ᠴᠠᠭ ᠠᠭᠤᠷ ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢ᠎ᠶ᠋ᠢᠨ ᠣᠳᠣᠬᠢᠴᠢᠯᠠᠯᠲᠠ ᠬᠢᠭᠡᠳ ᠨᠡᠢᠭᠡᠮ᠎ᠦᠨ ᠦᠶ᠋ᠯᠡᠴᠢᠯᠡᠭᠡᠨ᠎ᠦ ᠣᠳᠣᠬᠢᠴᠢᠯᠠᠯᠲᠠ᠎ᠶ᠋ᠢ ᠠᠬᠢᠭᠤᠯᠤᠨ᠎ᠠ
2026-05-06 11:25:24
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠾᠧ ᠱᠢᠶᠤᠤ
ᠣᠩᠱᠢᠭ᠍ᠰᠠᠨ ᠣᠳᠠᠭ᠎ᠠ᠄
★★★☆☆

— ᠲᠥᠷᠥ ᠎ᠶ᠋ᠢᠨ ᠶᠠᠪᠤᠳᠠᠯ ᠎ᠤᠨ ᠬᠣᠷᠢᠶ᠎ᠠ ᠵᠢᠨ ᠰᠣᠨᠢᠨ ᠮᠡᠳᠡᠭᠡᠨ ᠎ᠦ ᠠᠯᠪᠠᠨ ᠬᠡᠷ ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ ᠨᠢ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠎ᠳᠤ ᠴᠠᠭ ᠠᠭᠤᠷ ᠎ᠤᠨ ᠴᠢᠨᠠᠷ ᠰᠠᠢᠲᠠᠶ ᠬᠥᠭ᠌ᠵᠢᠯᠲᠡ ᠎ᠶ᠋ᠢ ᠲᠦᠷᠭᠡᠳᠭᠡᠨ ᠠᠬᠢᠭᠤᠯᠬᠤ  ᠎ᠳ᠋ᠤ ᠠᠩᠬᠠᠷᠤᠯ ᠎ᠢᠶᠠᠨ ᠲᠥᠪᠯᠡᠷᠡᠭᠦᠯᠪᠠ


ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ ᠤᠢᠷ᠎ᠠ ᠳ᠋ᠦ᠂ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠠᠢᠨ ᠡᠬᠢᠯᠡᠯᠳᠡ ᠲᠤᠷᠪᠢᠯᠢᠭ ᠠᠯᠬᠤᠭ᠎ᠠ》 ᠰᠢᠷᠢᠰ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠎ᠶ᠋ᠢᠨ ᠬᠤᠯᠪᠤᠬᠳᠠᠯ ᠪᠥᠬᠥᠶ ᠬᠠᠷᠢᠭᠤᠴᠠᠯᠭᠠᠲᠠᠨ᠎ᠡᠴᠡ《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠳᠤ ᠴᠠᠭ ᠠᠭᠤᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠤᠯᠤᠰ ᠤᠷᠤᠨ ᠳ᠋ᠤ ᠦᠢᠯᠡᠴᠢᠯᠡᠬᠦ ᠠᠷᠠᠳ ᠲᠦᠮᠡᠨ᠎ᠳᠦ ᠦᠶ᠋ᠯᠡᠴᠢᠯᠡᠬᠦ᠌᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠪᠠᠲᠤᠯᠠᠬᠤ ᠬᠤᠯᠪᠤᠬᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃

ᠬᠠᠴᠢᠨ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ

ᠤᠢ᠍ᠢᠷ᠎ᠠ᠎ᠶ᠋ᠢᠨ ᠵᠢᠯ᠎ᠳ᠋ᠤ᠂ ᠬᠠᠴᠢᠨ ᠴᠠᠭ ᠠᠭᠤᠷ ᠤᠯᠠᠨ ᠡᠭᠦᠰᠴᠦ᠍᠂ ᠠᠵᠤ ᠠᠬᠤᠢ᠎ᠶ᠋ᠢᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠳᠤ ᠪᠠᠭ᠎ᠠ ᠪᠤᠰᠤ ᠨᠥᠯᠥᠭᠡ ᠦᠵᠡᠭᠦᠯᠪᠡ᠃ ᠳᠤᠮᠳᠠᠳᠤ ᠤᠯᠤᠰ᠎ᠤᠨ ᠴᠠᠭ ᠠᠭᠤᠷ ᠎ᠤᠨ ᠲᠣᠪᠴᠢᠶ᠎ᠠ᠎ᠶ᠋ᠢᠨ ᠳᠠᠷᠤᠭ᠎ᠠ ᠴᠧᠨ ᠵᠧᠨ ᠯᠢᠨ᠂《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌᠂ ᠤᠷᠢᠳᠴᠢᠯᠠᠨ ᠰᠡᠷᠡᠮᠵᠢᠯᠡᠭᠦᠯᠬᠦ᠌《ᠴᠤᠤᠷᠢᠶᠠᠳᠤᠨ ᠲᠠᠭᠠᠬᠤ》᠂ ᠪᠠᠴᠢᠮ ᠪᠠᠢᠳᠠᠯ᠎ᠢ ᠠᠷᠭᠠᠴᠠᠭᠠᠬᠤ ᠬᠣᠯᠪᠣᠭᠠᠯᠠᠨ ᠬᠥᠳᠡᠯᠦᠯᠴᠡᠬᠦ᠌ ᠪᠠ ᠠᠭᠤᠷ ᠠᠮᠢᠰᠭᠤᠯ᠎ᠤᠨ ᠵᠣᠬᠢᠴᠠᠬᠤ ᠴᠢᠨᠠᠷᠲᠠᠶ ᠲᠤᠯᠭᠠᠭᠤᠷᠢᠯᠠᠯ ᠵᠡᠷᠭᠡ ᠪᠥᠬᠥ᠌ ᠬᠡᠯᠬᠢᠶ᠎ᠡ᠎ᠡᠴᠡ ᠲᠥᠪᠯᠡᠷᠡᠭᠦᠯᠦᠨ ᠬᠦᠴᠦᠯᠡᠵᠦ᠍᠂ ᠬᠠᠴᠢᠨ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ ᠭᠡᠵᠤ ᠢᠯᠡᠳᠭᠡᠪᠡ᠃

ᠵᠢᠱ᠌ᠢᠶᠡᠯᠡᠪᠡᠯ᠂ ᠬᠢᠨᠠᠨ ᠬᠡᠮᠵᠢᠬᠦ᠌ ᠲᠠᠯ᠎ᠠ᠎ᠪᠠᠷ ᠨᠠᠩ ᠴᠤ᠌ 《ᠨᠠᠷᠢᠯᠢᠭ ᠪᠥᠭᠡᠳ ᠰᠡᠷᠭᠡᠭ》 ᠪᠠᠢᠬᠤ ᠪᠣᠯᠤᠨ᠎ᠠ᠃ ᠭᠠᠶ ᠭᠠᠮᠱᠢᠭ᠎ᠲᠤ ᠠᠮᠠᠷᠬᠠᠨ ᠨᠥᠯᠥᠭᠡᠯᠡᠭ᠌ᠳᠡᠬᠦ᠌ ᠠᠭᠤᠯᠠᠨ ᠦᠶᠡᠷ ᠭᠠᠵᠠᠷ᠎ᠤᠨ ᠭᠠᠮᠱᠢᠭ ᠠᠮᠠᠷᠬᠠᠨ ᠡᠭᠦᠰᠭᠦ ᠣᠷᠣᠨ᠂ ᠵᠠᠮ ᠬᠠᠷᠢᠯᠴᠠᠭᠠᠨ᠎ᠤ ᠭᠤᠤᠯ ᠱᠤᠭᠤᠮ᠂ ᠬᠥᠮᠦᠨ ᠬᠠᠷ᠎ᠠ ᠣᠯᠠᠨ ᠴᠤᠭ᠍ᠯᠠᠷᠠᠬᠤ᠂ ᠠᠭᠤᠯᠠ ᠤᠰᠤ᠎ᠲᠠᠶ ᠬᠣᠯᠪᠣᠭ᠍ᠳᠠᠬᠤ ᠵᠡᠷᠭᠡ ᠲᠦᠭ᠌ᠰᠢᠭᠦᠷᠢ ᠶᠡᠬᠡᠲᠡᠶ ᠣᠷᠣᠨ᠎ᠳᠤ ᠴᠠᠭ ᠠᠭᠤᠷ ᠎ᠤᠨ ᠠᠵᠢᠭ᠍ᠯᠠᠯᠲᠠ᠎ᠶ᠋ᠢ ᠨᠢᠭ᠍ᠲᠠᠷᠠᠭᠤᠯᠵᠤ᠂ ᠪᠠᠯᠠᠶ ᠴᠡᠭ᠎ᠢ ᠨᠥᠬᠥᠪᠥᠷᠢᠯᠡᠵᠦ᠍᠂ ᠡᠬᠢ ᠡᠭᠦᠰᠦᠯ᠎ᠡᠴᠡ ᠨᠢ 《 ᠡᠷᠲᠡ ᠢᠯᠡᠷᠡᠭᠦᠯᠬᠦ᠌ 》 ᠶ᠋ᠢ ᠪᠡᠶᠡᠯᠡᠭᠦᠯᠤᠨ᠎ᠠ᠃

《 ᠡᠭᠦᠨ᠎ᠡᠴᠡ ᠭᠠᠳᠠᠨ᠎ᠠ᠂ ᠪᠢᠳᠡ ᠠᠭᠤᠷ ᠠᠮᠢᠰᠭᠤᠯ᠎ᠤᠨ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌᠎ᠶ᠋ᠢ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠲᠥᠯᠥᠪᠵᠢᠭᠦᠯᠭᠡ᠂ ᠴᠢᠬᠤᠯᠠ ᠶᠡᠬᠡ ᠲᠥᠷᠥᠯ ᠵᠦᠶ᠋ᠯ᠎ᠦᠨ ᠨᠤᠲᠠᠯᠠᠯᠲᠠ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠲᠤᠯᠭᠠᠭᠤᠷᠢᠯᠠᠯ ᠪᠣᠯᠭᠠᠵᠤ᠂ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠵᠠᠭ᠍ᠪᠤᠷ᠎ᠢ ᠤᠷᠢᠳᠴᠢᠯᠠᠨ ᠰᠡᠷᠭᠡᠢᠯᠡᠬᠦ᠌ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠠᠶᠤᠯ ᠲᠦᠭ᠌ᠰᠢᠭᠦᠷᠢ᠎ᠶ᠋ᠢ ᠬᠠᠮᠲᠤ᠎ᠪᠠᠷ ᠰᠡᠷᠭᠡᠢᠯᠡᠬᠦ᠌ ᠪᠠ ᠬᠥᠩᠭᠡᠷᠡᠭᠦᠯᠦᠨ᠎ᠡ 》 ᠭᠡᠵᠦ᠍ ᠴᠧᠨ ᠵᠧᠨ ᠯᠢᠨ ᠬᠡᠯᠡᠪᠡ᠃

ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠨᠢᠳᠤᠨᠤᠨ ᠪᠥᠬᠥ᠌ ᠠᠷᠠᠳ᠎ᠲᠤ ᠤᠷᠢᠳᠴᠢᠯᠠᠨ ᠰᠡᠷᠡᠮᠵᠢᠯᠡᠭᠦᠯᠬᠦ᠌ ᠳᠤᠮᠳᠠᠳᠤ ᠤᠯᠤᠰ᠎ᠤᠨ ᠠᠩᠬᠠᠨ᠎ᠤ ᠲᠥᠰᠦᠯ《ᠮᠠ ᠽᠦ(MAZU)》ᠶ᠋ᠢ ᠠᠯᠪᠠᠨ ᠶᠣᠰᠣᠭᠠᠷ ᠨᠡᠢᠲᠡᠯᠡᠪᠡ᠂ ᠲᠣᠰ ᠲᠥᠰᠦᠯ ᠪᠣᠯ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠥᠬᠥ᠌ ᠠᠷᠠᠳ᠎ᠲᠤ ᠤᠷᠢᠳᠴᠢᠯᠠᠨ ᠰᠡᠷᠡᠮᠵᠢᠯᠡᠭᠦᠯᠬᠦ᠌ ᠰᠠᠨᠠᠭᠠᠴᠢᠯᠠᠭ᠎ᠠ᠎ᠶ᠋ᠢ ᠴᠤᠤᠷᠢᠶᠠᠲᠤᠭ᠍ᠰᠠᠨ ᠳᠡᠯᠡᠬᠡᠶ ᠳᠡᠭᠡᠷᠡᠬᠢ ᠠᠩᠬᠠᠳᠠᠭ᠍ᠴᠢ ᠤᠯᠤᠰ᠎ᠤᠨ ᠲᠠᠰ᠎ᠤᠨ ᠠᠵᠢᠯᠯᠠᠭᠠᠨ᠎ᠤ ᠲᠥᠰᠦᠯ ᠪᠣᠯᠤᠨ᠎ᠠ᠃ ᠲᠠᠨᠢᠯᠴᠠᠭᠤᠯᠤᠭ᠍ᠰᠠᠨ᠎ᠢᠶᠠᠷ᠂ ᠨᠢᠭᠡᠨᠲᠡ 40 ᠭᠠᠷᠤᠶ ᠤᠯᠤᠰ᠎ᠤᠨ ᠴᠠᠭ ᠠᠭᠤᠷ᠎ᠤᠨ ᠰᠠᠯᠠᠭ᠎ᠠ ᠮᠥᠴᠢᠷ ᠡᠭᠦᠯᠡᠨ ᠦᠵᠦᠭᠦᠷᠯᠢᠭ᠎ᠢᠶᠡᠷ ᠳᠠᠮᠵᠢᠭᠤᠯᠤᠨ《ᠮᠠ ᠽᠦ(MAZU)》ᠶ᠋ᠢᠨ ᠡᠬᠢᠨ᠎ᠦ ᠦᠶ᠎ᠡ᠎ᠶ᠋ᠢᠨ ᠤᠷᠢᠳᠴᠢᠯᠠᠨ ᠰᠡᠷᠡᠮᠵᠢᠯᠡᠭᠦᠯᠬᠦ᠌ ᠲᠤᠬᠠᠢᠯᠠᠭ᠍ᠰᠠᠨ ᠠᠵᠢᠯ᠎ᠤᠨ ᠦᠶ᠋ᠯᠡᠳᠬᠦᠨ᠎ᠢ ᠬᠡᠷᠡᠭ᠌ᠯᠡᠵᠦ᠍᠂ ᠵᠠᠬᠢᠶᠠᠯᠠᠨ ᠦᠶ᠋ᠯᠡᠳᠦᠭ᠌ᠰᠡᠨ ᠦᠶ᠋ᠯᠡᠳᠬᠦᠨ᠎ᠨᠢ ᠴᠦ᠍ ᠫᠠᠺᠢᠰᠲ᠋ᠠᠨ᠂ ᠡᠸᠽᠢᠤᠫᠢᠶ᠎ᠠ᠂ ᠰᠤᠯᠤᠮᠤᠨ ᠣᠯᠲᠣᠷᠢᠭ ᠵᠡᠷᠭᠡ 7 ᠤᠯᠤᠰ᠎ᠲᠤ ᠨᠤᠲᠤᠭ᠍ᠰᠢᠵᠤ᠂ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠪᠠ ᠴᠢᠬᠤᠯᠠ ᠶᠡᠬᠡ ᠠᠵᠢᠯᠯᠠᠭ᠎ᠠ᠎ᠶ᠋ᠢᠨ ᠪᠠᠲᠤᠯᠠᠭ᠎ᠠ ᠳᠤᠮᠳᠠ ᠦᠷ᠎ᠡ ᠪᠦᠲᠦᠮᠵᠢ ᠤᠯᠪᠠ᠃

《ᠪᠢᠳᠡ ᠳᠡᠯᠡᠬᠡᠢ᠎ᠶ᠋ᠢᠨ ᠴᠠᠭ ᠠᠭᠤᠷ᠎ᠤᠨ ᠵᠣᠬᠢᠶᠠᠨ ᠪᠠᠢᠭᠤᠯᠤᠯᠲᠠ ᠵᠡᠷᠭᠡ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠬᠤᠯᠪᠤᠬᠳᠠᠯ ᠪᠦᠬᠦᠢ ᠪᠠᠢᠭᠤᠯᠤᠮᠵᠢ᠎ᠯᠤᠭ᠎ᠠ᠎ᠶ᠋ᠢᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠂ ᠠᠮᠤ ᠪᠤᠳᠠᠭᠠᠨ᠎ᠤ ᠠᠮᠤᠷ ᠲᠦᠪᠱᠢᠨ ᠵᠢᠴᠢ ᠬᠥᠮᠦᠯᠢᠭ ᠦᠵᠡᠯ᠎ᠦᠨ ᠠᠪᠤᠷᠠᠨ ᠲᠤᠰᠠᠯᠠᠯᠲᠠ ᠵᠡᠷᠭᠡ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠠᠳᠠᠯᠢ ᠪᠤᠰᠤ ᠤᠯᠤᠰ᠎ᠤᠨ ᠬᠡᠷᠡᠭ᠌ᠴᠡᠭᠡ᠎ᠶ᠋ᠢ ᠦᠨᠳᠦᠰᠦᠯᠡᠨ〈ᠮᠠ ᠽᠦ᠋(MAZU)〉ᠲᠥᠰᠦᠯ᠎ᠢ ᠲᠠᠰᠤᠷᠠᠯᠳᠠ ᠦᠭᠡᠢ ᠲᠡᠰ ᠳᠡᠪᠱᠢᠭᠦᠯᠵᠦ᠍᠂ ᠪᠦᠬᠦ᠌ ᠪᠥᠮᠪᠥᠷᠴᠡᠭ᠎ᠦᠨ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠪᠠ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠴᠢᠳᠠᠪᠤᠷᠢ᠎ᠶ᠋ᠢ ᠦᠷᠭᠦᠯᠵᠢᠯᠡᠨ ᠨᠡᠮᠡᠭ᠌ᠳᠡᠭᠦᠯᠵᠦ᠍᠂ ᠳᠤᠮᠳᠠᠳᠤ ᠤᠯᠤᠰ᠎ᠤᠨ ᠠᠵᠤ ᠠᠬᠤᠢᠯᠠᠯ ᠪᠣᠯᠤᠨ ᠠᠷᠠᠳ ᠢᠷᠭᠡᠳ ᠤ᠋ᠨ ᠭᠠᠳᠠᠭᠠᠳᠤ᠎ᠳᠠᠬᠢ ᠴᠠᠭ ᠠᠭᠤᠷ᠎ᠤᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠴᠢᠩᠭᠠᠳᠭᠠᠨ᠎ᠠ》ᠭᠡᠵᠦ᠍ ᠴᠧᠨ ᠵᠧᠨ ᠯᠢᠨ ᠬᠡᠯᠡᠪᠡ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠨ᠎ᠡ

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠪᠣᠯ ᠴᠠᠭ ᠠᠭᠤᠷ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠦᠨᠳᠦᠰᠦᠨ ᠲᠤᠯᠭᠠᠭᠤᠷᠢᠯᠠᠯ ᠮᠥᠨ᠃ ᠴᠠᠭ ᠠᠭᠤᠷ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ᠌᠎ᠶ᠋ᠢ ᠴᠢᠩᠭᠠᠳᠭᠠᠵᠤ᠂ 《ᠹᠸᠩ ᠯᠸᠢ》᠂《 ᠹᠸᠩ ᠴᠢᠩ》᠂ 《ᠹᠸᠩ ᠱᠦᠨ》 ᠵᠡᠷᠭᠡ 0 ᠡᠴᠡ 60 ᠡᠳᠦᠷ ᠵᠠᠪᠰᠠᠷ ᠥᠬᠡᠶ ᠪᠦᠷᠭᠦᠭᠰᠡᠨ ᠵᠣᠬᠢᠶᠠᠮᠠᠯ ᠣᠶᠤᠨ ᠴᠢᠳᠠᠪᠤᠷᠢ᠎ᠶ᠋ᠢᠨ ᠴᠠᠭ ᠠᠭᠤᠷ᠎ᠤᠨ ᠤᠷᠢᠳᠴᠢᠯᠠᠨ ᠮᠡᠳᠡᠭᠡᠯᠡᠬᠦ᠌ ᠵᠠᠭ᠍ᠪᠤᠷ᠎ᠤᠨ ᠱᠢᠰᠲ᠋ᠧᠮ᠎ᠢ ᠨᠡᠢᠲᠡᠯᠡᠪᠡ ᠁ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠰᠥᠩ ᠱᠠᠨ ᠶᠦᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ《ᠵᠣᠬᠢᠶᠠᠮᠠᠯ ᠣᠶᠤᠨ ᠴᠢᠳᠠᠪᠤᠷᠢ + ᠴᠠᠭ ᠠᠭᠤᠷ》 ᠎ᠢ᠋ ᠦᠷᠭᠦᠯᠵᠢᠯᠡᠨ ᠠᠬᠢᠭᠤᠯᠵᠤ᠂ ᠱᠢᠨ᠎ᠡ᠎ᠶ᠋ᠢ ᠡᠭᠦᠳᠬᠦ᠌ ᠥᠨᠳᠥᠷᠯᠢᠭ ᠢ᠋ ᠴᠣᠭ᠍ᠴᠠᠯᠠᠵᠤ᠂ ᠪᠣᠭᠣᠮᠲᠠ ᠱᠢᠪᠲᠤᠯᠬᠤ ᠭᠤᠤᠯᠯᠠᠬᠤ ᠮᠡᠷᠭᠡᠵᠢᠯ᠎ᠢ ᠡᠭᠦᠳᠴᠦ᠍᠂ ᠠᠬᠤᠶ ᠲᠠᠯᠠᠪᠠᠶ᠎ᠶ᠋ᠢᠨ ᠬᠡᠷᠡᠭ᠌ᠯᠡᠭᠡ᠎ᠶ᠋ᠢ ᠭᠦᠨᠵᠡᠭᠡᠢᠷᠡᠭᠦᠯᠵᠦ᠍᠂ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠥᠷᠭᠡᠳᠭᠡᠨ᠎ᠡ ᠭᠡᠵᠤ ᠲᠠᠨᠢᠯᠴᠠᠭᠤᠯᠪᠠ᠃

《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠤ᠂ ᠴᠠᠭ ᠠᠭᠤᠷ᠎ᠢ ᠠᠵᠢᠭ᠍ᠯᠠᠨ ᠬᠡᠮᠵᠢᠬᠦ᠌ ᠴᠢᠳᠠᠪᠤᠷᠢ᠎ᠪᠠᠨ ᠬᠡᠷᠬᠢᠨ ᠳᠡᠭᠡᠭ᠌ᠰᠢᠯᠡᠭᠦᠯᠵᠦ᠍᠂ ᠴᠠᠭ ᠠᠭᠤᠷ᠎ᠤᠨ ᠳᠠᠭᠠᠭᠤᠯᠢ ᠤᠳᠤ᠂ ᠴᠠᠭ ᠠᠭᠤᠷ᠎ᠤᠨ ᠷᠠᠳᠠᠷ ᠵᠡᠷᠭᠡ《ᠤᠯᠤᠰ᠎ᠤᠨ ᠴᠢᠬᠤᠯᠠ ᠲᠣᠨᠣᠭ᠍ᠯᠠᠯ》 ᠤ᠋ᠨ ᠦᠢᠯᠡᠳᠦᠯ᠎ᠢ ᠬᠡᠷᠬᠢᠨ ᠨᠡᠩ ᠰᠠᠢᠲᠤᠷ ᠪᠠᠳᠠᠷᠠᠭᠤᠯᠵᠤ᠂ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠢ ᠰᠠᠬᠢᠨ ᠬᠠᠮᠠᠭᠠᠯᠠᠬᠤ ᠪᠤᠢ?

ᠲᠤᠢᠯ᠎ᠦᠨ ᠵᠢᠮᠳᠤ ᠳᠠᠭᠠᠭᠤᠯᠢ ᠣᠳᠣᠨ᠎ᠤ ᠪᠠᠢᠷᠢᠱᠢᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ 《ᠥᠷᠯᠥᠭᠡ ᠡᠷᠳᠡ᠂ ᠦᠳᠡ᠎ᠶ᠋ᠢᠨ ᠡᠮᠦᠨ᠎ᠡ᠂ ᠦᠳᠡ᠎ᠶ᠋ᠢᠨ ᠬᠣᠢᠨ᠎ᠠ᠂ ᠬᠡᠯᠪᠡᠢᠬᠦ᠌ 》 ᠳᠥᠷᠪᠡᠨ ᠵᠤᠷᠪᠤᠰ ᠣᠢᠷ᠎ᠠ ᠵᠢᠮ᠎ᠦᠨ ᠲᠣᠭ᠍ᠲᠠᠭᠤᠨ ᠬᠢᠨᠠᠨ ᠬᠡᠮᠵᠢᠯᠲᠡ᠎ᠶ᠋ᠢ ᠪᠠᠲᠤᠯᠠᠨ᠎ᠠ ; ᠬᠠᠮᠵᠢᠯᠴᠠᠨ ᠠᠵᠢᠭ᠍ᠯᠠᠨ ᠬᠡᠮᠵᠢᠬᠦ᠌᠎ᠶ᠋ᠢ ᠴᠢᠩᠭᠠᠳᠭᠠᠵᠤ᠂ ᠲᠣᠮᠣ ᠷᠠᠳᠠᠷ᠎ᠤᠨ ᠶᠡᠬᠡ ᠬᠡᠪᠴᠢᠶ᠎ᠡ᠎ᠪᠡᠷ ᠬᠢᠨᠠᠨ ᠬᠡᠮᠵᠢᠬᠦ᠌᠎ᠶ᠋ᠢ ᠪᠡᠶᠡᠯᠡᠭᠦᠯᠵᠦ᠍᠂ ᠵᠢᠵᠢᠭ ᠷᠠᠳᠠᠷ᠎ᠢ ᠡᠭᠦᠯᠡ ᠪᠣᠷᠣᠭᠠᠨ᠎ᠳᠤ ᠴᠢᠭ᠌ᠯᠡᠭᠦᠯᠦᠨ ᠨᠠᠷᠢᠯᠢᠭ ᠱᠢᠷᠪᠢᠵᠦ᠍᠂ ᠬᠣᠶ ᠰᠠᠯᠬᠢ᠂ ᠮᠥᠨᠳᠥᠷ ᠵᠡᠷᠭᠡ ᠳᠤᠮᠳᠠ ᠪᠠᠭ᠎ᠠ ᠬᠡᠮᠵᠢᠶᠡᠨ᠎ᠦ ᠭᠠᠮᠱᠢᠭ᠍ᠲᠤ ᠴᠠᠭ ᠠᠭᠤᠷ ᠎ᠢ ᠮᠡᠳᠡᠷᠡᠬᠦ ᠴᠢᠳᠠᠪᠤᠷᠢ᠎ᠶ᠋ᠢ ᠭᠤᠤᠯᠳᠠᠯᠭ᠎ᠠ᠎ᠲᠠᠶ ᠳᠡᠭᠡᠭ᠌ᠰᠢᠯᠡᠭᠦᠯᠦᠨ᠎ᠡ ᠁ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠎ᠶ᠋ᠢᠨ ᠲᠥᠯᠥᠪᠵᠢᠭᠦᠯᠭᠡ ᠡᠳ᠋ ᠎ᠤᠨ  ᠶᠠᠪᠤᠳᠠᠯ᠎ᠤᠨ ᠵᠤᠷᠭᠠᠨ᠎ᠤ ᠳᠠᠷᠤᠭ᠎ᠠ ᠴᠧᠩ ᠯᠸᠢ᠂《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠴᠠᠭ ᠠᠭᠤᠷ᠎ᠤᠨ ᠬᠢᠨᠠᠨ ᠬᠡᠮᠵᠢᠬᠦ᠌ ᠲᠤᠤᠷ᠎ᠢ ᠦᠷᠭᠦᠯᠵᠢᠯᠡᠨ ᠨᠢᠭ᠍ᠲᠠ ᠰᠦᠯᠵᠢᠵᠦ᠍᠂ 2030 ᠣᠨ ᠪᠣᠯᠬᠤ᠎ᠳᠤ᠂ ᠪᠥᠬᠥ᠌ ᠤᠯᠤᠰ᠎ᠤᠨ ᠴᠠᠭ ᠠᠭᠤᠷ᠎ᠤᠨ ᠭᠠᠮᠱᠢᠭ᠎ᠢ ᠬᠢᠨᠠᠨ ᠬᠡᠮᠵᠢᠬᠦ᠌ ᠨᠣᠷᠮ᠎ᠠ᠎ᠶ᠋ᠢ 85 % ᠪᠣᠯᠲᠠᠯ᠎ᠠ ᠳᠡᠭᠡᠭ᠌ᠰᠢᠯᠡᠭᠦᠯᠵᠦ᠍᠂ 《ᠤᠯᠤᠰ᠎ᠤᠨ ᠴᠢᠬᠤᠯᠠ ᠲᠣᠨᠣᠭ᠍ᠯᠠᠯ》 ᠵᠢᠡᠷ ᠴᠠᠭ ᠠᠭᠤᠷ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠨᠠᠩ ᠰᠠᠢᠲᠤᠷ ᠲᠤᠯᠭᠠᠭᠤᠷᠢᠯᠠᠭᠤᠯᠤᠨ᠎ᠠ ᠭᠡᠵᠦ ᠢᠯᠡᠳᠭᠡᠪᠡ᠃

《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠪᠢᠳᠡ ᠱᠢᠨ᠎ᠡ᠎ᠶ᠋ᠢ ᠡᠭᠦᠳᠦᠨ ᠠᠮᠢ ᠠᠬᠤᠢ᠎ᠶ᠋ᠢ ᠪᠡᠬᠢᠵᠢᠭᠦᠯᠬᠦ᠌᠂ ᠪᠣᠭᠣᠮᠲᠠ ᠱᠢᠪᠲᠤᠯᠬᠤ ᠬᠠᠷᠠᠯᠲᠠ᠎ᠶ᠋ᠢ ᠲᠣᠭ᠍ᠲᠠᠭᠠᠬᠤ᠂ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠪᠲᠤᠯᠬᠤ ᠭᠤᠷᠪᠠᠨ ᠲᠠᠯ᠎ᠠ᠎ᠪᠠᠷ ᠬᠦᠴᠦᠯᠡᠵᠦ᠍᠂ ᠴᠠᠭ ᠠᠭᠤᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠤᠯᠤᠰ᠎ᠤᠨ ᠪᠠᠢᠯᠳᠤᠬᠤ ᠪᠤᠳᠤᠯᠭ᠎ᠠ᠎ᠳᠤ ᠨᠡᠩ ᠰᠠᠢᠲᠤᠷ ᠦᠢᠯᠡᠴᠢᠯᠡᠭᠦᠯᠵᠦ᠍᠂ ᠠᠷᠠᠳ ᠤᠯᠠᠨ᠎ᠤ ᠠᠰᠢᠭ ᠲᠤᠰᠠ᠎ᠶ᠋ᠢ ᠬᠠᠮᠠᠭᠠᠯᠠᠨ᠎ᠠ》ᠭᠡᠵᠦ᠍ ᠰᠥᠩ ᠱᠠᠨ ᠶᠦᠨ ᠬᠡᠯᠡᠪᠡ᠃

ᠴᠠᠭ ᠠᠭᠤᠷ᠎ᠤᠨ ᠦᠢᠯᠡᠴᠢᠯᠡᠭᠡᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠨ᠎ᠠ

ᠴᠠᠭ ᠠᠭᠤᠷ᠎ᠤᠨ ᠦᠶ᠋ᠯᠡᠴᠢᠯᠡᠭᠡ ᠲᠦᠭ ᠲᠦᠮᠡᠨ ᠠᠢᠯ ᠡᠷᠦᠬᠡ᠎ᠳᠦ ᠬᠣᠯᠪᠣᠭ᠍ᠳᠠᠵᠤ᠂ ᠣᠯᠠᠨ ᠠᠵᠢᠯ ᠲᠥᠷᠥᠯ᠎ᠳᠦ ᠬᠦᠴᠦᠨ ᠨᠡᠮᠡᠷᠢᠯᠡᠨ᠎ᠡ᠃《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠪᠢᠳᠡ ᠲᠤᠭᠠᠴᠢᠯᠠᠯᠲᠠ ᠤᠶᠤᠨᠴᠢᠯᠠᠯᠲᠠ᠂ ᠠᠬᠤᠶ ᠪᠠᠢᠳᠠᠯ ᠲᠡᠢᠰᠢ ᠬᠡᠯᠪᠡᠷᠢ ᠪᠠᠨ ᠬᠤᠪᠢᠷᠠᠭᠤᠯᠬᠤ᠎ᠪᠠᠷ ᠭᠠᠷᠳᠠᠴᠠ ᠪᠣᠯᠭᠠᠵᠤ᠂ ᠴᠠᠭ ᠠᠭᠤᠷ᠎ᠤᠨ ᠦᠶ᠋ᠯᠡᠴᠢᠯᠡᠭᠡ᠎ᠶ᠋ᠢ〈ᠰᠢᠯᠢᠳᠡᠭ ᠰᠠᠢᠨ ᠡᠰᠡᠬᠦ᠌᠂ ᠨᠠᠷᠢᠯᠢᠭ ᠤᠨᠤᠴᠠᠳᠠᠢ ᠡᠰᠡᠬᠦ᠌〉ᠳᠠᠢᠰᠢ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ》ᠭᠡᠵᠦ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶᠠᠨ᠎ᠤ ᠰᠣᠨᠢᠨ ᠮᠡᠳᠡᠭᠡᠨ᠎ᠦ ᠥᠭᠦᠯᠡᠭ᠌ᠴᠢ᠂ ᠭᠠᠮᠱᠢᠭ᠎ᠢ ᠪᠠᠭᠠᠰᠭᠠᠬᠤ ᠦᠶ᠋ᠯᠡᠴᠢᠯᠡᠭᠡᠨ᠎ᠦ ᠵᠤᠷᠭᠠᠨ᠎ᠤ ᠳᠠᠷᠤᠭ᠎ᠠ ᠸᠠᠩ ᠶᠠ ᠸᠧᠶ ᠬᠡᠯᠡᠪᠡ᠃

ᠠᠷᠠᠳ ᠤᠯᠠᠨ᠎ᠳᠤ ᠴᠠᠭ ᠠᠭᠤᠷ᠎ᠤᠨ ᠦᠢᠯᠡᠴᠢᠯᠡᠭᠡ᠎ᠶ᠋ᠢ ᠰᠠᠢᠲᠤᠷ ᠬᠢᠬᠦ᠌ ᠪᠣᠯ ᠴᠠᠭ ᠠᠭᠤᠷ᠎ᠤᠨ ᠠᠵᠢᠯ᠎ᠤᠨ ᠡᠭᠦᠰᠦᠯᠲᠡ ᠪᠠ ᠲᠡᠭᠦᠰᠦᠯᠲᠡ ᠮᠥᠨ᠃ ᠸᠠᠩ ᠶᠠ ᠸᠧᠶ᠂ ᠨᠢᠭᠡ ᠲᠠᠯ᠎ᠠ᠎ᠪᠠᠷ ᠪᠥᠬᠥ᠌ ᠠᠬᠤᠢ ᠪᠠᠢᠳᠠᠯ᠎ᠤᠨ ᠠᠷᠠᠳ᠎ᠤᠨ ᠠᠮᠢᠳᠤᠷᠠᠯ᠎ᠤᠨ ᠴᠠᠭ ᠠᠭᠤᠷ᠎ᠤᠨ ᠦᠶ᠋ᠯᠡᠴᠢᠯᠡᠭᠡ᠎ᠶ᠋ᠢ ᠲᠠᠰ ᠳᠡᠪᠱᠢᠭᠦᠯᠵᠦ᠍᠂ ᠠᠷᠠᠳ ᠣᠯᠠᠨ᠎ᠤ《ᠢᠳᠡᠵᠦ᠍ ᠡᠮᠦᠰᠭᠦ ᠶᠠᠪᠤᠵᠤ ᠰᠠᠭᠤᠬᠤ ᠪᠡᠶ᠎ᠡ ᠪᠠᠨ ᠴᠢᠬᠢᠷᠠᠭᠵᠢᠭᠤᠯᠬᠤ᠂ ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ ᠰᠤᠷᠤᠯᠴᠠᠯᠭ᠎ᠠ ᠡᠷᠡᠭᠦᠯ ᠮᠡᠨᠳᠦ》 ᠶ᠋ᠢᠨ ᠪᠥᠬᠥ᠌ ᠬᠡᠯᠬᠢᠶ᠎ᠡ᠎ᠶ᠋ᠢᠨ ᠲᠣᠭᠣᠷᠢᠨ᠎ᠳᠤ᠂《ᠴᠠᠭ ᠠᠭᠤᠷ +》ᠦᠶ᠋ᠯᠡᠴᠢᠯᠡᠭᠡᠨ᠎ᠦ ᠠᠮᠢ ᠠᠬᠤᠶ ᠵᠢ ᠪᠤᠢ ᠪᠤᠯᠭᠠᠵᠤ᠂ ᠡᠷᠡᠭᠦᠯ ᠮᠡᠨᠳᠦ᠂ ᠰᠣᠶᠣᠯ ᠵᠢᠭᠤᠯᠴᠢᠯᠠᠯ ᠵᠡᠷᠭᠡ ᠴᠠᠭ ᠠᠭᠤᠷ᠎ᠤᠨ ᠦᠶ᠋ᠯᠡᠴᠢᠯᠡᠭᠡᠨ᠎ᠦ ᠦᠶ᠋ᠯᠡᠳᠬᠦᠨ᠎ᠢ ᠪᠠᠶᠠᠯᠢᠭᠵᠢᠭᠤᠯᠤᠨ᠎ᠠ᠃ ᠨᠥᠭᠥᠭᠡ ᠲᠠᠯ᠎ᠠ᠎ᠪᠠᠷ᠂ ᠣᠶᠤᠨᠴᠢᠯᠠᠭ᠍ᠰᠠᠨ ᠴᠠᠭ ᠠᠭᠤᠷ᠎ᠤᠨ ᠦᠶ᠋ᠯᠡᠴᠢᠯᠡᠭᠡ ᠬᠠᠩᠭᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠦᠨ᠎ᠡ᠃ ᠵᠢᠱ᠌ᠢᠶᠡᠯᠡᠪᠡᠯ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠠᠴᠢᠶᠠᠨ᠎ᠤ ᠮᠠᠱᠢᠨ ᠲᠡᠷᠭᠡᠨ᠎ᠦ ᠵᠢᠯᠣᠭᠣᠴᠢ᠂ ᠲᠦᠷᠭᠡᠨ ᠬᠦᠷᠭᠡᠭ᠌ᠴᠢ᠎ᠳᠦ ᠣᠷᠣᠨ ᠪᠠᠢᠷᠢ᠎ᠳᠤ ᠰᠠᠭᠤᠷᠢᠯᠠᠭ᠍ᠰᠠᠨ ᠴᠠᠭ ᠠᠭᠤᠷ᠎ᠤᠨ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠠᠵᠢᠯ᠎ᠢ ᠥᠷᠨᠢᠭᠦᠯᠵᠦ᠍᠂ ᠪᠠᠷᠠᠭᠠᠨ᠎ᠤ ᠭᠦᠶ᠋ᠯᠭᠡᠭᠡᠨ᠎ᠦ ᠦᠶ᠋ᠯᠡᠰ᠎ᠦᠨ ᠥᠨᠳᠥᠷ ᠪᠦᠲᠦᠮᠵᠢᠲᠡᠶ ᠠᠵᠢᠯᠯᠠᠬᠤ᠎ᠳᠤ ᠰᠠᠢᠲᠤᠷ ᠦᠶ᠋ᠯᠡᠴᠢᠯᠡᠨ᠎ᠡ ᠭᠡᠵᠦ ᠢᠯᠡᠳᠭᠡᠪᠡ᠃

《ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠨᠢ  ᠴᠠᠭ ᠠᠭᠤᠷ᠎ᠤᠨ ᠦᠢᠯᠡᠴᠢᠯᠡᠭᠡ᠎ᠲᠡᠶ ᠨᠢᠭ᠍ᠲᠠ ᠬᠣᠯᠪᠣᠭ᠎ᠠ᠎ᠲᠠᠶ ᠪᠠᠢᠳᠠᠭ᠂ ᠬᠦᠳᠡᠭᠡ ᠠᠵᠤ ᠠᠬᠤᠢ᠎ᠳᠤ ᠦᠢᠯᠡᠴᠢᠯᠡᠬᠦ᠌ ᠪᠣᠯ ᠴᠠᠭ ᠠᠭᠤᠷ᠎ᠤᠨ ᠠᠵᠢᠯ᠎ᠤᠨ ᠭᠣᠣᠯᠳᠠᠯᠭ᠎ᠠ᠎ᠲᠠᠶ ᠬᠦᠷᠢᠢ᠎ᠡ ᠮᠥᠨ᠃ ᠸᠠᠩ ᠶᠠ ᠸᠧᠶ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠱᠢᠨ᠎ᠡ ᠬᠡᠯᠪᠡᠷᠢ᠎ᠶ᠋ᠢᠨ ᠴᠠᠭ ᠠᠭᠤᠷ᠎ᠤᠨ ᠬᠦᠳᠡᠭᠡ ᠠᠵᠤ ᠠᠬᠤᠢ ᠎ᠳᠤ ᠦᠶ᠋ᠯᠡᠴᠢᠯᠡᠬᠦ ᠱᠢᠰᠲ᠋ᠧᠮ᠎ᠢ ᠲᠦᠷᠭᠡᠪᠴᠢᠯᠡᠨ ᠪᠠᠢᠭᠤᠯᠵᠤ᠂ ᠴᠠᠭ ᠠᠭᠤᠷ ᠎ᠤᠨ ᠤᠷᠢᠳᠴᠢᠯᠠᠭ᠍ᠰᠠᠨ ᠰᠡᠷᠡᠮᠵᠢᠯᠡᠭᠦᠯᠦᠯ᠎ᠢᠶᠡᠷ ᠤᠳᠤᠷᠢᠳᠤᠮᠵᠢ ᠪᠣᠯᠭᠠᠭ᠍ᠰᠠᠨ ᠪᠠᠴᠢᠮ ᠪᠠᠢᠳᠠᠯ ᠎ᠢ ᠠᠷᠭᠠᠴᠠᠭᠠᠬᠤ ᠬᠣᠯᠪᠣᠯᠳᠤᠭ᠍ᠰᠠᠨ ᠲᠣᠭ᠍ᠲᠠᠴᠠ᠎ᠶ᠋ᠢ ᠪᠠᠲᠤᠵᠢᠭᠤᠯᠵᠤ᠂ ᠭᠠᠮᠱᠢᠭ᠍ᠳᠠᠭ᠍ᠰᠠᠨ ᠣᠷᠣᠨ᠎ᠤ ᠬᠠᠮᠵᠢᠯᠴᠠᠨ ᠴᠤᠤᠷᠢᠶᠠᠳᠤᠨ ᠲᠠᠭᠠᠬᠤ ᠲᠣᠭ᠍ᠲᠠᠴᠠ᠎ᠶ᠋ᠢ ᠪᠦᠷᠢᠨᠱᠢᠬᠥᠯᠤᠨ᠎ᠠ ; ᠡᠷᠲᠡ ᠎ᠶ᠋ᠢᠨ ᠲᠤᠲᠤᠷᠭ᠎ᠠ᠎ᠶ᠋ᠢ ᠡᠷᠲᠡ ᠳᠠᠷᠢᠵᠤ ᠡᠷᠲᠡ ᠪᠣᠢᠵᠢᠭᠤᠯᠬᠤ ᠵᠡᠷᠭᠡ ᠲᠠᠷᠢᠶᠠᠯᠠᠩ ᠎ᠤᠨ ᠴᠠᠭ ᠠᠭᠤᠷ᠎ᠤᠨ ᠬᠡᠷᠡᠭ᠌ᠯᠡᠭᠡᠨ᠎ᠦ ᠮᠡᠷᠭᠡᠵᠢᠯ᠎ᠢ ᠢᠳᠡᠪᠬᠢᠲᠡᠶ ᠳᠡᠯᠭᠡᠷᠡᠭᠦᠯᠦᠨ᠎ᠡ ; ᠬᠤᠳᠠ ᠬᠥᠳᠡᠭᠡ᠎ᠶ᠋ᠢᠨ ᠴᠠᠭ ᠠᠭᠤᠷ᠎ᠤᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠶᠠᠪᠤᠳᠠᠯ᠎ᠢ ᠬᠦᠴᠦᠯᠡᠨ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ᠂ ᠠᠭᠤᠯᠠᠷᠬᠠᠭ ᠣᠷᠣᠨ᠂ ᠲᠠᠯᠠᠢ᠎ᠶ᠋ᠢᠨ ᠠᠷᠠᠯ᠂ ᠵᠠᠬ᠎ᠠ ᠬᠢᠵᠠᠭᠠᠷ ᠣᠷᠣᠨ᠎ᠤ ᠴᠠᠭ ᠠᠭᠤᠷ᠎ᠤᠨ ᠦᠢᠯᠡᠴᠢᠯᠡᠭᠡ᠎ᠶ᠋ᠢ ᠳᠥᠭᠥᠮ ᠳᠥᠲᠡ ᠴᠢᠨᠠᠷᠲᠠᠢ ᠪᠣᠯᠭᠠᠨ᠎ᠠ ᠭᠡᠵᠦ ᠲᠠᠨᠢᠯᠴᠠᠭᠤᠯᠪᠠ᠃

ᠳᠤᠷᠠᠳᠤᠭᠤᠱᠢᠲᠠᠶ ᠵᠦᠶ᠋ᠯ ᠭᠡᠪᠡᠯ᠂ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢᠨ ᠲᠦᠷᠭᠡᠨ ᠬᠥᠭ᠌ᠵᠢᠬᠦ᠌᠎ᠶ᠋ᠢ ᠳᠠᠭᠠᠯᠳᠤᠨ᠂ ᠠᠵᠤ ᠦᠶ᠋ᠯᠡᠰ᠎ᠦᠨ ᠴᠠᠭ ᠠᠭᠤᠷ᠎ᠤᠨ ᠦᠶ᠋ᠯᠡᠴᠢᠯᠡᠭᠡ᠎ᠳᠡᠬᠢ ᠬᠡᠷᠡᠭ᠌ᠴᠡᠭᠡ ᠤᠯᠠᠮ ᠥᠷᠨᠢᠭᠦᠨ ᠪᠣᠯᠵᠣ ᠪᠠᠢᠨ᠎ᠠ᠃《ᠤᠢᠷ᠎ᠠ ᠤᠭᠳᠠᠷᠭᠤᠢ ᠵᠢᠨ ᠨᠢᠰᠦᠯᠲᠡ᠎ᠶ᠋ᠢᠨ ᠠᠮᠤᠷ ᠲᠦᠪᠱᠢᠨ ᠪᠠ ᠠᠵᠢᠯᠯᠠᠭᠠᠨ᠎ᠤ ᠦᠷ᠎ᠡ ᠪᠦᠲᠦᠮᠵᠢ ᠨᠢ ᠴᠠᠭ ᠠᠭᠤᠷ᠎ᠤᠨ ᠨᠥᠬᠥᠴᠡᠯ᠎ᠳᠦ ᠨᠡᠯᠢᠶᠡᠳ ᠶᠡᠬᠡ ᠨᠥᠯᠥᠭᠡᠯᠡᠭ᠌ᠳᠡᠵᠦ᠍᠂ ᠴᠠᠭ ᠠᠭᠤᠷ᠎ᠤᠨ ᠦᠢᠯᠡᠴᠢᠯᠡᠭᠡ᠎ᠳᠦ ᠲᠠᠯᠪᠢᠬᠤ ᠱᠠᠭᠠᠷᠳᠠᠯᠭ᠎ᠠ ᠨᠢ ᠨᠡᠯᠢᠶᠡᠳ ᠥᠨᠳᠥᠷ ᠪᠠᠢᠳᠠᠭ 》᠃ ᠴᠧᠨ ᠵᠧᠨ ᠯᠢᠨ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠤᠢᠷ᠎ᠠ ᠤᠭᠳᠠᠷᠭᠤᠢ ᠵᠢᠨ  ᠴᠠᠭ ᠠᠭᠤᠷ᠎ᠤᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠪᠠ ᠪᠠᠷᠢᠮᠵᠢᠶ᠎ᠠ᠎ᠶ᠋ᠢᠨ ᠱᠢᠰᠲ᠋ᠧᠮ ᠎ᠢ ᠪᠠᠢᠭᠤᠯᠤᠨ ᠲᠡᠭᠦᠯᠳᠡᠷᠵᠢᠭᠦᠯᠬᠦ᠌᠂ ᠤᠢᠷ᠎ᠠ ᠤᠭᠳᠠᠷᠭᠤᠢ ᠵᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠎ᠶ᠋ᠢ ᠴᠢᠩᠭᠠᠳᠭᠠᠬᠤ᠂ ᠬᠡᠷᠡᠭ᠌ᠯᠡᠯᠲᠡ ᠵᠢᠨ ᠠᠬᠤᠢ ᠪᠠᠢᠳᠠᠯ᠎ᠤᠨ ᠬᠦᠴᠦᠨ ᠣᠯᠭᠣᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠎ᠶ᠋ᠢ ᠡᠭᠦᠳᠬᠦ᠌ ᠪᠠ ᠴᠢᠳᠠᠪᠤᠷᠢᠲᠠᠨ ᠬᠥᠮᠦᠵᠢᠭᠦᠯᠬᠦ᠌᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠬᠦᠴᠦᠯᠡᠵᠦ᠍᠂ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠭᠡ ᠪᠠᠲᠤᠯᠠᠭ᠎ᠠ ᠬᠠᠩᠭᠠᠨ᠎ᠠ ᠭᠡᠵᠦ ᠬᠡᠯᠡᠪᠡ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ  ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号