ᠬᠦᠰᠡᠯ ᠢ᠋ ᠭᠡᠷᠡᠯᠲᠦᠭᠦᠯᠦᠭᠰᠡᠨ ᠰᠤᠳᠤᠯᠤᠨ ᠰᠤᠷᠤᠯᠴᠠᠬᠤ ᠬᠢᠴᠢᠶᠡᠯ
2026-05-06 11:19:30
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 24᠎ᠤ᠋ 《ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠡᠳᠦᠷ》 ᠬᠦᠷᠴᠦ ᠢᠷᠡᠬᠦ ᠲᠠᠰᠢᠷᠠᠮ᠎ᠢᠶᠡᠷ᠂ 2026 ᠣᠨ᠎ᠤ 《ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠡᠳᠦᠷ》 ᠤ᠋ᠨ ᠥᠪᠥᠷ ᠮᠣᠩᠭᠣᠯ᠎ᠤᠨ ᠬᠤᠪᠢᠶᠠᠷᠢ ᠬᠤᠷᠠᠯ᠎ᠤᠨ ᠲᠠᠯᠠᠪᠠᠶ᠎ᠶᠢᠨ ᠭᠣᠣᠯ ᠰᠡᠳᠦᠪᠲᠦ ᠠᠵᠢᠯᠯᠠᠭ᠎ᠠ ᠬᠥᠬᠡᠬᠣᠲᠠ᠎ᠳᠤ ᠪᠠᠢᠭ᠎ᠠ ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ᠎ᠤ ᠵᠢᠭᠠᠬᠤ ᠵᠢ ᠰᠤᠳᠤᠯᠬᠤ ᠲᠥᠪ᠎ᠲᠦ ᠶᠠᠪᠤᠭᠳᠠᠯ᠎ᠠ᠃ ᠬᠦᠬᠡᠬᠤᠳᠠ ᠵᠢᠨ ᠭᠤᠴᠢᠳᠤᠭᠠᠷ ᠳᠤᠮᠳᠠᠳᠤ ᠰᠤᠷᠭᠠᠭᠤᠯᠢ ᠵᠢᠨ ᠰᠤᠷᠤᠭᠴᠢᠳ ᠳᠤᠬᠠᠢ ᠵᠢᠨ ᠳᠠᠯᠠᠪᠠᠢ ᠳ᠋ᠤ ᠬᠦᠷᠴᠦ ᠠᠵᠢᠯᠯᠠᠭ᠎ᠠ ᠳ᠋ᠤ ᠤᠷᠤᠯᠴᠠᠵᠠᠢ᠃


403630f8-42f5-4aef-a010-4c78ed0c80ee.png


ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠳ᠋ᠦᠩᠹᠧᠩ ᠰᠠᠨᠰᠠᠷ᠎ᠤᠨ ᠬᠤᠳᠠ᠂ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶᠢᠨ ᠵᠢᠷᠭᠤᠳᠤᠭᠠᠷ ᠰᠤᠳᠤᠯᠭᠠᠨ᠎ᠤ ᠬᠦᠷᠢᠶᠡᠯᠡᠩ ᠵᠡᠷᠭᠡ ᠨᠢᠭᠡᠴᠢ᠎ᠶᠢᠨ ᠰᠠᠨᠰᠠᠷ᠎ᠤᠨ ᠠᠶᠠᠯᠠᠯ᠎ᠤᠨ ᠲᠤᠰᠬᠠᠢ ᠮᠡᠷᠭᠡᠵᠢᠯᠲᠡᠳ ᠡᠴᠡ ᠰᠤᠷᠤᠭ᠍ᠴᠢᠳ᠎ᠲᠤ ᠮᠠᠨ᠎ᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠦᠨ ᠬᠥᠭᠵᠢᠯᠲᠡ᠎ᠶᠢᠨ ᠶᠠᠪᠤᠴᠠ ᠪᠣᠯᠣᠨ ᠭᠡᠷᠡᠯ ᠰᠠᠴᠤᠷᠠᠩᠭᠤᠢ ᠠᠮᠵᠢᠯᠲᠠ᠎ᠶᠢ ᠶᠠᠷᠢᠵᠤ ᠥᠭᠬᠦ᠎ᠶᠢᠨ ᠬᠠᠮᠲᠤ ᠠᠰᠠᠭᠤᠯᠲᠠ ᠬᠠᠷᠢᠭᠤᠯᠲᠠ ᠵᠢᠨ ᠬᠡᠯᠪᠡᠷᠢ ᠪᠡᠷ ᠵᠠᠯᠠᠭᠤᠴᠤᠳ ᠪᠠᠭᠠᠴᠤᠳ᠎ᠤᠨ ᠰᠠᠨᠰᠠᠷ᠎ᠤᠨ ᠠᠶᠠᠯᠠᠯ᠎ᠤᠨ ᠳᠤᠬᠠᠢ ᠰᠤᠨᠢᠷᠬᠠᠯ᠎ᠢ ᠬᠥᠭᠵᠢᠭᠡᠪᠡ᠃ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠵᠢᠷᠭᠤᠳᠤᠭᠠᠷ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠳᠡᠳ᠋ ᠱᠦᠵᠢ ᠬᠦᠩ ᠵᠢᠶᠧ ᠸᠧᠨ᠄ 《ᠮᠠᠨ ᠤ᠋ ᠵᠢᠷᠭᠤᠳᠤᠭᠠᠷ ᠰᠤᠳᠤᠯᠭᠠᠨ᠎ᠤ ᠬᠦᠷᠢᠶᠡᠯᠡᠩ ᠨᠢᠭᠡᠨᠲᠡ ᠥᠪᠥᠷ ᠮᠣᠩᠭᠣᠯ᠂ ᠱᠠᠨᠰᠢ᠂ ᠬᠤᠪᠧᠢ ᠭᠤᠷᠪᠠᠨ ᠭᠠᠵᠠᠷ᠎ᠤᠨ ᠡᠬᠢ ᠪᠠᠶᠠᠯᠢᠭ᠋ ᠬᠠᠮᠵᠢᠯᠴᠠᠭᠰᠠᠨ᠂ ᠰᠣᠶᠣᠯ ᠠᠭᠤᠰᠤᠯᠴᠠᠭᠰᠠᠨ᠂ ᠴᠢᠳᠠᠪᠤᠷᠢᠲᠠᠨ ᠴᠤᠭᠯᠠᠷᠠᠭᠰᠠᠨ᠂ ᠠᠵᠤ ᠦᠢᠯᠡᠰ ᠠᠭᠤᠰᠤᠯᠴᠠᠭᠰᠠᠨ ᠣᠳᠣᠬᠢᠴᠢᠯᠠᠭᠰᠠᠨ ᠲᠤᠰᠬᠠᠢ ᠮᠡᠷᠭᠡᠵᠢᠯ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠥᠭᠵᠢᠯᠲᠡ᠎ᠶᠢᠨ ᠪᠠᠢᠷᠢᠰᠢᠯ᠎ᠢ ᠪᠦᠷᠢᠯᠳᠦᠭᠦᠯᠵᠡᠢ᠃ ᠵᠠᠯᠠᠭᠤᠴᠤᠳ ᠪᠠᠭᠠᠴᠤᠳ ᠪᠢᠳᠡ ᠤᠳᠤᠨ ᠣᠭᠲᠠᠷᠭᠤᠢ ᠵᠢᠨ ᠳᠤᠬᠠᠢ ᠡᠷᠳᠡᠮ ᠮᠡᠳᠡᠯᠭᠡ᠎ᠡᠴᠡ ᠰᠤᠷᠤᠯᠴᠠᠵᠤ᠂ ᠠᠭᠤᠳᠠᠮ ᠤᠭᠳᠠᠷᠭᠤᠢ ᠵᠢᠨ ᠬᠠᠴᠢᠨ ᠨᠢᠭᠤᠴᠠ ᠵᠢ ᠴᠢᠨᠠᠭᠰᠢᠳᠠ ᠬᠠᠢᠨ ᠰᠦᠪᠡᠭᠴᠢᠯᠡᠶ᠎ᠠ》 ᠬᠡᠵᠦ ᠰᠤᠷᠤᠭᠴᠢᠳ ᠲᠤ᠌ ᠬᠦᠰᠡᠨ ᠨᠠᠢᠳᠠᠪᠠ᠃

ᠰᠢᠨᠵᠢᠯᠡᠬᠦ ᠤᠬᠠᠭᠠᠨ᠎ᠢ ᠲᠦᠬᠡᠮᠡᠯᠵᠢᠬᠦᠯᠬᠦ ᠰᠣᠯᠢᠯᠴᠠᠭᠠᠨ᠎ᠤ ᠦᠵᠡᠭᠦᠯᠭᠡ᠎ᠶᠢᠨ ᠲᠣᠭᠣᠷᠢᠭ᠋᠎ᠲᠡᠬᠢ ᠰᠠᠨᠰᠠᠷ᠎ᠤᠨ ᠠᠶᠠᠯᠠᠯ᠎ᠤᠨ ᠬᠥᠭᠵᠢᠯᠲᠡ᠎ᠶᠢ ᠭᠡᠷᠡᠴᠢᠯᠡᠭᠰᠡᠨ ᠦᠵᠡᠭᠦᠯᠭᠡ᠎ᠶᠢᠨ ᠪᠤᠳᠠᠰ ᠨᠢ ᠰᠤᠷᠤᠭ᠍ᠴᠢᠳ᠎ᠲᠤ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠬᠦᠭᠵᠢᠯᠳᠡ᠎ᠶᠢᠨ ᠤᠯᠠ ᠮᠥᠷ᠎ᠤᠨ ᠳᠤᠬᠠᠢ ᠬᠦᠨ ᠰᠠᠭᠤᠭᠳᠠᠯ ᠦᠯᠡᠳᠡᠬᠡᠪᠡ᠃ 《ᠰᠠᠨᠰᠠᠷ᠎ᠤᠨ ᠠᠶᠠᠯᠠᠯ᠎ᠤᠨ ᠵᠣᠷᠢᠭ᠋ ᠰᠠᠨᠠᠭ᠎ᠠ ᠵᠢ ᠪᠢᠳᠡ ᠦᠶ᠎ᠡ᠎ᠶᠢᠨ ᠦᠶ᠎ᠡ᠎ᠳᠡᠭᠡᠨ ᠤᠯᠠᠮᠵᠢᠯᠠᠭᠰᠠᠭᠠᠷ ᠢᠷᠡᠭᠰᠡᠨ᠃  ᠰᠠᠨᠰᠠᠷ᠎ᠤᠨ ᠠᠶᠠᠯᠠᠯ᠎ᠤᠨ ᠳᠤᠬᠠᠢ ᠬᠦᠰᠡᠯ ᠮᠦᠷᠦᠬᠡᠳᠦᠯ᠎ᠢ ᠪᠢᠳᠡ  ᠥᠪᠡᠷ᠎ᠦᠨ ᠭᠠᠷ᠎ᠲᠠᠭᠠᠨ ᠠᠳᠬᠤᠵᠤ ᠪᠠᠢᠭ᠎ᠠ ᠶᠤᠮ》 ᠪᠤᠭᠤᠲᠤ ᠬᠤᠳᠠ᠎ᠶᠢᠨ ᠴᠢᠩᠱᠠᠨ ᠲᠣᠭᠣᠷᠢᠭ᠋᠎ᠤᠨ ᠬᠤ᠌ ᠵᠤ᠌ ᠵᠠᠮ᠎ᠤᠨ ᠪᠠᠭ᠎ᠠ ᠰᠤᠷᠭᠠᠭᠤᠯᠢ᠎ᠶᠢᠨ ᠰᠤᠷᠤᠭ᠍ᠴᠢ ᠸᠠᠩ ᠯᠢᠨ ᠷᠠᠨ 2025 ᠣᠨ᠎ᠤ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠰᠠᠨᠰᠠᠷ᠎ᠤᠨ ᠠᠶᠠᠯᠠᠯ᠎ᠤᠨ ᠰᠢᠨ᠎ᠡ᠎ᠶᠢ ᠡᠭᠦᠳᠬᠦ ᠤᠷᠤᠯᠳᠤᠭᠠᠨ᠎ᠤ ᠪᠦᠬᠦ ᠤᠯᠤᠰ᠎ᠤᠨ ᠭᠤᠷᠪᠠᠳᠤᠭᠠᠷ ᠳᠡᠰ᠎ᠤᠨ ᠱᠠᠩᠨᠠᠯ ᠬᠦᠷᠳᠡᠭᠴᠢ᠎ᠶᠢᠨ ᠲᠥᠯᠥᠭᠡᠯᠡᠭᠴᠢ᠎ᠶᠢᠨ ᠬᠤᠪᠢ᠎ᠪᠠᠷ᠂ ᠲᠤᠬᠠᠢ᠎ᠶᠢᠨ ᠲᠠᠯᠠᠪᠠᠢ᠎ᠳᠤ 《ᠤᠳᠤᠨ ᠮᠡᠴᠢᠳ᠎ᠤᠨ ᠶᠡᠬᠡ ᠳᠠᠯᠠᠢ ᠪᠡᠷ ᠱᠤᠩᠪᠠᠵᠤ ᠰᠠᠨᠰᠠᠷ᠎ᠤᠨ ᠠᠶᠠᠯᠠᠯ᠎ᠤᠨ ᠬᠦᠰᠡᠯ ᠮᠦᠷᠦᠬᠡᠳᠦᠯ ᠵᠢᠡᠨ ᠵᠣᠷᠢᠭ᠍ᠲᠠᠢ᠎ᠪᠠᠷ ᠲᠡᠷᠭᠡᠯᠰᠢᠭᠦᠯᠦᠶ᠎ᠡ》 ᠭᠡᠬᠦ ᠰᠡᠳᠦᠪ᠎ᠢᠶᠡᠷ ᠥᠪᠥᠷ ᠮᠣᠩᠭᠣᠯ᠎ᠠᠴᠠ ᠬᠠᠢᠨᠠᠨ᠎ᠤ ᠸᠧᠨ ᠴᠠᠩ᠎ᠳᠤ ᠬᠦᠷᠴᠦ ᠪᠦᠬᠦ ᠤᠯᠤᠰ᠎ᠤᠨ ᠶᠡᠷᠦᠩᠬᠡᠢ ᠰᠢᠢᠳᠪᠦᠷᠢᠲᠦ ᠤᠷᠤᠯᠳᠤᠭᠠᠨ᠎ᠳᠤ ᠣᠷᠣᠯᠴᠠᠭᠰᠠᠨ ᠮᠠᠷᠲᠠᠭᠳᠠᠰᠢ ᠦᠭᠡᠢ ᠥᠩᠭᠡᠷᠡᠯᠲᠡ᠎ᠪᠡᠨ ᠬᠤᠪᠢᠶᠠᠯᠴᠠᠭᠰᠠᠨ ᠪᠠᠢᠨ᠎ᠠ᠃

ᠬᠣᠶᠠᠷ ᠪᠥᠮᠪᠥᠭᠡ ᠨᠢᠭᠡ ᠣᠳᠣᠨ᠎ᠠᠴᠠ ᠬᠤᠪᠢᠯᠭᠠᠨ ᠣᠩᠭᠣᠴᠠ ᠬᠦᠷᠲᠡᠯ᠎ᠡ᠂ ᠬᠢᠮᠡᠯ ᠳᠠᠭᠠᠭᠤᠯᠢ ᠤᠳᠤᠨ᠎ᠠᠴᠠ ᠬᠥᠮᠥᠨ ᠠᠴᠢᠶᠠᠯᠠᠭᠰᠠᠨ ᠰᠠᠨᠰᠠᠷ᠎ᠤᠨ ᠠᠶᠠᠯᠠᠯ ᠬᠦᠷᠲᠡᠯ᠎ᠡ᠂ ᠲᠡᠭᠷᠢ᠎ᠶᠢᠨ ᠣᠷᠳᠣᠨ ᠨᠢᠭᠡᠳᠦᠭᠡᠷ᠎ᠡᠴᠡ ᠲᠡᠭᠷᠢ᠎ᠶᠢᠨ ᠣᠷᠳᠣᠨ ᠬᠣᠶᠠᠳᠤᠭᠠᠷ᠎ᠢ ᠠᠮᠵᠢᠯᠲᠠ᠎ᠲᠠᠢ ᠬᠠᠷᠪᠤᠭᠰᠠᠨ ᠬᠦᠷᠲᠡᠯ᠎ᠡ᠂ ᠳ᠋ᠦᠩᠹᠧᠩ ᠰᠠᠨᠰᠠᠷ᠎ᠤᠨ ᠬᠤᠳᠠ᠎ᠶᠢᠨ ᠬᠢᠨ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠲᠣᠭ᠎ᠠ ᠦᠭᠡᠢ ᠤᠯᠠᠨ ᠠᠩᠬᠠᠳᠠᠭᠴᠢ ᠵᠢ ᠭᠡᠷᠡᠴᠢᠯᠡᠵᠦ᠂ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠰᠠᠨᠰᠠᠷ᠎ᠲᠤ ᠳᠡᠬᠦᠯᠢᠬᠦ ᠬᠦᠰᠡᠯ ᠮᠦᠷᠦᠬᠡᠳᠦᠯ᠎ᠢ ᠲᠡᠷᠭᠡᠯᠰᠢᠭᠦᠯᠵᠦ᠂ ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠰᠣᠶᠣᠯ᠎ᠳᠤ ᠠᠭᠤᠯᠤᠭᠳᠠᠵᠤ ᠪᠠᠢᠭ᠎ᠠ ᠡᠬᠡ ᠤᠯᠤᠰ᠎ᠢᠶᠠᠨ ᠬᠠᠢᠷᠠᠯᠠᠬᠤ᠂ ᠬᠠᠷᠠᠮ ᠦᠭᠡᠢ ᠵᠣᠷᠢᠭᠤᠯᠬᠤ᠂ ᠪᠦᠯᠬᠦᠮᠳᠡᠨ ᠬᠠᠮᠵᠢᠯᠴᠠᠬᠤ᠂ ᠥᠨᠳᠥᠷ ᠤᠷᠬᠢᠯ᠎ᠳᠤ ᠵᠣᠷᠢᠭ᠍ᠲᠠᠢ᠎ᠪᠠᠷ ᠠᠪᠠᠷᠢᠬᠤ ᠠᠤᠭ᠎ᠠ ᠰᠡᠳᠬᠢᠯᠭᠡ ᠡᠷᠡᠯᠬᠡᠭ ᠵᠣᠷᠢᠭ᠋᠎ᠢ ᠠᠮᠢᠳᠤᠯᠢᠭ᠋᠎ᠢᠶᠠᠷ ᠲᠠᠢᠯᠪᠤᠷᠢᠯᠠᠵᠠᠢ᠃ ᠥᠪᠥᠷ ᠮᠣᠩᠭᠣᠯ ᠪᠣᠯ  ᠳᠤᠮᠳᠠᠳᠤ ᠤᠯᠤᠰ᠎ᠤᠨ ᠬᠥᠮᠥᠨ ᠠᠴᠢᠶᠠᠯᠠᠭᠰᠠᠨ ᠰᠠᠨᠰᠠᠷ᠎ᠤᠨ ᠠᠶᠠᠯᠠᠯ᠎ᠤᠨ ᠬᠠᠷᠪᠤᠯᠲᠠ ᠪᠠ ᠪᠤᠴᠠᠵᠤ ᠢᠷᠡᠬᠦ ᠭᠣᠣᠯ ᠵᠢᠭ᠍ᠰᠠᠭᠠᠯ᠎ᠤᠨ ᠭᠠᠵᠠᠷ ᠪᠣᠯᠣᠨ᠎ᠠ᠃ ᠲᠤᠰ ᠤᠳᠠᠭ᠎ᠠ᠎ᠶᠢᠨ ᠠᠵᠢᠯᠯᠠᠭ᠎ᠠ ᠨᠢ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ᠎ᠤ ᠲᠦᠭᠡᠮᠡᠯᠵᠢᠭᠦᠯᠦᠯᠲᠡ᠎ᠶᠢ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠲᠠᠢ ᠭᠦᠨᠵᠡᠭᠡᠢ ᠠᠭᠤᠰᠤᠯᠴᠠᠭᠤᠯᠵᠤ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠪᠠᠷ ᠲᠦᠰᠢᠭ ᠪᠣᠯᠭᠠᠵᠤ᠂ ᠰᠠᠨᠰᠠᠷ᠎ᠤᠨ ᠠᠶᠠᠯᠠᠯ᠎ᠤᠨ ᠮᠡᠳᠡᠯᠭᠡ᠎ᠶᠢ ᠲᠦᠭᠡᠮᠡᠯᠵᠢᠭᠦᠯᠬᠦ᠎ᠶᠢᠨ ᠬᠠᠮᠲᠤ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ᠎ᠢ ᠡᠷᠬᠢᠮᠯᠡᠬᠦ᠂ ᠵᠣᠷᠢᠭ᠍ᠲᠠᠢ᠎ᠪᠠᠷ ᠬᠠᠢᠨ ᠰᠦᠪᠡᠭᠴᠢᠯᠡᠬᠦ᠂ ᠰᠠᠨᠰᠠᠷ᠎ᠤᠨ ᠠᠶᠠᠯᠠᠯ᠎ᠤᠨ ᠬᠦᠰᠡᠯ ᠮᠦᠷᠦᠬᠡᠳᠦᠯ ᠵᠢᠡᠨ ᠲᠡᠷᠭᠡᠯᠰᠢᠭᠦᠯᠬᠦ᠂ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠬᠤ ᠵᠢ ᠬᠦᠳᠦᠯᠦᠨ ᠵᠢᠯᠤᠭᠤᠳᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号