ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ ᠵᠢᠡᠷ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠰᠢᠶᠠᠩᠭᠠᠩ᠎ᠤᠨ ᠪᠠᠢᠭᠠᠯᠢ ᠲᠧᠭᠨᠢᠭ ᠦᠨ ᠤᠬᠠᠭᠠᠨ᠎ᠤ ᠶᠡᠬᠡ ᠰᠤᠷᠭᠠᠭᠤᠯᠢ᠂ ᠣᠣᠮᠧᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠶᠡᠬᠡ ᠰᠤᠷᠭᠠᠭᠤᠯᠢ᠎ᠠᠴᠠ ᠬᠠᠮᠲᠤᠷᠠᠨ ᠡᠷᠬᠢᠯᠡᠭᠰᠡᠡ 2026 ᠤᠨ᠎ᠤ ᠥᠪᠥᠷ ᠮᠣᠩᠭᠣᠯ ᠭᠤᠸᠠᠩᠳ᠋ᠦ᠋ᠩ ᠰᠢᠶᠠᠩᠭᠠᠩ ᠣᠣᠮᠧᠨ ᠤ᠋ ᠵᠠᠩᠭᠢᠯᠠᠭ᠎ᠠ᠎ᠶᠢᠨ ᠮᠠᠲᠧᠷᠢᠶᠠᠯ ᠪᠣᠯᠣᠨ ᠣᠶᠤᠨᠴᠢ ᠡᠷᠡᠭᠦᠯ ᠮᠡᠨᠳᠦ᠎ᠶᠢᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ᠎ᠦ ᠬᠠᠮᠲᠤᠷᠠᠯᠴᠠᠭᠠᠨ᠎ᠤ ᠬᠤᠷᠠᠯ ᠲᠦᠷᠦᠬᠦᠬᠡᠨ ᠭᠤᠸᠠᠩᠳᠦ᠋ᠩ ᠮᠤᠵᠢ᠎ᠶᠢᠨ ᠵᠦᠩᠱᠠᠨ ᠬᠤᠳᠠ᠎ᠳᠤ ᠬᠤᠷᠠᠯᠳᠤᠪᠠ᠃ ᠥᠪᠥᠷ ᠮᠣᠩᠭᠣᠯ᠂ ᠭᠤᠸᠠᠩᠳᠦ᠋ᠩ᠂ ᠰᠢᠶᠠᠩᠭᠠᠩ᠂ ᠣᠣᠮᠧᠨ ᠵᠡᠷᠭᠡ ᠳᠦᠷᠪᠡᠨ ᠭᠠᠵᠠᠷ᠎ᠠᠴᠠ ᠢᠷᠡᠭᠰᠡᠨ 150 ᠭᠠᠷᠤᠢ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠲᠠᠭᠠᠭᠤᠯᠤᠬᠴᠢ ᠠᠵᠤ ᠠᠬᠤᠢᠯᠠᠯ ᠵᠢᠴᠢ ᠠᠵᠢᠯ ᠲᠦᠷᠦᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠲᠥᠯᠥᠭᠡᠯᠡᠭᠴᠢ ᠣᠷᠣᠨ ᠪᠦᠰᠡ ᠠᠯᠤᠰᠯᠠᠭᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ᠎ᠢ ᠬᠠᠮᠵᠢᠯᠴᠠᠭᠤᠯᠤᠨ ᠰᠢᠨ᠎ᠡ᠎ᠶᠢ ᠡᠭᠦᠳᠬᠦ ᠠᠷᠭ᠎ᠠ ᠵᠠᠮ᠎ᠤᠨ ᠳᠤᠬᠠᠢ ᠬᠠᠮᠲᠤ ᠪᠠᠷ ᠵᠥᠪᠳᠡᠯᠴᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠠᠵᠤ ᠦᠢᠯᠡᠰ᠎ᠦᠨ ᠠᠭᠤᠰᠤᠯᠴᠠᠨ ᠬᠥᠭᠵᠢᠬᠦ ᠰᠢᠨ᠎ᠡ ᠲᠦᠰᠦᠪ ᠲᠥᠯᠥᠪᠯᠡᠭᠡ᠎ᠶᠢ ᠬᠠᠮᠲᠤ ᠪᠠᠷ ᠵᠢᠷᠤᠭᠯᠠᠪᠠ᠃
ᠬᠤᠷᠠᠯ᠎ᠤᠨ ᠬᠤᠭᠤᠴᠠᠭᠠᠨ᠎ᠳᠤ᠂ ᠰᠢᠶᠠᠩᠭᠠᠩ᠎ᠤᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠫᠷᠤᠹᠧᠰᠰᠤᠷ ᠼᠠᠢ ᠵᠢᠩ᠂ ᠣᠣᠮᠧᠨ ᠶᠡᠬᠡ ᠰᠤᠷᠭᠠᠭᠤᠯᠢ᠎ᠶᠢᠨ ᠫᠷᠤᠹᠧᠰᠰᠤᠷ ᠰᠦᠨ ᠭᠦᠸᠧ ᠰᠢᠩ᠂ ᠣᠣᠮᠧᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠫᠷᠤᠹᠧᠰᠰᠤᠷ ᠹᠧᠩ ᠮᠢᠨ ᠴᠢᠶᠠᠩ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠶᠡᠬᠡ ᠰᠤᠷᠭᠠᠭᠤᠯᠢ᠎ᠶᠢᠨ ᠫᠷᠤᠹᠧᠰᠰᠤᠷ ᠵᠠᠩ ᠰᠢᠨ ᠹᠠᠩ ᠵᠡᠷᠭᠡ ᠤᠯᠠᠨ ᠡᠷᠳᠡᠮᠲᠡᠳ ᠬᠤᠰᠢᠭᠤᠷᠠᠯ ᠰᠤᠳᠤᠯᠭᠠᠨ᠎ᠤ ᠦᠷ᠎ᠡ ᠪᠦᠲᠦᠭᠡᠯ᠎ᠢ ᠬᠤᠪᠢᠶᠠᠯᠴᠠᠪᠠ᠃ ᠬᠤᠷᠠᠯ᠎ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠯᠳᠡ ᠵᠢᠨ ᠪᠦᠲᠦᠭᠡᠭᠳᠡᠬᠦᠨ ᠢ ᠳᠡᠯᠭᠡᠨ ᠦᠵᠡᠭᠦᠯᠬᠦ᠂ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ ᠵᠢᠡᠷ ᠲᠣᠭᠣᠷᠢᠨ ᠦᠵᠡᠵᠦ ᠪᠠᠢᠴᠠᠭᠠᠨ ᠰᠤᠳᠤᠯᠬᠤ ᠵᠡᠷᠭᠡ ᠭᠣᠭᠴᠣᠭ᠎ᠠ᠎ᠶᠢ ᠲᠣᠬᠢᠷᠠᠭᠤᠯᠵᠤ᠂ ᠬᠤᠷᠠᠯ᠎ᠳᠤ ᠣᠷᠣᠯᠴᠠᠭᠰᠠᠳ᠎ᠲᠤ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠬᠣᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠯᠳᠡ ᠵᠢᠨ ᠦᠷ᠎ᠡ ᠪᠦᠲᠦᠭᠡᠯ᠎ᠢ ᠣᠢᠷ᠎ᠠ ᠵᠠᠢᠡᠴᠨ ᠣᠢᠯᠠᠭᠠᠭᠤᠯᠵᠤ᠂ ᠵᠦᠩᠱᠠᠨ ᠬᠤᠳᠠ᠎ᠶᠢᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ ᠢ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠵᠤ᠂ ᠠᠵᠤ ᠦᠢᠯᠡᠰ᠎ᠦᠨ ᠡᠬᠢ ᠪᠠᠶᠠᠯᠢᠭ᠋ ᠢ ᠵᠣᠯᠭᠠᠭᠤᠯᠵᠤ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ᠎ᠤ ᠠᠵᠠ ᠲᠣᠬᠢᠶᠠᠯ ᠬᠠᠩᠭᠠᠵᠠᠢ᠃
ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠮᠦᠨ᠂ ᠬᠣᠪᠣᠷ ᠰᠢᠷᠣᠢ᠂ ᠬᠣᠪᠣᠷ ᠲᠡᠮᠦᠷᠯᠢᠭ ᠵᠡᠷᠭᠡ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ ᠲᠠᠢ ᠪᠠᠢᠵᠤ᠂ ᠳᠡᠭᠡᠳᠦ ᠴᠢᠳᠠᠪᠬᠢᠲᠤ ᠮᠠᠲᠧᠷᠢᠶᠠᠯ᠎ᠤᠨ ᠠᠵᠤ ᠦᠢᠯᠡᠰ ᠢ ᠬᠥᠭᠵᠢᠭᠦᠯᠬᠦ ᠳᠦ ᠠᠶᠠᠨᠳᠠᠭᠠᠨᠦ ᠳᠠᠪᠠᠭᠤᠯᠢᠭ᠋᠎ᠲᠠᠢ;ᠭᠤᠸᠠᠩᠳᠦ᠋ᠩ ᠰᠢᠶᠠᠩᠭᠠᠩ ᠣᠣᠮᠧᠨ ᠦ ᠲᠣᠮᠣ᠌ ᠪᠤᠯᠤᠩ᠎ᠤᠨ ᠣᠷᠣᠨ ᠨᠢ ᠳᠡᠯᠡᠬᠡᠢᠵᠢᠭᠰᠡᠨ ᠰᠢᠨ᠎ᠡ᠎ᠶᠢ ᠡᠭᠦᠳᠬᠦ ᠠᠮᠢ ᠠᠬᠤᠢ ᠪᠠ ᠪᠣᠯᠪᠠᠰᠤᠷᠠᠩᠭᠤᠢ ᠠᠵᠤ ᠦᠢᠯᠡᠰ᠎ᠤᠨ ᠬᠡᠯᠪᠡᠷᠢ ᠵᠢ ᠬᠤᠪᠢᠷᠠᠭᠤᠯᠬᠤ ᠴᠢᠳᠠᠪᠤᠷᠢ᠎ᠲᠠᠢ᠃ ᠥᠪᠥᠷ ᠮᠣᠩᠭᠣᠯ ᠭᠤᠸᠠᠩᠳᠦ᠋ᠩ ᠰᠢᠶᠠᠩᠭᠠᠩ ᠣᠣᠮᠧᠨ ᠲᠦᠷᠪᠡᠨ ᠭᠠᠵᠠᠷ᠎ᠤᠨ ᠬᠢᠨ 《 ᠵᠡᠭᠦᠨ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + ᠪᠠᠷᠠᠭᠤᠨ ᠣᠷᠣᠨ᠎ᠤ ᠡᠬᠢ ᠪᠠᠶᠠᠯᠢᠭ᠋ 》 ᠤ᠋ᠨ ᠬᠠᠮᠵᠢᠯᠴᠠᠨ ᠬᠥᠭᠵᠢᠬᠦ ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠦ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ᠎ᠤ ᠪᠣᠭᠣᠮᠲᠠ ᠰᠢᠪᠲᠤᠯᠬᠤ᠂ ᠲᠠᠪᠴᠠᠩ ᠢ ᠬᠠᠮᠲᠤ ᠪᠠᠷ ᠪᠠᠶ᠋ᠢᠭᠤᠯᠬᠤ ᠵᠡᠷᠭᠡ ᠲᠠᠯ᠎ᠠ᠎ᠪᠠᠷ ᠦᠨᠡᠨ ᠪᠣᠳᠠᠲᠠᠢ ᠬᠠᠮᠲᠤᠷᠠᠯᠴᠠᠭ᠎ᠠ ᠥᠷᠨᠢᠭᠦᠯᠬᠦ ᠨᠢ ᠰᠠᠭᠤᠷᠢ ᠰᠤᠳᠤᠯᠭᠠᠨ᠎ᠢ ᠠᠵᠤ ᠦᠢᠯᠡᠰ᠎ᠦᠨ ᠬᠡᠷᠡᠭᠯᠡᠭᠡᠨ᠎ᠦ ᠪᠦᠬᠦ ᠬᠡᠯᠬᠢᠶᠡᠳ᠋ᠤ ᠨᠡᠪᠲᠡᠷᠡᠭᠦᠯᠬᠦ᠎ᠳᠦ ᠠᠯᠤᠰ ᠬᠡᠳᠦ᠎ᠶᠢᠨ ᠠᠴᠢ ᠬᠣᠯᠪᠣᠭᠳᠠᠯ᠎ᠲᠠᠢ ᠶᠤᠮ᠃
ᠲᠣᠰ ᠤᠳᠠᠭᠠᠨ ᠤ ᠬᠤᠷᠠᠯ ᠨᠢ ᠵᠠᠩᠭᠢᠯᠠᠭ᠎ᠠ᠎ᠶᠢᠨ ᠮᠠᠲᠧᠷᠢᠶᠠᠯ ᠪᠣᠯᠣᠨ ᠣᠶᠤᠨᠴᠢ ᠡᠷᠡᠭᠦᠯ ᠮᠡᠨᠳᠦ᠎ᠶᠢᠨ ᠬᠦᠷᠢᠶᠡᠨ᠎ᠳᠦ ᠣᠯᠠᠨ ᠵᠦᠢᠯ ᠦᠨ ᠬᠠᠮᠲᠤᠷᠠᠯᠴᠠᠭᠠᠨ᠎ᠤ ᠬᠠᠮᠲᠤ᠎ᠶᠢᠨ ᠲᠠᠨᠢᠯᠲᠠ᠎ᠲᠠᠢ ᠪᠣᠯᠵᠤ᠂ ᠰᠢᠨ᠎ᠡ᠎ᠶᠢ ᠡᠭᠦᠳᠬᠦ ᠬᠡᠯᠬᠢᠶ᠎ᠡ᠂ ᠠᠵᠤ ᠦᠢᠯᠡᠰ ᠦᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠎ᠶᠢ ᠣᠷᠣᠨ ᠪᠦᠰᠡ ᠠᠯᠤᠰᠯᠠᠨ ᠵᠣᠯᠭᠠᠭᠤᠯᠬᠤ ᠶᠢ ᠪᠦᠲᠦᠮᠵᠢᠲᠡᠶ ᠠᠬᠢᠭᠤᠯᠪᠠ ᠃