠡ ᠵᠢ ᠦᠷᠭᠦᠯᠵᠢᠯᠡᠨ ᠱᠢᠯᠢᠳᠡᠭ᠌ᠵᠢᠬᠦᠯᠵᠠᠢ᠃

ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠡᠴᠡ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠱᠠᠯᠠᠪᠳᠠᠭᠤᠯᠤᠨ ᠵᠢᠯᠣᠭᠣᠳᠭᠤ ᠡᠷᠴᠢᠮ᠎ᠢᠶᠡᠨ ᠴᠢᠩᠭᠠᠷᠠᠭᠤᠯᠵᠤ᠂ ᠪᠣᠳᠠᠲᠠᠶ ᠦᠢᠯᠡᠳᠪᠦᠷᠢᠯᠡᠯ᠎ᠤᠨ ᠴᠢᠳᠠᠪᠤᠷᠢ ᠬᠢᠭᠡᠳ ᠪᠦᠷᠢᠳᠭᠡᠨ ᠳᠠᠩᠰᠠᠯᠠᠭᠤᠯᠤᠭ᠍ᠰᠠᠨ᠎ᠨᠢ  ᠨᠢᠭᠡᠳᠦᠯ  ᠥᠬᠡᠶ  ᠦᠶ᠋ᠯᠡᠳᠪᠦᠷᠢᠯᠡᠯ᠎ᠦᠨ ᠱᠤᠭᠤᠮ᠎ᠤᠨ ᠪᠠᠢᠳᠠᠯ᠎ᠢ ᠤᠯᠠᠮ ᠨᠢᠭᠡ ᠠᠯᠬᠤᠮ ᠲᠣᠳᠣᠷᠬᠠᠶ ᠣᠢᠯᠠᠭᠠᠵᠤ ᠂ ᠬᠥᠳᠡᠯᠦᠩᠭᠦᠶ ᠬᠠᠮᠢᠶᠠᠷᠤᠯᠲᠠ᠎ᠶ᠋ᠢ ᠥᠷᠨᠢᠭᠦᠯᠦᠨ᠂ ᠠᠵᠤ ᠠᠬᠤᠢᠯᠠᠯ᠎ᠢ ᠱᠠᠯᠠᠪᠳᠠᠭᠤᠯᠤᠨ 《ᠦᠶ᠋ᠯᠡᠳᠪᠦᠷᠢᠯᠡᠯ᠎ᠦᠨ ᠱᠤᠭᠤᠮ᠎ᠤᠨ ᠡᠳᠦᠷ᠎ᠦᠨ ᠦᠶ᠋ᠯᠡᠳᠪᠦᠷᠢᠯᠡᠬᠦ᠌ ᠬᠡᠮᠵᠢᠶ᠎ᠡ᠎ᠨᠢ ᠪᠦᠷᠢᠳᠭᠡᠨ ᠳᠠᠩᠰᠠᠯᠠᠭᠤᠯᠤᠭ᠍ᠰᠠᠨ ᠡᠳᠦᠷ᠎ᠦᠨ ᠦᠶ᠋ᠯᠡᠳᠪᠦᠷᠢᠯᠡᠬᠦ᠌  ᠬᠡᠮᠵᠢᠶ᠎ᠡ᠎ᠶ᠋ᠢᠨ 110% ᠡᠴᠡ ᠬᠡᠲᠦᠷᠡᠭᠦ ᠥᠬᠡᠶ᠎ᠪᠡᠷ ᠵᠣᠬᠢᠶᠠᠨ ᠪᠠᠢᠭᠤᠯᠤᠨ ᠦᠶ᠋ᠯᠡᠳᠪᠦᠷᠢᠯᠡᠭᠦ》 ᠵᠢ ᠱᠠᠭᠠᠷᠳᠠᠵᠦ ᠪᠤᠢ᠃ ᠡᠭᠦᠨ᠎ᠦ ᠬᠠᠮᠲᠤ᠂ ᠠᠵᠢᠯ ᠲᠥᠷᠥᠯ᠎ᠦᠨ ᠨᠡᠢᠭᠡᠮᠯᠢᠭ᠎ᠦᠨ ᠦᠶ᠋ᠯᠡᠳᠦᠯ᠎ᠢ ᠪᠠᠳᠠᠷᠠᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠤᠭᠤᠱᠢᠯᠠᠭᠤᠯᠬᠤ ᠪᠠ ᠬᠥᠲᠥᠯᠦᠨ ᠵᠢᠯᠣᠭᠣᠳᠭᠤ᠎ᠶ᠋ᠢ ᠴᠢᠩᠭᠠᠳᠭᠠᠵᠤ᠂ ᠠᠵᠤ ᠠᠬᠤᠢᠯᠠᠯ᠎ᠢ ᠬᠠᠪᠰᠤᠷᠤᠨ ᠦᠢᠯᠡᠳᠪᠦᠷᠢᠯᠡᠯ᠎ᠤᠨ ᠴᠢᠳᠠᠪᠦᠷᠢ ᠨᠥᠬᠥᠪᠥᠷᠢᠯᠡᠬᠦ᠌ ᠬᠠᠮᠢᠶ᠎ᠠ ᠪᠥᠬᠥᠶ ᠠᠵᠢᠯ᠎ᠢ ᠲᠦᠷᠭᠡᠬᠡᠨ ᠪᠡᠶᠡᠯᠡᠭᠦᠯᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号