ᠬᠠᠪᠤᠷ᠎ᠤᠨ ᠳᠤᠮᠳᠠ ᠰᠠᠷ᠎ᠠ᠎ᠳᠤ᠂ ᠰᠤᠷᠪᠤᠯᠵᠢᠯᠠᠭ᠍ᠴᠢ ᠪᠠᠶᠠᠨᠨᠠᠭᠤᠷ ᠬᠤᠳᠠ᠎ᠶᠢᠨ ᠯᠢᠨ ᠡᡁᠸ ᠲᠣᠭᠣᠷᠢᠭ᠋᠎ᠤᠨ ᠤᠯᠤᠰ᠎ᠤᠨ ᠡᠵᠡᠩᠨᠡᠯᠲᠡ ᠢ᠋ᠢᠨ ᠰᠢᠨ ᠬᠤᠸᠠ ᠤᠢ ᠰᠢᠭᠤᠢ᠎ᠶᠢᠨ ᠲᠠᠯᠠᠪᠠᠢ᠎ᠳᠤ ᠬᠦᠷᠬᠦ᠎ᠳᠦ ᠰᠢᠨ᠎ᠡ ᠰᠣᠷᠭᠣᠭ ᠴᠡᠴᠡᠭ ᠤᠷᠭᠤᠮᠠᠯ᠎ᠤᠨ ᠰᠠᠢᠬᠠᠨ ᠦᠨᠦᠷ ᠬᠠᠩᠬᠤᠯᠤᠨ᠎ᠠ᠃ ᠤᠢ ᠬᠠᠮᠠᠭᠠᠯᠠᠭ᠍ᠴᠢ ᠴᠧᠨ ᠶᠠᠨ ᠹᠸᠩ ᠡᠪᠡᠰᠦ ᠬᠠᠳᠤᠬᠤ ᠮᠠᠰᠢᠨ ᠡᠭᠦᠷᠴᠦ᠂ ᠤᠢ ᠮᠣᠳᠣᠨ᠎ᠤ ᠳᠤᠮᠳᠠᠭᠤᠷ ᠰᠦᠯᠵᠢᠯᠳᠦᠵᠦ ᠪᠠᠢᠯ᠎ᠠ᠃ ᠣᠶ ᠳᠣᠲᠣᠷ᠎ᠠ ᠬᠤᠪᠠᠬᠠᠢ ᠨᠠᠪᠴᠢ ᠪᠠ ᠬᠤᠬ ᠡᠪᠡᠰᠦ᠎ᠶᠢ ᠳᠦᠭᠦᠷᠭᠡᠭᠰᠡᠨ ᠮᠠᠰᠢ ᠣᠯᠠᠨ ᠲᠣᠮᠣ᠌ ᠤᠭᠤᠲᠠ ᠲᠠᠯᠪᠢᠭᠠᠰᠤᠲᠠᠢ ᠪᠠᠢᠵᠤ ᠴᠡᠪᠡᠷ ᠴᠡᠮᠴᠡᠭᠡᠷ ᠬᠠᠷᠠᠬᠳᠠᠨ᠎ᠠ᠃
《ᠪᠢᠳᠡ ᠡᠳᠦᠷ ᠪᠦᠷᠢ ᠣᠶ ᠰᠢᠭᠤᠢ ᠶ᠋ᠢᠨ ᠭᠠᠯ ᠢ᠋ ᠰᠡᠷᠭᠡᠢᠯᠡᠬᠦ ᠲᠣᠭᠣᠷᠢᠨ ᠪᠠᠢᠴᠠᠭᠠᠯᠲᠠ᠂ ᠣᠶ ᠰᠢᠭᠤᠢ ᠶ᠋ᠢᠨ ᠡᠬᠢ ᠪᠠᠶᠠᠯᠢᠭ᠋ ᠢ᠋ ᠬᠠᠮᠠᠭᠠᠯᠠᠬᠤ ᠵᠢᠴᠢ ᠳᠠᠯᠳᠠ ᠭᠡᠮ ᠢ᠋ ᠪᠠᠢᠴᠠᠭᠠᠬᠤ ᠪᠠ ᠴᠡᠭᠴᠡᠯᠡᠨ ᠵᠠᠰᠠᠬᠤ ᠵᠡᠷᠭᠡ ᠠᠵᠢᠯ ᠢ᠋ ᠥᠷᠨᠢᠭᠦᠯᠳᠡᠭ᠂ ᠴᠠᠭᠠᠨ ᠰᠠᠷ᠎ᠠ ᠶ᠋ᠢᠨ ᠬᠤᠭᠤᠴᠠᠭᠠᠨ᠎ᠳᠤ ᠪᠠᠰᠠ ᠡᠭᠡᠯᠵᠢᠯᠡᠨ ᠪᠠᠢᠴᠠᠭᠠᠬᠤ ᠬᠥᠮᠥᠨ ᠪᠠᠢᠳᠠᠭ》 ᠭᠡᠵᠦ ᠴᠧᠨ ᠶᠠᠨ ᠹᠸᠩ ᠬᠡᠯᠡᠪᠡ᠃
ᠤᠯᠤᠰ᠎ᠤᠨ ᠡᠵᠡᠩᠨᠡᠯᠲᠡ ᠢ᠋ᠢᠨ ᠰᠢᠨ ᠬᠤᠸᠠ ᠣᠶ ᠰᠢᠭᠤᠢ᠎ᠶᠢᠨ ᠲᠠᠯᠠᠪᠠᠶ᠎ᠶᠢ 1960 ᠣᠨ᠎ᠳᠤ ᠡᠬᠢᠯᠡᠨ ᠪᠠᠢᠭᠤᠯᠵᠤ᠂ ᠳᠣᠣᠷ᠎ᠠ ᠨᠢ 4 ᠬᠤᠪᠢᠶᠠᠷᠢ ᠲᠠᠯᠠᠪᠠᠶ᠂ 22 ᠠᠵᠢᠯᠯᠠᠬᠤ ᠲᠣᠭᠣᠷᠢᠭ᠋ ᠭᠠᠷᠭᠠᠵᠤ᠂ ᠶᠡᠷᠦᠩᠬᠡᠢ ᠲᠠᠯᠠᠪᠠᠶ ᠨᠢ 5.2 ᠲᠦᠮᠡᠨ ᠮᠦ᠍᠎ᠳᠦ ᠬᠦᠷᠴᠡᠢ᠃ ᠣᠳᠣᠬᠠᠨ᠎ᠳᠤ ᠰᠢᠨ ᠬᠤᠸᠠ ᠣᠶ ᠰᠢᠭᠤᠢ᠎ᠶᠢᠨ ᠲᠠᠯᠠᠪᠠᠶ᠎ᠳᠤ ᠨᠡᠶ᠋ᠢᠲᠡ 4.66 ᠲᠦᠮᠡᠨ ᠮᠦ᠍᠂ 755 ᠲᠦᠮᠡᠨ ᠰᠠᠭᠤᠷᠢ ᠮᠣᠳᠣ᠌ ᠳᠠᠷᠢᠵᠤ᠂ ᠡᠪᠡᠰᠦ ᠮᠣᠳᠣᠨ᠎ᠤ ᠪᠦᠷᠬᠦᠴᠡ 88%᠎ᠳᠤ ᠬᠦᠷᠴᠡᠢ᠃ ᠲᠡᠭᠦᠨ᠎ᠦ ᠠᠮᠢ ᠠᠬᠤᠢ᠎ᠶᠢᠨ ᠦᠷ᠎ᠡ ᠠᠰᠢᠭ᠋ ᠨᠢ ᠢᠯᠡᠳᠲᠡ ᠪᠠᠢᠵᠤ᠂ 635.92 ᠲᠦᠮᠡᠨ ᠲᠣᠨ ᠡᠯᠡᠰᠦ᠎ᠶᠢ ᠲᠣᠭᠲᠠᠪᠤᠷᠢᠵᠢᠭᠤᠯᠵᠤ᠂ 14.63 ᠲᠦᠮᠡᠨ ᠲᠣᠨ ᠨᠡᠭᠦᠷᠡᠰᠦᠲᠥ᠋ᠷᠥᠭᠴᠢ᠎ᠶᠢ ᠲᠣᠭᠲᠠᠪᠤᠷᠢᠵᠢᠭᠤᠯᠵᠤ᠂ 14.14 ᠲᠦᠮᠡᠨ ᠲᠣᠨ ᠬᠥᠷᠥᠰᠥ ᠰᠢᠷᠣᠢ᠎ᠶᠢ ᠬᠠᠮᠠᠭᠠᠯᠠᠨ ᠪᠣᠢᠵᠢᠭᠤᠯᠵᠤ᠂ 18.70 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤᠨ᠎ᠤ ᠡᠬᠢ ᠰᠤᠷᠪᠤᠯᠵᠢ ᠬᠠᠳᠠᠭᠠᠯᠠᠬᠤ᠎ᠶᠢ ᠪᠡᠶᠡᠯᠡᠭᠦᠯᠵᠡᠢ᠃ ᠤᠢ ᠰᠢᠭᠤᠢ ᠢ᠋ᠢᠨ ᠲᠠᠯᠠᠪᠠᠶ ᠪᠠᠢᠭᠤᠯᠤᠭᠳᠠᠭᠰᠠᠨ ᠡᠬᠢᠨ᠎ᠦ ᠬᠤᠭᠤᠴᠠᠭᠠᠨ᠎ᠳᠦ 2.15 ᠲᠦᠮᠡᠨ ᠮᠦ᠍ ᠡᠯᠡᠰᠦᠷᠬᠡᠭ ᠭᠠᠵᠠᠷ ᠢ ᠪᠦᠬᠦᠨ᠎ᠢ ᠵᠠᠰᠠᠵᠤ᠂ ᠣᠢᠷ᠎ᠠ ᠬᠠᠪᠢ᠎ᠶᠢᠨ ᠬᠣᠶᠠᠷ ᠨᠠᠭᠤᠷ ᠴᠥᠭᠥᠷᠥᠮ᠎ᠦᠨ ᠤᠰᠤᠨ᠎ᠤ ᠭᠠᠳᠠᠷᠭᠤ᠎ᠶᠢᠨ ᠲᠠᠯᠠᠪᠠᠶ ᠨᠢ ᠤᠤᠯ᠎ᠤᠨ 500 ᠮᠦ᠍ ᠪᠠᠢᠭᠰᠠᠨ ᠠ᠋ᠴᠠ᠎ᠪᠠᠨ 700 ᠮᠦ᠍ ᠪᠣᠯᠵᠤ ᠥᠷᠭᠡᠳᠴᠡᠢ᠃ 2023 ᠣᠨ᠎ᠳᠤ᠂ ᠰᠢᠨ ᠬᠤᠸᠠ ᠤᠢ ᠰᠢᠭᠤᠢ᠎ᠶᠢᠨ ᠲᠠᠯᠠᠪᠠᠢ ᠨᠢ ᠪᠦᠬᠦ ᠤᠯᠤᠰ᠎ᠤᠨ ᠡᠯᠡᠰᠦᠷᠭᠡᠭᠵᠢᠯ ᠢ᠋ ᠰᠡᠷᠭᠡᠢᠯᠡᠵᠦ ᠡᠯᠡᠰᠦ᠎ᠶᠢ ᠵᠠᠰᠠᠬᠤ ᠲᠤᠷᠰᠢᠯᠲᠠ᠎ᠶᠢᠨ ᠴᠡᠭ᠎ᠤᠨ ᠤᠢ ᠰᠢᠭᠤᠢ᠎ᠶᠢᠨ ᠲᠠᠯᠠᠪᠠᠢ ᠪᠣᠯᠵᠠᠢ᠃
2023 ᠣᠨ᠎ᠤ 6 ᠰᠠᠷ᠎ᠠ᠎ᠶᠢᠨ 6 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠤᠯᠤᠰ᠎ᠤᠨ ᠡᠵᠡᠩᠨᠡᠯᠲᠡ ᠢ᠋ᠢᠨ ᠰᠢᠨ ᠬᠤᠸᠠ ᠣᠶ ᠰᠢᠭᠤᠢ᠎ᠶᠢᠨ ᠲᠠᠯᠠᠪᠠᠶ᠎ᠳᠤ ᠰᠢᠨᠵᠢᠯᠡᠨ ᠪᠠᠢᠴᠠᠭᠠᠬᠤ᠎ᠳᠠᠭᠠᠨ᠂ ᠬᠥᠮᠥᠨ ᠲᠥᠷᠥᠯᠬᠢᠲᠡᠨ ᠨᠠᠩ ᠰᠠᠢᠲᠤᠷ ᠣᠷᠣᠰᠢᠨ ᠲᠣᠭᠲᠠᠨᠢᠵᠤ ᠬᠥᠭᠵᠢᠶ᠎ᠡ ᠭᠡᠪᠡᠯ ᠡᠷᠬᠡᠪᠰᠢ ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶᠢ ᠵᠠᠰᠠᠬᠤ ᠬᠡᠷᠡᠭᠲᠡᠢ᠃ ᠡᠨᠡ ᠪᠣᠯ ᠨᠢᠭᠡᠨ ᠴᠢᠯᠠᠭᠤ ᠥᠩᠬᠥᠷᠢᠭᠦᠯᠦᠨ ᠠᠭᠤᠯᠠᠨ᠎ᠳᠤ ᠭᠠᠷᠬᠤ ᠶᠠᠪᠤᠴᠠ ᠮᠥᠨ᠂ ᠪᠠᠭ᠎ᠠ ᠯᠠ ᠰᠤᠯᠠᠷᠠᠬᠰᠠᠭᠠᠷ ᠳᠠᠬᠢᠨ ᠳᠠᠪᠲᠠᠬᠤ ᠪᠠᠢᠳᠠᠯ ᠭᠠᠷᠴᠤ ᠮᠡᠳᠡᠨ᠎ᠡ ᠭᠡᠵᠦ ᠴᠢᠬᠤᠯᠠᠴᠢᠯᠠᠪᠠ᠃
ᠶᠡᠷᠦᠩᠬᠡᠢ ᠱᠦᠵᠢ᠎ᠶᠢᠨ ᠦᠭᠡ ᠪᠦᠬᠦᠨ ᠤᠢ ᠰᠢᠭᠤᠢ᠎ᠶᠢᠨ ᠲᠠᠯᠠᠪᠠᠢ᠎ᠶᠢᠨ ᠬᠥᠮᠥᠰ᠎ᠦᠨ ᠰᠡᠳᠬᠢᠯ᠎ᠳᠦ ᠬᠠᠳᠠᠩᠰᠢᠵᠠᠢ᠃
《ᠶᠡᠷᠦᠩᠬᠡᠢ ᠱᠦᠵᠢ᠎ᠶᠢᠨ ᠬᠦᠷᠴᠦ ᠢᠷᠡᠭᠰᠡᠨ ᠨᠢ ᠤᠢ ᠰᠢᠭᠤᠢ᠎ᠶᠢᠨ ᠲᠠᠯᠠᠪᠠᠢ᠎ᠶᠢᠨ ᠺᠠᠳ᠋ᠷ ᠠᠵᠢᠯᠲᠠᠳ᠎ᠤᠨ ᠤᠷᠮ᠎ᠠ ᠵᠣᠷᠢᠭ᠋᠎ᠢ ᠶᠡᠬᠡᠳᠡ ᠬᠥᠭᠵᠢᠭᠡᠵᠦ᠂ ᠪᠢᠳᠡᠨ᠎ᠦ ᠰᠢᠷ᠎ᠠ ᠡᠯᠡᠰᠦ᠎ᠶᠢ ᠢᠯᠠᠬᠤ ᠢᠲᠡᠭᠡᠯ ᠵᠣᠷᠢᠭ᠋᠎ᠢ ᠤᠯᠠᠮ ᠪᠠᠲᠤᠳᠬᠠᠪᠠ》᠃ ᠤᠯᠤᠰ᠎ᠤᠨ ᠡᠵᠡᠩᠨᠡᠯᠲᠡ᠎ᠶᠢᠨ ᠰᠢᠨ ᠬᠤᠸᠠ ᠤᠢ ᠰᠢᠭᠤᠢ᠎ᠶᠢᠨ ᠲᠠᠯᠠᠪᠠᠢ᠎ᠶᠢᠨ ᠳᠠᠷᠤᠭ᠎ᠠ ᠴᠢ ᠰᠢᠩ ᠢᠦᠢ᠄ 《ᠥᠩᠭᠡᠷᠡᠭᠰᠡᠨ᠎ᠳᠦ᠂ ᠤᠢ ᠰᠢᠭᠤᠢ᠎ᠶᠢᠨ ᠲᠠᠯᠠᠪᠠᠢ᠎ᠶᠢᠨ ᠡᠷᠬᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ ᠲᠤᠢᠯ᠎ᠤᠨ ᠮᠠᠭᠤ ᠪᠠᠢᠵᠤ᠂ ᠭᠠᠵᠠᠷ ᠪᠣᠯᠭᠠᠨ᠎ᠳᠤ ᠴᠥᠮ ᠡᠯᠡᠰᠦᠨ ᠲᠠᠩ᠂ ᠠᠲᠠᠷ ᠲᠠᠩ᠂ ᠭᠤᠤᠯ᠎ᠤᠨ ᠰᠠᠢᠷᠭᠠᠯ ᠪᠠ ᠬᠤᠵᠢᠷ᠎ᠲᠦ ᠲᠠᠯ᠎ᠠ ᠪᠠᠢᠵᠠᠢ᠃ 60 ᠭᠠᠷᠤᠢ ᠵᠢᠯ᠎ᠦᠨ ᠲᠤᠷᠰᠢ ᠰᠢᠨ ᠬᠤᠸᠠ ᠤᠢ ᠰᠢᠭᠤᠢ᠎ᠶᠢᠨ ᠲᠠᠯᠠᠪᠠᠢ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶᠢ ᠵᠠᠰᠠᠬᠤ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ᠂ 〈ᠤᠮᠠᠷᠠᠲᠤ᠎ᠶᠢᠨ ᠭᠤᠷᠪᠠᠨ ᠣᠷᠣᠨ〉 ᠤ᠋ ᠢᠨᠵᠧᠨᠧᠷᠢᠩ ᠵᠡᠷᠭᠡ ᠤᠯᠤᠰ᠎ᠤᠨ ᠭᠣᠣᠯᠳᠠᠯᠭ᠎ᠠ᠎ᠲᠠᠢ ᠲᠦᠷᠦᠯ ᠵᠦᠢᠯ᠎ᠢ ᠦᠷᠭᠦᠯᠵᠢᠯᠡᠨ ᠬᠡᠷᠡᠭᠵᠢᠭᠦᠯᠵᠦ᠂ 〈ᠨᠣᠭᠣᠭᠠᠨ ᠪᠦᠰᠡ᠎ᠶᠢᠨ ᠠᠵᠢᠯᠯᠠᠭ᠎ᠠ〉 ᠵᠢᠨ ᠡᠯᠡᠰᠦᠷᠭᠡᠭᠵᠢᠯ ᠢ᠋ ᠰᠡᠷᠬᠡᠢᠯᠡᠨ ᠡᠯᠡᠰᠦ᠎ᠶᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠲᠦᠷᠦᠯ ᠵᠦᠢᠯ᠎ᠢ ᠰᠢᠨ᠎ᠡ᠎ᠪᠡᠷ ᠡᠭᠦᠳᠴᠦ᠂ 〈ᠡᠯᠡᠰᠦ ᠤᠷᠤᠭᠰᠢᠯᠠᠵᠤ ᠬᠥᠮᠥᠨ ᠤᠬᠤᠷᠢᠬᠤ〉 ᠡᠴᠡ 〈ᠨᠣᠭᠣᠭᠠᠷᠠᠭᠤᠯᠤᠯᠲᠠ ᠤᠷᠤᠬᠰᠢᠯᠠᠵᠦ ᠡᠯᠡᠰᠦ ᠤᠬᠤᠷᠢᠬᠤ〉 ᠲᠡᠦᠬᠡᠲᠦ ᠴᠢᠨᠠᠷᠲᠠᠢ ᠬᠤᠪᠢᠷᠠᠯᠲᠠ᠎ᠶᠢ ᠪᠡᠶᠡᠯᠡᠭᠦᠯᠵᠡᠢ》 ᠭᠡᠵᠦ ᠬᠡᠯᠡᠪᠡ᠃
ᠴᠧᠨ ᠶᠠᠨ ᠹᠧᠩ᠄ 《ᠪᠠᠭ᠎ᠠ ᠢ᠋ᠢᠨ ᠦᠶ᠎ᠡ᠎ᠳᠤ ᠭᠡᠷ᠎ᠲᠡᠬᠡᠨ ᠲᠠᠷᠢᠶ᠎ᠠ ᠲᠠᠷᠢᠵᠤ ᠪᠠᠢᠬᠤ᠎ᠳᠤ᠂ ᠲᠠᠷᠢᠶᠠᠨ ᠴᠢᠬᠢ ᠰᠠᠶᠢᠬᠠᠨ ᠤᠷᠭᠤᠵᠦ ᠭᠠᠷᠬᠤ ᠲᠠᠢ ᠵᠡᠷᠭᠡ ᠨᠢᠭᠡ ᠤᠳᠠᠭᠠᠨ᠎ᠤ ᠰᠠᠯᠬᠢ ᠰᠢᠭᠤᠷᠭᠠᠨ ᠲᠤᠬᠢᠶᠠᠯᠳᠤᠪᠠᠯ ᠲᠠᠷᠢᠶᠠᠨ ᠴᠢᠬᠢ ᠵᠠᠷᠢᠮ ᠨᠢ ᠰᠠᠯᠬᠢᠨ᠎ᠳᠤ ᠦᠯᠢᠶᠡᠭᠲᠡᠨ ᠶᠠᠪᠤᠵᠦ᠂ ᠵᠠᠷᠢᠮ ᠨᠢ ᠡᠯᠡᠰᠦᠨ᠎ᠳᠦ ᠪᠤᠯᠠᠭᠳᠠᠵᠤ᠂ ᠦᠨᠳᠦᠰᠦᠨ᠎ᠳᠡᠭᠡᠨ ᠮᠥᠬᠥᠯᠢᠭ ᠠᠮᠤ ᠴᠤ᠌ ᠬᠤᠷᠢᠶᠠᠵᠦ ᠲᠡᠢᠯᠬᠦ ᠦᠭᠡᠢ᠃ ᠡᠲᠡᠭᠡᠷ ᠵᠢᠯ᠎ᠦᠳ᠎ᠲᠦ ᠣᠶ ᠰᠢᠭᠤᠢ᠎ᠶᠢᠨ ᠲᠠᠯᠠᠪᠠᠶ᠎ᠳᠤ ᠮᠣᠳᠣ᠌ ᠳᠠᠷᠢᠵᠤ ᠣᠢᠵᠢᠭᠤᠯᠬᠤ᠂ ᠰᠠᠯᠬᠢᠨ᠎ᠢ ᠬᠠᠯᠬᠠᠯᠠᠨ ᠡᠯᠡᠰᠦ᠎ᠶᠢ ᠲᠣᠭᠲᠠᠪᠤᠷᠢᠵᠢᠭᠤᠯᠬᠤ ᠠᠵᠢᠯ᠎ᠢ ᠶᠡᠬᠡᠪᠡᠷ ᠥᠷᠨᠢᠭᠦᠯᠦᠭᠰᠡᠨ᠎ᠡᠴᠡ ᠠᠮᠢ ᠠᠬᠤᠢ ᠣᠷᠴᠢᠨ ᠲᠤᠭᠤᠷᠢᠨ ᠲᠤᠢᠯᠪᠤᠷᠢᠲᠠᠢ ᠬᠤᠪᠢᠷᠠᠪᠠ᠃ ᠰᠠᠯᠬᠢ ᠡᠯᠡᠰᠦ ᠪᠠᠭᠠᠰᠴᠤ᠂ ᠬᠥᠷᠥᠰᠥ ᠰᠢᠷᠣᠢ ᠥᠩ ᠰᠢᠮᠡᠯᠢᠭ ᠪᠣᠯᠵᠤ᠂ ᠲᠠᠷᠢᠶᠠᠨ ᠭᠠᠵᠠᠷ᠎ᠤᠨ ᠬᠤᠷᠢᠶᠠᠯᠲᠠ ᠵᠢᠯ᠎ᠡᠴᠡ ᠪᠠᠨ ᠵᠢᠯ ᠰᠠᠢᠵᠢᠷᠠᠵᠤ᠂ ᠤᠢ ᠳᠤᠳᠤᠷᠠᠬᠢ ᠠᠵᠥ᠍ ᠠᠬᠤᠢ ᠴᠤ᠌ ᠬᠥᠭᠵᠢᠵᠦ ᠡᠬᠢᠯᠡᠪᠡ᠃ ᠪᠢᠳᠡ ᠣᠶ ᠰᠢᠭᠤᠢ᠎ᠶᠢ ᠰᠠᠢᠲᠤᠷ ᠰᠠᠬᠢᠨ ᠬᠠᠮᠠᠭᠠᠯᠠᠭᠰᠠᠨ᠎ᠢᠶᠠᠷ ᠪᠠᠷᠠᠬᠤ ᠦᠭᠡᠢ᠂ ᠬᠠᠷᠮᠠᠨ ᠴᠤ᠌ ᠤᠯᠠᠮ ᠡᠴᠡ ᠤᠯᠠᠮ ᠲᠦᠭᠲᠦᠢᠵᠦ᠂ ᠠᠮᠢᠳᠤᠷᠠᠯ ᠤᠯᠠᠮ ᠡᠴᠡ ᠤᠯᠠᠮ ᠥᠭᠡᠳᠡᠯᠡᠵᠦ ᠪᠠᠢᠨ᠎ᠠ》 ᠭᠡᠵᠦ ᠬᠠᠵᠠᠭᠤ ᠳ᠋ᠤᠨᠢ ᠨᠥᠬᠥᠪᠦᠷᠢᠯᠡᠨ ᠬᠡᠯᠡᠪᠡ ᠃
2025 ᠣᠨ᠎ᠳᠤ᠂ ᠤᠯᠤᠰ᠎ᠤᠨ ᠡᠵᠡᠩᠨᠡᠯᠲᠡ ᠢ᠋ᠢᠨ ᠱᠢᠨ ᠬᠤᠸᠠ ᠣᠶ ᠱᠢᠭᠤᠶ᠎ᠶ᠋ᠢᠨ ᠲᠠᠯᠠᠪᠠᠶ᠎ᠠᠴᠠ ᠣᠶ ᠱᠢᠭᠤᠶ᠎ᠶ᠋ᠢᠨ ᠲᠠᠯᠠᠪᠠᠶ᠎ᠶ᠋ᠢᠨ ᠺᠠᠳ᠋ᠷ ᠠᠵᠢᠯᠲᠠᠨ ᠠᠵᠢᠯᠴᠢᠨ᠂ ᠲᠤᠰᠭᠠᠶ ᠠᠷᠠᠴᠢᠯᠠᠨ ᠬᠠᠮᠠᠭᠠᠯᠠᠬᠤ ᠠᠩᠭᠢ ᠵᠢᠴᠢ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠶ᠋ᠢ ᠬᠠᠮᠲᠤᠷᠠᠨ ᠥᠷᠨᠢᠭᠦᠯᠵᠦ᠍᠂ ᠡᠯ᠎ᠡ ᠲᠥᠷᠥᠯ᠎ᠦᠨ ᠲᠤᠷᠤᠭ ᠮᠣᠳᠣ ᠨᠡᠢᠲᠡ 0.6 ᠲᠦᠮᠡᠨ ᠰᠠᠭᠤᠷᠢ᠂ ᠪᠣᠳᠠ ᠮᠣᠳᠣ 15.5 ᠲᠦᠮᠡᠨ ᠰᠠᠭᠤᠷᠢ ᠳᠠᠷᠢᠭ᠍ᠰᠠᠨ ᠪᠥᠭᠡᠳ ᠪᠥᠬᠥ᠌ ᠦᠶᠡᠯᠡᠯ᠎ᠦᠨ ᠬᠤᠭᠤᠴᠠᠭᠠᠨ᠎ᠤ ᠳᠠᠷᠢᠵᠤ ᠪᠣᠢᠵᠢᠭᠤᠯᠬᠤ ᠬᠠᠮᠢᠶᠠᠷᠤᠯᠲᠠ᠎ᠶ᠋ᠢᠨ ᠠᠵᠢᠯ᠎ᠢ ᠪᠡᠶᠡᠯᠡᠭᠦᠯᠪᠡ᠃ ᠰᠠᠯᠠᠭ᠎ᠠ ᠨᠠᠮᠠᠭ᠎ᠠ᠎ᠶ᠋ᠢ ᠵᠠᠰᠠᠨ ᠬᠡᠯᠪᠡᠷᠢᠵᠢᠭᠦᠯᠬᠦ᠌᠂ ᠣᠢᠲᠤ ᠭᠠᠵᠠᠷ᠎ᠤᠨ ᠬᠤᠪᠠᠬᠠᠶ ᠨᠠᠪᠴᠢ᠎ᠶ᠋ᠢ ᠲᠥᠪᠯᠡᠷᠡᠭᠦᠯᠦᠨ ᠴᠡᠪᠡᠷᠯᠡᠬᠦ᠌ ᠵᠡᠷᠭᠡ ᠨᠠᠷᠢᠯᠢᠬ᠍ᠵᠢᠭᠤᠯᠤᠭ᠍ᠰᠠᠨ ᠬᠠᠮᠢᠶᠠᠷᠴᠤ᠌ ᠬᠠᠮᠠᠭᠠᠯᠠᠬᠤ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ᠂ ᠣᠶ ᠮᠣᠳᠣᠨ᠎ᠤ ᠡᠳᠡᠭᠡᠷᠡᠯᠳᠡ᠎ᠶ᠋ᠢᠨ ᠨᠣᠷᠮ᠎ᠠ᠎ᠶ᠋ᠢ ᠪᠦᠲᠦᠮᠵᠢᠲᠡᠶ ᠳᠡᠭᠡᠭ᠌ᠰᠢᠯᠡᠭᠦᠯᠦᠨ 95% ᠡᠴᠡ ᠳᠡᠭᠡᠭ᠌ᠰᠢ ᠪᠣᠯᠭᠠᠵᠤ᠂ ᠣᠷᠣᠨ ᠪᠦᠰᠡ᠎ᠶ᠋ᠢᠨ ᠣᠶ ᠱᠢᠭᠤᠶ ᠡᠪᠡᠰᠦᠨ᠎ᠦ ᠪᠦᠷᠬᠦᠴᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠠᠮᠢ ᠠᠬᠤᠶ᠎ᠶ᠋ᠢ ᠰᠡᠷᠭᠦᠭᠡᠬᠦ᠌ ᠦᠷ᠎ᠡ ᠪᠦᠲᠦᠮᠵᠢ᠎ᠶ᠋ᠢ ᠢᠯᠡᠳᠲᠡ ᠳᠡᠭᠡᠭᠰᠢᠯᠡᠬᠦᠯᠪᠡ᠃
ᠡᠭᠦᠨ᠎ᠡᠴᠡ ᠭᠠᠳᠠᠨ᠎ᠠ᠂ ᠤᠯᠤᠰ᠎ᠤᠨ ᠡᠵᠡᠩᠨᠡᠯᠲᠡ ᠢ᠋ᠢᠨ ᠱᠢᠨ ᠬᠤᠸᠠ ᠣᠶ ᠱᠢᠭᠤᠶ᠎ᠶ᠋ᠢᠨ ᠲᠠᠯᠠᠪᠠᠶ᠎ᠶ᠋ᠢᠨ ᠡᠯᠡᠰᠦ᠎ᠶ᠋ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠦᠨ ᠯᠢᠨ ᠾᠧ ᠲᠣᠭᠣᠷᠢᠭ᠎ᠤᠨ 20 ᠲᠦᠮᠡᠨ ᠺᠢᠯᠦᠸᠠᠲ ᠬᠡᠷᠡᠯᠴᠢ ᠴᠡᠨᠡᠭ᠎ᠤᠨ ᠲᠥᠷᠥᠯ ᠵᠦᠶ᠋ᠯ᠎ᠢ 2025 ᠣᠨ᠎ᠤ 12 ᠰᠠᠷ᠎ᠠ᠎ᠶ᠋ᠢᠨ 15 ᠤ᠋ ᠡᠳᠦᠷ ᠨᠢᠭᠡᠨᠲᠡ ᠪᠥᠬᠥ᠌ ᠬᠡᠮᠵᠢᠶ᠎ᠡ ᠪᠡᠷ ᠳᠤᠤᠷ᠎ᠲᠦ ᠨᠡᠢᠯᠡᠭᠦᠯᠦᠨ ᠴᠠᠬᠢᠯᠭᠠᠨ ᠭᠠᠷᠭᠠᠪᠠ᠃ ᠲᠣᠰ ᠲᠥᠷᠥᠯ ᠵᠦᠶ᠋ᠯ᠎ᠨᠢ ᠢᠵᠢ ᠪᠥᠷᠢᠳᠦᠭ᠌ᠰᠡᠨ ᠠᠮᠢ ᠠᠬᠤᠶ᠎ᠶ᠋ᠢᠨ ᠵᠠᠰᠠᠯᠲᠠ᠎ᠶ᠋ᠢ 2.4 ᠲᠦᠮᠡᠨ ᠮᠥ᠍ ᠠᠬᠢᠭᠤᠯᠵᠤ᠂ 《ᠤᠨᠳᠤᠤ ᠭᠠᠵᠠᠷ᠎ᠲᠤ ᠡᠯᠡᠰᠦ᠎ᠶ᠋ᠢ ᠵᠠᠰᠠᠬᠤ + ᠬᠠᠪᠲᠠᠰᠤᠨ ᠳᠤᠤᠷᠠᠬᠢ ᠵᠠᠰᠠᠯᠲᠠ》 ᠵᠢᠨ ᠬᠤᠤᠰ ᠱᠤᠭᠤᠮ᠎ᠤᠨ ᠵᠠᠭ᠍ᠪᠤᠷ᠎ᠢ ᠬᠡᠷᠡᠭ᠌ᠯᠡᠨ ᠂ ᠤᠷᠠᠳ᠎ᠤᠨ ᠬᠣᠢᠲᠤ ᠬᠣᠱᠢᠭᠤᠨ᠎ᠳᠤ 2.27 ᠲᠦᠮᠡᠨ ᠮᠥ᠍ ᠤᠨᠳᠤᠤ ᠭᠠᠵᠠᠷ᠎ᠲᠤ ᠡᠯᠡᠰᠦ᠎ᠶ᠋ᠢ ᠵᠠᠰᠠᠵᠤ᠂ ᠬᠡᠷᠡᠯᠴᠢ ᠴᠡᠨᠡᠭ᠎ᠦᠨ ᠬᠠᠪᠲᠠᠰᠤᠨ ᠳᠤᠤᠷ᠎ᠠ 1300 ᠮᠥ᠍ ᠡᠯᠡᠰᠦ᠎ᠶ᠋ᠢ ᠵᠠᠰᠠᠪᠠ᠃ ᠣᠳᠣᠬᠠᠨ᠎ᠳᠤ᠂ ᠬᠠᠪᠲᠠᠰᠤᠨ ᠳᠣᠣᠷᠠᠬᠢ ᠬᠠᠮᠢᠶᠠᠷᠤᠯᠲᠠ᠎ᠶ᠋ᠢᠨ ᠠᠵᠢᠯ᠎ᠢ ᠨᠢᠭᠡᠨᠲᠡ ᠤᠢ ᠱᠢᠭᠤᠢ᠎ᠶ᠋ᠢᠨ ᠲᠠᠯᠠᠪᠠᠢ ᠡᠴᠡ ᠪᠦᠬᠦ᠌ ᠲᠠᠯ᠎ᠠ᠎ᠪᠠᠷ ᠬᠦᠯᠢᠶᠡᠨ ᠠᠪᠴᠤ᠌᠂ 《ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ + ᠠᠮᠢ ᠠᠬᠤᠢ᠎ᠶ᠋ᠢ ᠰᠡᠷᠭᠦᠭᠡᠬᠦ᠌》 ᠬᠠᠮᠵᠢᠯᠴᠠᠨ ᠬᠥᠭ᠌ᠵᠢᠬᠦ᠌ ᠱᠢᠨ᠎ᠡ ᠪᠠᠢᠷᠢᠱᠢᠯ᠎ᠢ ᠪᠦᠷᠢᠯᠳᠦᠭᠦᠯᠵᠡᠢ᠃
《ᠲᠣᠰ ᠲᠥᠷᠥᠯ ᠵᠦᠶ᠋ᠯ᠎ᠦᠨ ᠵᠢᠱ᠌ᠢᠯᠲᠡ᠎ᠪᠡᠷ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ ᠨᠢ 3.6 ᠳ᠋ᠦᠩᠱᠢᠭᠤᠷ ᠺᠢᠯᠦᠸᠠᠲ᠎ᠲᠦ ᠬᠦᠷᠴᠦ᠍᠂ ᠵᠢᠯ ᠪᠦᠷᠢ 12.3 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢ ᠠᠷᠪᠢᠯᠠᠵᠤ ᠂ 65.6 ᠲᠦᠮᠡᠨ ᠲᠣᠨ ᠬᠦᠬᠦᠷ᠎ᠦᠨ ᠳᠠᠪᠬᠤᠷ ᠢᠰᠦᠯ ᠂ 73.4 ᠲᠣᠨ ᠠᠽᠣᠲ᠎ᠤᠨ ᠢᠰᠦᠮᠡᠭ ᠭᠠᠳᠠᠭ᠍ᠰᠢᠯᠠᠭᠤᠯᠬᠤ᠎ᠶ᠋ᠢ ᠪᠠᠭᠠᠰᠭᠠᠬᠤ ᠪᠣᠯᠤᠨ᠎ᠠ᠃ ᠡᠯ᠎ᠡ ᠲᠥᠷᠥᠯ᠎ᠦᠨ ᠣᠶ ᠱᠢᠭᠤᠶ ᠡᠪᠡᠰᠦᠨ᠎ᠦ ᠲᠠᠷᠢᠮᠠᠯ ᠳᠠᠷᠢᠬᠤ᠎ᠪᠠᠷ ᠳᠡᠮᠵᠢᠨ᠂ ᠰᠠᠯᠬᠢ᠎ᠶ᠋ᠢ ᠬᠠᠯᠬᠠᠯᠠᠵᠤ ᠡᠯᠡᠰᠦ᠎ᠶ᠋ᠢ ᠲᠣᠭ᠍ᠲᠠᠪᠤᠷᠢᠵᠢᠭᠤᠯᠬᠤ ᠲᠣᠭ᠍ᠲᠠᠭᠤᠨ ᠪᠦᠰᠡ᠎ᠶ᠋ᠢ ᠪᠦᠷᠢᠯᠳᠦᠭᠦᠯᠵᠦ᠍᠂ 〈ᠠᠮᠢ ᠠᠬᠤᠶ + ᠠᠵᠤ ᠦᠶ᠋ᠯᠡᠰ〉 ᠤ᠋ᠨ ᠬᠤᠤᠰ ᠠᠮᠵᠢᠯᠲᠠ᠎ᠶ᠋ᠢ ᠪᠡᠶᠡᠯᠡᠭᠦᠯᠪᠡ》 ᠭᠡᠵᠦ᠍ ᠴᠢ ᠱᠢᠩ ᠢᠦᠶ ᠲᠠᠨᠢᠯᠴᠠᠭᠤᠯᠪᠠ᠃
ᠪᠦᠬᠦ᠌ ᠲᠠᠯ᠎ᠠ᠎ᠠᠴᠠ ᠪᠣᠳᠣᠯᠬᠢᠯᠠᠵᠤ᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠨᠠᠢᠳᠠᠪᠤᠷᠢᠵᠢᠭᠤᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠪᠠᠶᠠᠨᠨᠠᠭᠤᠷ ᠬᠣᠲᠠ ᠣᠶ ᠱᠢᠭᠤᠶ ᠡᠪᠡᠰᠦ ᠪᠡᠯᠴᠢᠭᠡᠷ᠎ᠦᠨ ᠲᠤᠰᠭᠠᠶ ᠪᠠᠯᠠ ᠮᠥᠩᠭᠥ᠎ᠶ᠋ᠢ ᠨᠡᠢᠲᠡ 77.99 ᠳ᠋ᠦᠩᠱᠢᠭᠤᠷ ᠲᠥᠭᠥᠷᠢᠭ ᠣᠯᠵᠤ ᠂ ᠣᠶ ᠱᠢᠭᠤᠶ ᠡᠪᠡᠰᠦ ᠪᠡᠯᠴᠢᠭᠡᠷ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ 1605 ᠲᠦᠮᠡᠨ ᠮᠥ᠍ ᠪᠡᠶᠡᠯᠡᠭᠦᠯᠵᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 6.97% ᠳ᠋ᠤ ᠬᠦᠷᠴᠦ᠍᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠬᠡᠮᠵᠢᠶ᠎ᠡ᠎ᠶ᠋ᠢ 28% ᠳ᠋ᠤ ᠲᠣᠭ᠍ᠲᠠᠪᠤᠷᠢᠵᠢᠭᠤᠯᠵᠤ᠂ ᠠᠵᠤ ᠠᠬᠤᠶ᠎ᠶ᠋ᠢᠨ ᠣᠶ᠎ᠶ᠋ᠢ ᠱᠢᠨ᠎ᠡ᠎ᠪᠡᠷ 18.53 ᠲᠦᠮᠡᠨ ᠮᠥ᠍ ᠨᠡᠮᠡᠭ᠌ᠳᠡᠭᠦᠯᠵᠦ᠍᠂ ᠣᠶ ᠱᠢᠭᠤᠶ ᠡᠪᠡᠰᠦ᠎ᠶ᠋ᠢᠨ ᠦᠶ᠋ᠯᠡᠳᠬᠦᠨ᠎ᠦ ᠪᠥᠬᠥ᠌ ᠥᠷᠲᠡᠭ 45 ᠳ᠋ᠦᠩᠱᠢᠭᠤᠷ ᠲᠥᠭᠥᠷᠢᠭ᠎ᠢ ᠳᠠᠪᠠᠪᠠ᠃ 2025 ᠣᠨ᠎ᠳᠤ᠂ ᠪᠠᠶᠠᠨᠨᠠᠭᠤᠷ ᠬᠣᠲᠠ 1046 ᠲᠦᠮᠡᠨ ᠮᠥ᠍ ᠠᠮᠢ ᠠᠬᠤᠶ᠎ᠶ᠋ᠢᠨ ᠵᠠᠰᠠᠯᠲᠠ᠎ᠶ᠋ᠢ ᠪᠡᠶᠡᠯᠡᠭᠦᠯᠵᠦ᠍᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃ 4 ᠪᠡᠯᠭᠡ ᠲᠡᠮᠳᠡᠭ᠎ᠦᠨ ᠴᠢᠨᠠᠷᠲᠠᠶ ᠢᠨᠵᠧᠨᠧᠷᠢᠩ᠎ᠢ ᠥᠨᠳᠥᠷ ᠪᠠᠷᠢᠮᠵᠢᠶ᠎ᠠ᠎ᠪᠠᠷ ᠪᠡᠶᠡᠯᠡᠭᠦᠯᠵᠦ᠍᠂ 《ᠭᠤᠷᠪᠠᠨ ᠤᠮᠠᠷᠠᠲᠤ》᠎ᠶ᠋ᠢᠨ ᠢᠨᠵᠧᠨᠧᠷᠢᠩ᠎ᠦᠨ ᠬᠠᠲᠤᠨ ᠭᠤᠤᠯ᠎ᠤᠨ 《ᠳᠤᠬᠤᠢ ᠤᠷᠤᠨ》 ᠤ᠋ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠪᠠ᠃
《ᠶᠡᠷᠦᠩᠬᠡᠶ ᠱᠦᠵᠢ ᠰᠢ ᠵᠢᠨ ᠫᠢᠩ ᠤᠯᠤᠰ᠎ᠤᠨ ᠡᠵᠡᠩᠨᠡᠯᠳᠡ ᠵᠢᠨ ᠱᠢᠨ ᠬᠤᠸᠠ ᠣᠶ ᠱᠢᠭᠤᠶ᠎ᠶ᠋ᠢᠨ ᠲᠠᠯᠠᠪᠠᠶ᠎ᠳᠤ ᠱᠢᠨᠵᠢᠯᠡᠨ ᠪᠠᠢᠴᠠᠭᠠᠬᠤ᠎ᠳᠠᠭᠠᠨ᠂ ᠣᠨᠴᠠᠭᠠᠢᠯᠠᠨ ᠤᠯᠢᠶᠠᠰᠤᠨ ᠤ ᠲᠥᠷᠥᠯ᠎ᠦᠨ ᠣᠨᠴᠠᠯᠢᠭ᠎ᠢ ᠯᠠᠪᠯᠠᠨ ᠠᠰᠠᠭᠤᠪᠠ᠃ ᠤᠯᠢᠶᠠᠰᠤ ᠪᠣᠯ ᠡᠯᠡᠰᠦ᠎ᠶ᠋ᠢ ᠵᠠᠰᠠᠬᠤ ᠨᠡᠢᠲᠡᠯᠢᠭ ᠮᠣᠳᠣᠨ᠎ᠤ ᠲᠥᠷᠥᠯ ᠮᠥᠨ᠂ 〈ᠨᠢᠭᠡ ᠮᠣᠳᠣ ᠡᠴᠡ ᠨᠢᠭᠡ ᠣᠶ ᠪᠣᠯᠵᠣ ᠲᠡᠢᠯᠦᠨ᠎ᠡ〉᠃ ᠶᠠᠭ ᠮᠠᠨ᠎ᠤ ᠣᠢ ᠱᠢᠭᠤᠶ᠎ᠶ᠋ᠢᠨ ᠲᠠᠯᠠᠪᠠᠢ᠎ᠶ᠋ᠢᠨ ᠠᠵᠢᠯᠲᠠᠨ ᠠᠵᠢᠯᠴᠢᠨ᠎ᠲᠠᠶ ᠠᠳᠠᠯᠢ᠎ᠪᠠᠷ ᠬᠡᠳᠦᠶ ᠮᠠᠭᠤ ᠣᠷᠴᠢᠨ ᠲᠣᠭᠣᠷᠢᠨ᠎ᠳᠦ ᠴᠤ᠌ ᠤᠷᠤᠰᠢᠨ ᠲᠤᠭᠲᠠᠨᠢᠵᠦ ᠴᠢᠳᠠᠨ᠎ᠠ》᠃ ᠴᠢ ᠱᠢᠩ ᠢᠦᠢ᠄ 《ᠱᠢᠨ᠎ᠡ ᠨᠢᠭᠡ ᠵᠢᠯ᠎ᠳᠦ᠂ ᠪᠢᠳᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠪᠦᠬᠦ᠌ ᠤᠯᠤᠰ᠎ᠤᠨ ᠲᠡᠷᠢᠭᠦᠨ᠎ᠦ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠢᠱ᠌ᠢᠢ᠎ᠡ ᠦᠵᠡᠭᠦᠯᠬᠦ᠌ ᠤᠢ ᠱᠢᠭᠤᠢ᠎ᠶ᠋ᠢᠨ ᠲᠠᠯᠠᠪᠠᠢ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠤᠢ ᠱᠢᠭᠤᠢ᠎ᠶ᠋ᠢᠨ ᠳᠠᠷᠤᠭ᠎ᠠ᠎ᠶ᠋ᠢᠨ ᠲᠦᠷᠢᠮ᠎ᠦᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠤᠢ ᠮᠣᠳᠣ᠎ᠶ᠋ᠢ ᠪᠣᠢᠵᠢᠭᠤᠯᠬᠤ᠂ ᠤᠢ ᠱᠢᠭᠤᠢ᠎ᠶ᠋ᠢᠨ ᠲᠦᠢᠮᠡᠷ᠎ᠢ ᠰᠡᠷᠭᠡᠢᠯᠡᠬᠦ᠌᠂ ᠡᠬᠢ ᠪᠠᠶᠠᠯᠢᠭ᠎ᠢ ᠬᠠᠮᠢᠶᠠᠷᠤᠨ ᠬᠠᠮᠠᠭᠠᠯᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ》 ᠭᠡᠵᠦ᠍ ᠰᠡᠳᠭᠢᠯ ᠳᠣᠭ᠍ᠳᠣᠯᠤᠨ ᠬᠡᠯᠡᠪᠡ᠃