ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ 《〈ᠥᠪᠥᠷ ᠮᠣᠩᠭᠣᠯ᠎ᠤᠨ ᠪᠤᠭᠤᠷᠤᠯᠴᠤᠳ᠎ᠤᠨ ᠬᠢᠯᠪᠠᠭ᠎ᠠ〉ᠠᠵᠢᠯᠯᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠢ ᠵᠣᠬᠢᠶᠠᠨ ᠪᠠᠢᠭᠤᠯᠤᠨ ᠬᠥᠲᠥᠯᠥᠨ ᠵᠢᠯᠣᠭᠣᠳᠴᠤ᠌ ᠳᠠᠪᠠᠭᠤᠯᠢᠭ ᠦᠶ᠋ᠯᠡᠳᠦᠯ᠎ᠢ᠎ᠨᠢ ᠪᠠᠳᠠᠷᠠᠭᠤᠯᠵᠤ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠲᠤᠬᠠᠶ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠪᠠ᠃
《ᠬᠡᠷᠡᠭ᠌ᠵᠢᠭᠦᠯᠬᠦ᠌ ᠲᠥᠰᠦᠯ》 ᠳ᠋ᠤ᠂ ᠳᠥᠷᠪᠡᠨ ᠲᠠᠯ᠎ᠠ᠎ᠵᠢᠨ 20 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠠᠵᠢᠯ᠎ᠠᠴᠠ᠎ᠪᠠᠨ ᠳᠠᠷᠬᠠᠯᠠᠭ᠍ᠳᠠᠬᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠤᠯᠤᠰ ᠲᠥᠷᠥ᠎ᠶ᠋ᠢᠨ ᠳᠠᠪᠠᠭᠤᠯᠢᠭ᠂ ᠲᠤᠷᠱᠢᠯᠭ᠎ᠠ᠎ᠶ᠋ᠢᠨ ᠳᠠᠪᠠᠭᠤᠯᠢᠭ ᠪᠠ ᠨᠡᠷ᠎ᠡ ᠬᠦᠨᠳᠦ᠍᠎ᠶ᠋ᠢᠨ ᠳᠠᠪᠠᠭᠤᠯᠢᠭ᠎ᠢ ᠣᠨᠣᠪᠴᠢᠲᠠᠶ ᠪᠠᠳᠠᠷᠠᠭᠤᠯᠬᠤ᠎ᠵᠢ ᠲᠤᠳᠤᠷᠬᠠᠢᠯᠠᠪᠠ᠃ ᠡᠬᠦᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠂ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠳᠤ ᠳᠠᠪᠠᠭᠤᠯᠢᠭ ᠦᠢᠯᠡᠳᠦᠯ ᠵᠢᠡᠨ ᠪᠠᠳᠠᠷᠠᠭᠤᠯᠬᠤ ᠬᠡᠷᠡᠭᠲᠡᠢ; ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠡᠬᠡ ᠲᠠᠯ᠎ᠠ᠎ᠳᠤ ᠦᠢᠯᠡᠴᠢᠯᠡᠬᠦ᠌ ᠳᠤᠮᠳᠠ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ;《ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ》᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠤᠮᠳᠠ ᠪᠤᠭᠤᠷᠤᠯᠴᠤᠳ᠎ᠤᠨ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ;ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠥᠷᠥ᠎ᠶ᠋ᠢᠨ ᠮᠥᠨ ᠴᠢᠨᠠᠷ᠎ᠢᠶᠠᠨ ᠡᠭᠦᠷᠢᠳᠡ ᠬᠠᠳᠠᠭᠠᠯᠠᠬᠤ᠂ ᠬᠤᠪᠢᠰᠭᠠᠯᠲᠤ ᠤᠳᠤᠮᠱᠢᠯ᠎ᠢ ᠤᠯᠠᠮᠵᠢᠯᠠᠨ ᠵᠠᠯᠭᠠᠮᠵᠢᠯᠠᠬᠤ ᠳᠤᠮᠳᠠ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠬᠦ ᠬᠡᠷᠡᠭᠲᠡᠢ ᠭᠡᠵᠡᠢ᠃
《ᠬᠡᠷᠡᠭ᠌ᠵᠢᠭᠦᠯᠬᠦ᠌ ᠲᠥᠰᠦᠯ》᠎ᠳ᠋ᠤ᠂ ᠬᠥᠮᠦᠵᠢᠬᠦᠯᠦᠨ ᠪᠤᠯᠪᠠᠰᠤᠷᠠᠭᠤᠯᠵᠦ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠣᠯᠠᠨ ᠵᠦᠶ᠋ᠯ᠎ᠦᠨ ᠬᠡᠯᠪᠡᠷᠢ᠎ᠪᠡᠷ ᠤᠯᠤᠰ ᠲᠥᠷᠥ᠎ᠶ᠋ᠢᠨ ᠣᠨᠣᠯ᠎ᠤᠨ ᠰᠤᠷᠤᠯᠴᠠᠯᠭ᠎ᠠ᠎ᠶ᠋ᠢ ᠥᠷᠨᠢᠭᠦᠯᠵᠦ᠍᠂ ᠰᠤᠷᠭᠠᠨ ᠬᠥᠮᠦᠵᠢᠬᠦᠯᠵᠦ ᠰᠠᠨᠠᠭᠤᠯᠬᠤ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠪᠥᠬᠥ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠰᠠᠢᠲᠤᠷ ᠬᠦᠢᠴᠡᠳᠭᠡᠬᠦ᠌ ᠬᠡᠷᠡᠭ᠌ᠲᠡᠶ; ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠰᠠᠢᠲᠤᠷ ᠬᠢᠵᠦ᠍᠂ ᠤᠷᠮᠠᠱᠢᠭᠤᠯᠬᠤ ᠲᠥᠷᠥ᠎ᠶ᠋ᠢᠨ ᠪᠣᠳᠣᠯᠭ᠎ᠠ ᠬᠢᠭᠡᠳ ᠬᠠᠷᠠᠭᠠᠯᠵᠠᠯ᠎ᠤᠨ ᠱᠢᠰᠲ᠋ᠧᠮ᠎ᠢ ᠪᠠᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠲᠠᠪᠴᠠᠩ᠎ᠢ ᠪᠠᠢᠭᠤᠯᠵᠤ᠂ ᠪᠤᠭᠤᠷᠤᠯᠴᠤᠳ᠎ᠤᠨ ᠴᠢᠳᠠᠪᠤᠷᠢᠲᠠᠨ᠎ᠤ ᠬᠥᠮᠥᠷᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠬᠦ᠌ ᠬᠡᠷᠡᠭ᠌ᠲᠡᠶ; ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠰᠠᠨᠠᠭᠠᠴᠢᠯᠠᠭ᠎ᠠ᠎ᠠᠴᠠ᠎ᠪᠠᠨ ᠬᠠᠷᠢᠭᠤ ᠮᠡᠳᠡᠭᠦᠯᠵᠦ᠍᠂ ᠡᠯ᠎ᠡ ᠲᠠᠯ᠎ᠠ᠎ᠶ᠋ᠢᠨ᠎ᠬᠢᠨ᠎ᠲᠡᠶ ᠵᠣᠯᠭᠠᠯᠴᠠᠵᠦ᠂ ᠪᠤᠭᠤᠷᠤᠯᠴᠤᠳ᠎ᠤᠨ ᠬᠣᠱᠢᠭᠤᠴᠢ ᠦᠶ᠋ᠯᠡ ᠠᠵᠢᠯᠯᠠᠭ᠎ᠠ᠎ᠶ᠋ᠢ ᠠᠭᠤᠳᠠᠯᠤᠨ ᠤᠬᠠᠭᠤᠯᠵᠤ᠂ ᠤᠨᠴᠠᠯᠢᠬ᠍ᠳᠤ ᠠᠵᠢᠯ᠎ᠤᠨ ᠲᠥᠷᠥᠯ ᠲᠡᠮᠳᠡᠭ᠎ᠢ ᠡᠭᠦᠳᠴᠦ᠍᠂ 《ᠦᠪᠦᠷ ᠮᠤᠩᠭᠤᠯ᠎ᠤᠨ ᠪᠤᠭᠤᠷᠤᠯᠴᠤᠳ᠎ᠤᠨ ᠬᠢᠯᠪᠠᠭ᠎ᠠ》ᠠᠵᠢᠯᠯᠠᠭ᠎ᠠ᠎ᠳᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠠᠵᠢᠯ᠎ᠤᠨ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃