《ᠲᠠᠷᠢᠶᠠᠯᠠᠨᠭ᠌ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠭᠦᠨᠵᠡᠭᠡᠢᠷᠡᠭᠦᠯᠵᠦ᠍᠂ ᠬᠥᠳᠡᠭᠡ ᠲᠣᠰᠭᠣᠨᠤ ᠵᠢᠭᠤᠯᠴᠢᠯᠠᠯ ᠤ᠋ᠨ ᠳᠡᠰ ᠳᠡᠪᠱᠢᠬᠦ᠌ᠶ᠋ᠢ ᠠᠬᠢᠭᠤᠯᠵᠤ᠂ 〈 ᠪᠠᠭ᠎ᠠ ᠮᠥᠷᠲᠡᠭᠡᠨ ᠭᠤᠢᠳᠡ 〉 ᠰᠣᠶᠣᠯ ᠵᠢᠭᠤᠯᠴᠢᠯᠠᠯ ᠤ᠋ᠨ ᠡᠵᠡᠩᠨᠡᠯᠲᠡ ᠢ᠋ᠢᠨ ᠬᠡᠯᠪᠡᠷᠢᠶ᠋ᠢ ᠬᠥᠭ᠌ᠵᠢᠭᠦᠯᠦᠨᠡ 》᠃ 《 ᠬᠥᠳᠡᠭᠡ ᠲᠣᠰᠭᠣᠨᠤ ᠬᠡᠷᠡᠭ᠌ᠯᠡᠭᠡ ᠢ᠋ᠢᠨ ᠪᠠᠭ᠍ᠲᠠᠭᠠᠮᠵᠢᠶ᠋ᠢ ᠥᠷᠭᠡᠳᠭᠡᠨ ᠲᠠᠰ ᠳᠡᠪᠱᠢᠭᠦᠯᠬᠦ᠌ᠶ᠋ᠢ ᠳᠡᠮᠵᠢᠵᠦ᠍᠂ ᠬᠡᠷᠡᠭ᠌ᠯᠡᠭᠡ ᠢ᠋ᠢᠨ ᠲᠦᠬᠦᠬᠡᠷᠤᠮᠵᠢ ᠪᠠ ᠦᠶ᠋ᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠦᠨ᠂ ᠬᠡᠷᠡᠭ᠌ᠯᠡᠭᠡ ᠢ᠋ᠢᠨ ᠱᠢᠨ᠎ᠡ ᠡᠵᠡᠩᠨᠡᠯᠲᠡ ᠢ᠋ᠢᠨ ᠬᠡᠯᠪᠡᠷᠢ ᠱᠢᠨ᠎ᠡ ᠵᠠᠭ᠍ᠪᠤᠷ ᠱᠢᠨ᠎ᠡ ᠠᠬᠤᠶ ᠪᠠᠢᠳᠠᠯ ᠢ᠋ ᠪᠤᠢ ᠪᠤᠯᠭᠠᠨ᠎ᠡ 》 ᠁ ᠡᠨᠡ ᠵᠢᠯᠤ᠋ᠨ ᠲᠥᠪ ᠤ᠋ᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳ᠋ᠤ᠌ ᠬᠥᠳᠡᠭᠡ ᠲᠣᠰᠭᠣᠨ ᠢ᠋ ᠪᠥᠬᠥ᠌ ᠲᠠᠯᠠᠪᠠᠷ ᠬᠥᠭ᠌ᠵᠢᠭᠦᠯᠦᠨ ᠮᠠᠨᠳᠤᠭᠤᠯᠬᠤ ᠳ᠋ᠤ᠌ ᠲᠣᠳᠣᠷᠬᠠᠶ ᠦᠶ᠋ᠯᠡᠳᠦᠯᠭᠡ ᠢ᠋ᠢᠨ ᠵᠢᠷᠤᠭ ᠲᠥᠰᠦᠪ ᠢ᠋ ᠵᠢᠷᠤᠭ᠍ᠯᠠᠨ ᠦᠭᠴᠤ᠂ ᠲᠠᠷᠢᠶᠠᠯᠠᠨᠭ᠌ ᠰᠣᠶᠣᠯ ᠵᠢᠭᠤᠯᠴᠢᠯᠠᠯ ᠤ᠋ᠨ ᠠᠭᠤᠰᠤᠯᠴᠠᠯ ᠬᠦᠭᠵᠢᠯᠳᠠ ᠲᠤᠤᠷ᠎ᠠ᠂ ᠥᠪᠥᠷ ᠮᠣᠩᠭᠣᠯ ᠤ᠋ᠨ ᠬᠥᠳᠡᠭᠡ ᠲᠣᠰᠭᠣᠨ ᠨᠠᠡᠭ ᠦᠵᠡᠰᠭᠦᠯᠡᠩᠲᠦ ᠰᠠᠢᠬᠠᠨ ᠦᠡᠭᠭᠡ ᠭᠠᠯᠪᠢᠷᠵᠢᠡᠨ ᠭᠠᠢᠬᠠᠭᠤᠯᠤᠨ᠎ᠠ᠃
ᠬᠦᠬᠡᠬᠤᠳᠡ ᠢ᠋ᠢᠨ ᠬᠤᠳᠤᠨᠭ᠌ ᠠᠷᠠᠳ ᠤ᠋ᠨ ᠲᠤᠭᠤᠷᠢᠭ ᠤ᠋ᠨ ᠶᠦᠮ ᠤ᠋ᠨ ᠪᠠᠢᠰᠢᠨᠭ᠌ ᠪᠠᠯᠭᠠᠰᠤ ᠢ᠋ᠢᠨ ᠤᠰᠤᠲᠤ ᠲᠣᠰᠭᠣᠨ ᠪᠣᠯ 400 ᠭᠠᠷᠤᠢ ᠵᠢᠯ ᠤ᠋ᠨ ᠲᠡᠦᠬᠡᠲᠡᠶ ᠡᠷᠲᠡᠨ ᠤ᠋ ᠲᠣᠰᠭᠣᠨ ᠪᠠᠢᠵᠤ᠂ ᠮᠤᠷᠤᠯᠵᠠᠨ ᠤᠷᠤᠰᠬᠤ ᠭᠤᠤᠯ ᠨᠢ ᠲᠣᠰᠭᠣᠨ ᠢ᠋ ᠬᠣᠶᠠᠷ ᠬᠤᠪᠢᠶᠠᠵᠠᠢ᠃ ᠵᠡᠭᠦᠨ ᠤᠰᠤᠲᠤ ᠲᠣᠰᠭᠣᠨ ᠠᠭᠤᠯᠠ ᠤᠰᠤ ᠪᠡᠷ ᠬᠦᠷᠢᠶᠡᠯᠡᠭᠳᠡᠵᠤ᠂ ᠮᠢᠩᠭᠠᠨ ᠮᠦ᠍ ᠭᠦᠢᠯᠡᠰᠦᠨ ᠣᠢ ᠲᠠᠢ᠃ ᠡᠮᠦᠨᠡᠲᠦ ᠰᠦᠩ ᠤᠯᠤᠰ ᠤ᠋ᠨ ᠦᠶᠡᠳᠦ᠂ ᠴᠠᠩᠴᠦ᠋ᠨᠪᠤᠮᠪᠤ ᠴᠢᠦ ᠴᠦ ᠵᠢᠢ ᠪᠤᠯᠠᠭ ᠤ᠋ᠨ ᠤᠰᠤ ᠢ᠋ᠢ ᠨᠢ ᠤᠤᠭᠤᠭᠰᠠᠨ ᠤ᠋ ᠲᠠᠷᠠᠭ᠎ᠠ ᠡᠪᠡᠳᠴᠢᠨ ᠨᠢ ᠪᠦᠷᠢᠮᠦᠰᠦᠨ ᠡᠳᠡᠬᠡᠷᠡᠵᠤ᠂ ᠤᠰᠤᠲᠤ ᠪᠤᠯᠠᠭ ᠢ᠋ 《ᠬᠤᠪᠢᠯᠭᠠᠨ ᠪᠤᠯᠠᠭ》 ᠬᠡᠮᠡᠨ ᠨᠡᠷᠡᠢᠳᠦᠭᠰᠡᠨ ᠬᠡᠳᠡᠭ᠃ ᠤᠳᠤ ᠡᠨᠡ ᠬᠦ᠌ ᠪᠤᠯᠠᠭ ᠤ᠋ᠨ ᠤᠰᠤᠶ᠋ᠢ 《 ᠵᠣᠯ ᠵᠢᠷᠭᠠᠯ ᠤ᠋ᠨ ᠪᠤᠯᠠᠭ 》 ᠭᠡᠵᠦ᠍᠂ ᠡᠳᠤᠷ ᠲᠦ᠍ ᠪᠤᠯᠠᠭ ᠤ᠋ᠨ ᠤᠰᠤ ᠠᠪᠬᠤᠪᠠᠷ ᠢᠷᠡᠭ᠌ᠰᠡᠳ ᠴᠤᠪᠤᠵᠤ ᠯᠡ ᠪᠠᠢᠨ᠎ᠠ᠃
ᠵᠢᠯ ᠪᠦᠷᠢ ᠢ᠋ᠢᠨ ᠬᠠᠪᠤᠷ ᠤ᠋ᠨ ᠤᠯᠠᠷᠢᠯ ᠭᠦᠢᠯᠡᠰᠦᠨ ᠣᠢ ᠤᠯᠠᠢᠵᠤ᠂ ᠲᠣᠰᠭᠣᠨ ᠳ᠋ᠤ᠌ ᠬᠥᠷ ᠬᠥᠭ᠌ᠵᠢᠶᠡᠨ ᠢ᠋ᠢᠡᠷ ᠪᠢᠯᠬᠠᠨᠡ ᠃ ᠵᠤᠤᠬᠠᠪᠠᠨ ᠬᠦᠷᠢᠶᠡᠯᠡᠨ ᠰᠠᠭᠤᠵᠤ ᠴᠠᠢ ᠴᠢᠨᠠᠨ᠂ ᠬᠡᠭᠡᠷ᠎ᠡ ᠭᠠᠳᠠᠨ᠎ᠡ ᠪᠠᠭᠤᠳᠠᠯᠯᠠᠵᠤ᠂ ᠬᠥᠳᠡᠭᠡ ᠲᠣᠰᠭᠣᠨᠤ ᠠᠷᠠᠳ ᠤ᠋ᠨ ᠰᠠᠭᠤᠴᠠ ᠤᠨᠴᠡ ᠢ᠋ᠢᠨ ᠬᠦᠷᠢᠶᠡᠯᠡᠯ ᠲᠠᠢ ᠪᠠᠢᠯᠡ᠃ ᠵᠡᠭᠦᠨ ᠤᠰᠤᠲᠤ ᠲᠣᠰᠭᠣᠨᠤ 《ᠼᠠᠢ ᠯᠦ᠍ ᠶᠢᠩ ᠤ᠋ᠨ ᠰᠠᠭᠤᠷᠢᠨ》 ᠠᠷᠠᠳ ᠤ᠋ᠨ ᠰᠠᠭᠤᠴᠠ ᠢ᠋ᠢᠨ ᠡᠵᠡᠨᠳᠡᠨ ᠤ᠋ ᠲᠠᠨᠢᠯᠴᠠᠭᠤᠯᠤᠭ᠍ᠰᠠᠨ ᠢ᠋ᠢᠡᠷ᠂ ᠲᠠᠪᠤᠨ ᠰᠠᠷ᠎ᠡ ᠢ᠋ᠢᠨ ᠨᠢᠬᠡᠨ ᠤ᠋ ᠠᠮᠠᠷᠠᠯᠲᠠ ᠢ᠋ᠢᠨ ᠬᠤᠭᠤᠴᠠᠭᠠᠨ ᠳ᠋ᠤ᠌ ᠵᠤᠴᠢᠳ ᠤ᠋ᠨ ᠦᠷᠦᠭᠡᠪᠡᠨ ᠪᠦᠬᠦᠨ ᠢ᠋ ᠵᠠᠬᠢᠶᠠᠯᠠᠨ ᠳᠠᠭᠤᠰᠭᠠᠵᠤ ᠂ ᠵᠢᠷᠭᠤᠭᠠᠨ ᠰᠠᠷ᠎ᠡ ᠢ᠋ᠢᠨ ᠨᠢᠬᠡᠨ ᠤ᠋ ᠬᠡᠤᠬᠡᠳ ᠤ᠋ᠨ ᠪᠠᠶᠠᠷ ᠤ᠋ᠨ ᠬᠤᠭᠤᠴᠠᠭᠠᠨ ᠤ᠋ ᠵᠠᠬᠢᠶᠠᠯᠠᠭ᠎ᠠ ᠴᠤ᠌ ᠦᠨᠳᠦᠰᠦᠨᠳᠡᠭᠡᠨ ᠳᠠᠭᠤᠰᠴᠠᠢ ᠬᠡᠵᠤ ᠬᠡᠯᠡᠨ᠎ᠡ ᠃
《ᠪᠡᠭᠡᠵᠢᠩ ᠡᠴᠡ ᠪᠠᠷᠠᠭᠤᠨᠰᠢ ᠭᠠᠷᠤᠮᠠᠭᠴᠡ ᠤᠯᠠᠭᠠᠨᠴᠠᠪ ᠲᠦ᠍ ᠬᠦᠷᠬᠦ 》 ᠭᠡᠬᠦ᠌ ᠤᠬᠠᠭᠤᠯᠭ᠎ᠠ ᠢ᠋ᠢᠨ ᠦᠭᠡ ᠳᠠᠭᠤᠷᠢᠰᠤᠭ᠍ᠰᠠᠨᠤ ᠳᠠᠷᠠᠭ᠎ᠠ᠂ ᠤᠯᠠᠭᠠᠨᠴᠠᠪ ᠬᠣᠲᠠ ᠢ᠋ᠢᠨ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠦᠷᠨᠢᠬᠦᠨ ᠬᠦᠭᠵᠢᠵᠤ᠂ ᠢᠯᠠᠩᠭᠤᠶ᠎ᠠ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠳ᠋ᠤ᠌ ᠪᠠᠢᠭ᠎ᠠ ᠤᠯᠠᠭᠠᠨᠬᠠᠳᠠ ᠢ᠋ᠢᠨ ᠭᠠᠯᠲᠤ ᠠᠭᠤᠯᠠ ᠢ᠋ᠢᠨ ᠰᠦᠷᠦᠭᠵᠢᠯ ᠨᠢ ᠤᠯᠠᠨ ᠵᠢᠭᠤᠯᠴᠢᠯᠠᠭᠴᠢ ᠢ᠋ᠢᠨ ᠬᠦᠰᠡᠵᠤ ᠵᠤᠷᠢᠳᠠᠭ ᠭᠠᠵᠠᠷ ᠪᠤᠯᠵᠡᠢ ᠃
ᠭᠠᠯᠲᠤ ᠠᠭᠤᠯᠠ ᠢ᠋ᠢᠨ ᠥᠪᠡᠷᠮᠢᠴᠡ ᠭᠠᠢᠬᠠᠮᠱᠢᠭ᠍ᠲᠤ ᠦᠵᠡᠮᠵᠢ ᠡᠴᠡ ᠭᠠᠳᠠᠨ᠎ᠠ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠳ᠋ᠤ᠌ ᠪᠠᠰᠠ ᠤᠯᠤᠰ ᠤ᠋ᠨ ᠨᠢᠭᠡᠳᠦᠭᠡᠷ ᠳᠡᠰ ᠤ᠋ᠨ ᠭᠠᠯᠳᠤ ᠠᠭᠤᠯᠠ ᠢ᠋ᠢᠨ ᠰᠥᠨᠢ ᠢ᠋ᠢᠨ ᠡᠬᠢ ᠪᠠᠶᠠᠯᠢᠭ ᠲᠠᠢ ᠃ ᠲᠦᠷᠦᠭᠦᠬᠡᠨ᠂ 《ᠤᠯᠠᠭᠠᠨᠬᠠᠳᠠ ᠢ᠋ᠢᠨ ᠭᠠᠯᠲᠤ ᠠᠭᠤᠯᠠ ᠢ᠋ᠢᠨ ᠤᠳᠤᠳᠤ ᠰᠦᠨᠢ ᠢ᠋ᠢᠨ ᠤᠭᠳᠠᠷᠭᠤᠢ ᠢ᠋ᠢᠨ ᠬᠠᠮᠠᠭᠠᠯᠠᠯᠲᠠ ᠢ᠋ᠢᠨ ᠣᠷᠣᠨ》 ᠵᠢᠩᠬᠢᠨᠢᠪᠡᠷ ᠵᠥᠪᠱᠢᠶᠡᠷᠡᠭ᠌ᠳᠡᠵᠦ᠍᠂ ᠤᠮᠠᠷᠠᠲᠤ ᠣᠷᠣᠨᠤ ᠠᠩᠬᠠᠳᠠᠭ᠍ᠴᠢ ᠭᠠᠯᠲᠤ ᠠᠭᠤᠯᠠ ᠢ᠋ᠢᠨ ᠭᠠᠵᠠᠷ ᠱᠢᠨᠵᠢᠯᠡᠭᠡᠨ ᠤ᠋ ᠦᠵᠡᠮᠵᠢᠳᠦ ᠲᠦᠱᠢᠭ᠌ᠯᠡᠨ ᠪᠠᠢᠭᠤᠯᠤᠭ᠍ᠰᠠᠨ ᠤᠳᠤᠳᠤ ᠰᠦᠨᠢ ᠢ᠋ᠢᠨ ᠣᠭ᠍ᠲᠠᠷᠭᠤᠶ ᠢ᠋ᠢᠨ ᠬᠠᠮᠠᠭᠠᠯᠠᠯᠲᠠ ᠢ᠋ᠢᠨ ᠰᠠᠭᠤᠷᠢᠨ ᠪᠣᠯᠪᠠ᠃ ᠣᠢᠷ᠎ᠠ ᠢ᠋ᠢᠨ ᠵᠢᠯ ᠡᠴᠡ ᠨᠠᠭᠠᠰᠢ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨᠤ ᠣᠳᠣᠨ ᠣᠷᠣᠨ ᠢ᠋ ᠰᠤᠨᠢᠷᠬᠠᠬᠤ ᠠᠷᠠᠳ ᠤ᠋ᠨ ᠰᠠᠭᠤᠴᠠ ᠥᠷᠨᠢᠭᠦᠨ ᠬᠥᠭ᠌ᠵᠢᠵᠦ᠍᠂ 2025 ᠣᠨ ᠳ᠋ᠤ᠌ ᠵᠢᠭᠤᠯᠴᠢᠯᠠᠭᠴᠢ ᠢ᠋ᠢ 507 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌ ᠂ ᠵᠢᠭᠤᠯᠴᠢᠯᠠᠯ ᠤ᠋ᠨ ᠣᠷᠣᠯᠭ᠎ᠠ 37.7 ᠳ᠋ᠦᠩᠱᠢᠭᠤᠷ ᠲᠥᠭᠥᠷᠢᠭ ᠢ᠋ ᠳᠠᠪᠠᠪᠠ ᠃
ᠠᠷᠠᠳ ᠤ᠋ᠨ ᠰᠠᠭᠤᠴᠠ ᠢ᠋ᠢᠨ ᠠᠵᠤ ᠦᠶ᠋ᠯᠡᠰ ᠢ᠋ ᠬᠥᠭ᠌ᠵᠢᠭᠦᠯᠬᠦ᠌ ᠪᠣᠯ ᠨᠤᠮᠢᠨ ᠤᠰᠤ ᠬᠥᠬᠡᠮᠳᠦᠭ ᠠᠭᠤᠯᠠ ᠪᠤᠯ ᠠᠯᠳᠠᠨ ᠠᠭᠤᠯᠠ ᠮᠦᠨᠭᠬᠦᠨ ᠬᠠᠢᠷᠬᠠᠨ ᠪᠣᠯᠭᠠᠨ ᠬᠤᠪᠢᠷᠠᠭᠤᠯᠬᠤ ᠪᠦᠲᠦᠮᠵᠢᠲᠡᠶ ᠠᠷᠭ᠎ᠠ ᠵᠠᠮ ᠤ᠋ᠨ ᠨᠢᠭᠡ ᠮᠥᠨ᠂ ᠪᠠᠰᠠ ᠴᠤ᠌ ᠲᠠᠷᠢᠶᠠᠴᠢᠳ ᠤ᠋ᠨ ᠣᠷᠣᠯᠭ᠎ᠠ ᠢ᠋ᠢ ᠨᠡᠮᠡᠭ᠌ᠳᠡᠭᠦᠯᠵᠦ᠍ ᠬᠠᠮᠲᠤᠪᠠᠷ ᠪᠠᠶᠠᠵᠢᠬᠤᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃ ᠣᠳᠣᠨ ᠣᠭ᠍ᠲᠠᠷᠭᠤᠶ᠂ ᠲᠠᠯ᠎ᠠ ᠨᠤᠲᠤᠭ ᠂ ᠡᠯᠡᠰᠦ ᠮᠠᠩᠬ᠎ᠠ᠂ ᠣᠶ ᠱᠢᠭᠤᠶ ᠂ ᠮᠥᠰᠥ᠍ ᠴᠠᠰᠤ ᠁12 ᠠᠢᠮᠠᠭ ᠬᠣᠲᠠ ᠲᠣᠰ ᠲᠣᠰ ᠤ᠋ᠨ ᠦᠪᠡᠷᠮᠢᠴᠡ ᠳᠠᠪᠠᠭᠤᠯᠢᠭ ᠲᠠᠯ᠎ᠠ ᠲᠠᠢ ᠪᠠᠢᠵᠤ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨᠤ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠯ᠎ᠡ ᠭᠠᠵᠠᠷ ᠤ᠋ᠨ ᠥᠪᠡᠷᠮᠢᠴᠡ ᠣᠨᠴᠠᠯᠢᠭᠲᠤ ᠲᠦᠱᠢᠭ᠌ᠯᠡᠨ ᠠᠷᠠᠳ ᠤ᠋ᠨ ᠰᠠᠭᠤᠴᠠ ᠢ᠋ᠢᠨ ᠠᠵᠤ ᠦᠶ᠋ᠯᠡᠰ ᠢ᠋ ᠨᠢᠮᠪᠠᠶ ᠴᠤᠭᠴᠠᠯᠠᠨ ᠪᠠᠢᠭᠤᠯᠵᠤ ᠂ ᠠᠷᠠᠳ ᠤ᠋ᠨ ᠰᠠᠭᠤᠴᠠᠪᠡᠷ ᠲᠠᠷᠠᠬᠠᠶ ᠪᠤᠲᠠᠷᠬᠠᠶ ᠬᠥᠳᠡᠭᠡ ᠲᠣᠰᠭᠣᠨᠤ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠢ᠋ ᠬᠣᠯᠪᠣᠵᠤ᠂ ᠲᠣᠰ ᠲᠣᠰ ᠢ᠋ᠢᠡᠷ ᠢ᠋ᠢᠡᠨ ᠬᠦᠭᠵᠢᠵᠤ ᠪᠠᠢᠭᠰᠠᠨ ᠬᠥᠳᠡᠭᠡ ᠲᠣᠰᠭᠣᠨᠤ ᠠᠷᠠᠳ ᠤ᠋ᠨ ᠰᠠᠭᠤᠴᠠ ᠬᠢᠭᠡᠳ ᠣᠨᠴᠠᠯᠢᠭ᠍ᠲᠤ ᠦᠵᠡᠮᠵᠢ ᠢ᠋ᠢᠨ ᠣᠷᠣᠨ ᠢ᠋ ᠴᠤᠭ᠍ᠯᠠᠷᠠᠭᠤᠯᠪᠠ᠃ ᠣᠳᠣᠬᠠᠨ ᠪᠣᠯᠲᠠᠯ᠎ᠠ ᠵᠢᠭᠤᠯᠴᠢᠯᠠᠯ ᠤ᠋ᠨ ᠳᠡᠰ ᠤ᠋ᠨ ᠠᠷᠠᠳ ᠤ᠋ᠨ ᠰᠠᠭᠤᠴᠡ ᠨᠢᠭᠡᠨᠲᠡ 12 ᠠᠢᠮᠠᠭ ᠬᠣᠲᠠ ᠳ᠋ᠤ᠌ ᠲᠦᠭᠡᠵᠦ᠍᠂ ᠠᠢᠮᠠᠭ ᠬᠣᠲᠠ ᠨᠢᠭᠡᠪᠦᠷᠢᠳᠦ ᠨᠠᠭᠠᠳᠤ ᠵᠠᠬᠠᠳᠠᠭᠠᠨ ᠵᠢᠭᠤᠯᠴᠢᠯᠠᠯ ᠤ᠋ᠨ ᠤᠯᠠᠭᠠᠨ ᠲᠠᠰ ᠤ᠋ᠨ ᠠᠷᠠᠳ ᠤ᠋ᠨ ᠰᠠᠭᠤᠴᠡ ᠲᠠᠶ ᠪᠣᠯᠪᠠ᠃
ᠠᠷᠠᠳ ᠤ᠋ᠨ ᠰᠠᠭᠤᠴᠠ ᠢ᠋ᠢᠨ ᠠᠵᠤ ᠦᠶ᠋ᠯᠡᠰ ᠤ᠋ᠨ ᠳᠠᠢᠴᠢᠯᠠᠯᠲᠠ ᠳᠤᠤᠷ᠎ᠠ᠂ ᠬᠠᠯᠠᠭᠤᠨ ᠷᠠᠱᠢᠶᠠᠨᠤ ᠡᠷᠡᠬᠦᠯᠵᠢᠯ ᠰᠤᠪᠢᠯᠠᠯᠲᠠ᠂ ᠴᠠᠶ ᠪᠤᠯᠤᠨ ᠵᠢᠭᠤᠯᠴᠢᠯᠠᠯ ᠤ᠋ᠨ ᠰᠤᠳᠤᠯᠤᠨ ᠰᠤᠷᠤᠯᠴᠠᠯᠭ᠎ᠠ᠂ ᠬᠡᠷ ᠪᠦᠯᠢ ᠢ᠋ᠢᠨ ᠨᠠᠢᠷᠰᠠᠭ ᠵᠢᠭᠤᠯᠴᠢᠯᠡᠯ᠂ ᠵᠢᠮᠢᠰ ᠲᠡᠭᠦᠬᠦ᠌ ᠵᠡᠷᠭᠡ ᠲᠠᠷᠢᠶᠠᠯᠠᠨᠭ᠌ ᠰᠣᠶᠣᠯ ᠵᠢᠭᠤᠯᠴᠢᠯᠠᠯ ᠤ᠋ᠨ ᠡᠵᠡᠩᠨᠡᠯᠲᠡ ᠢ᠋ᠢᠨ ᠬᠡᠯᠪᠡᠷᠢ ᠠᠭᠠᠵᠢᠮ ᠢ᠋ᠢᠡᠷ ᠬᠡᠪᠴᠢᠶᠡᠵᠢᠵᠦ᠍᠂ ᠣᠯᠠᠨ ᠡᠱᠢᠲᠦ ᠡᠵᠡᠩᠨᠡᠯᠲᠡ ᠢ᠋ᠢᠨ ᠬᠡᠯᠪᠡᠷᠢᠨᠢ ᠬᠥᠳᠡᠭᠡ ᠲᠣᠰᠭᠣᠨᠤ ᠬᠠᠳᠠᠭᠠᠯᠠᠯᠲᠠ ᠢ᠋ᠢᠨ ᠡᠬᠢ ᠪᠠᠶᠠᠯᠢᠭ ᠢ᠋ ᠠᠮᠢᠯᠠᠭᠤᠯᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ᠌ ᠬᠦᠴᠦᠨ ᠢ᠋ ᠬᠥᠭ᠌ᠵᠢᠭᠡᠭᠰᠡᠨ ᠪᠠᠢᠨ᠎ᠡ ᠃
ᠣᠢᠷ᠎ᠠ ᠳ᠋ᠤ᠌᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨᠤ ᠨᠠᠮ ᠤ᠋ᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨᠤ ᠠᠷᠠᠳ ᠤ᠋ᠨ ᠵᠠᠰᠠᠭ ᠤ᠋ᠨ ᠣᠷᠳᠣᠨᠤ ᠮᠠᠯ ᠠᠵᠤ ᠠᠬᠤᠶ ᠲᠠᠷᠢᠶᠠᠯᠠᠩ ᠬᠥᠳᠡᠭᠡ ᠲᠣᠰᠭᠣᠨ ᠮᠠᠯᠵᠢᠬᠤ ᠣᠷᠣᠨᠤ ᠣᠳᠣᠬᠢᠴᠢᠯᠠᠯᠲᠠᠶ᠋ᠢ ᠯᠠᠪᠳᠠᠭᠤᠨ ᠪᠠᠲᠤᠲᠠᠶ ᠠᠬᠢᠭᠤᠯᠵᠤ ᠬᠥᠳᠡᠭᠡ ᠲᠣᠰᠭᠣᠨ ᠢ᠋ ᠪᠥᠬᠥ᠌ ᠲᠠᠯᠠᠪᠠᠷ ᠬᠥᠭ᠌ᠵᠢᠭᠦᠯᠦᠨ ᠮᠠᠨᠳᠤᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠵᠢᠩᠬᠢᠨᠢᠪᠡᠷ ᠨᠡᠢᠲᠡᠯᠡᠵᠦ᠍᠂ 《ᠬᠥᠳᠡᠭᠡ ᠲᠣᠰᠭᠣᠨᠤ ᠬᠡᠷᠡᠭ᠌ᠯᠡᠭᠡᠶ᠋ᠢ ᠲᠠᠰ ᠳᠡᠪᠱᠢᠭᠦᠯᠬᠦ᠌ ᠠᠵᠢᠯᠯᠠᠭᠠᠶ᠋ᠢ ᠬᠡᠷᠡᠭᠵᠢᠬᠦᠯᠵᠤ᠂〈ᠥᠪᠥᠷ ᠮᠣᠩᠭᠣᠯ ᠤ᠋ᠨ ᠪᠡᠯᠡᠭ〉ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠢ᠋ ᠡᠭᠦᠳᠴᠦ᠍᠂ ᠡᠯᠪᠡᠭ ᠬᠤᠷᠢᠶᠠᠯᠲᠠ ᠢ᠋ᠢᠨ ᠵᠠᠬ᠎ᠠ ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠶ᠋ᠯᠡᠳᠭᠡᠯ ᠤ᠋ᠨ ᠲᠠᠰᠤᠭ ᠵᠡᠷᠭᠡ ᠱᠢᠨ᠎ᠡ ᠡᠵᠡᠩᠨᠡᠯᠲᠡ ᠢ᠋ᠢᠨ ᠬᠡᠯᠪᠡᠷᠢᠶ᠋ᠢ ᠪᠣᠢᠵᠢᠭᠤᠯᠵᠤ᠂ ᠮᠠᠯ ᠠᠵᠤ ᠠᠬᠤᠶ ᠲᠠᠷᠢᠶᠠᠯᠠᠨᠭ᠌ ᠰᠣᠶᠣᠯ ᠵᠢᠭᠤᠯᠴᠢᠯᠠᠯ ᠤ᠋ᠨ ᠠᠭᠤᠰᠤᠯᠴᠠᠨ ᠬᠥᠭ᠌ᠵᠢᠬᠦ᠌ᠶ᠋ᠢ ᠠᠬᠢᠭᠤᠯᠤᠨ᠎ᠠ》᠃ 《 ᠣᠶ ᠱᠢᠭᠤᠶ ᠡᠪᠡᠰᠦᠨ ᠤ᠋ ᠠᠵᠤ ᠦᠶ᠋ᠯᠡᠰ ᠢ᠋ ᠬᠥᠭ᠌ᠵᠢᠭᠦᠯᠦᠨ ᠪᠤᠵᠠᠭᠠᠢᠷᠠᠭᠤᠯᠵᠤ᠂ ᠣᠶ ᠢ᠋ᠢᠨ ᠬᠣᠷᠮᠣᠶ ᠢ᠋ᠢᠨ ᠠᠵᠤ ᠠᠬᠤᠶ᠂ ᠣᠶ ᠱᠢᠭᠤᠶ ᠢ᠋ᠢᠨ ᠡᠷᠡᠭᠦᠯᠵᠢᠯ ᠰᠤᠪᠢᠯᠠᠯᠲᠠ ᠵᠡᠷᠭᠡ ᠡᠵᠡᠩᠨᠡᠯᠲᠡ ᠢ᠋ᠢᠨ ᠬᠡᠯᠪᠡᠷᠢ ᠢ᠋ᠢ ᠪᠣᠢᠵᠢᠭᠤᠯᠤᠨᠠ᠃ ᠬᠥᠳᠡᠭᠡ ᠲᠣᠰᠭᠣᠨᠤ ᠰᠤᠯᠠ ᠲᠠᠯᠪᠢᠬᠳᠠᠵᠦ ᠪᠠᠢᠭ᠎ᠠ ᠭᠡᠷ ᠪᠠᠢᠱᠢᠩ ᠢ᠋ ᠥᠭᠡᠷᠡᠴᠢᠯᠡᠨ ᠪᠠᠢᠭᠤᠯᠵᠤ ᠣᠨᠴᠠᠯᠢᠭ᠍ᠲᠤ ᠠᠷᠠᠳ ᠤ᠋ᠨ ᠰᠠᠭᠤᠴᠠ ᠪᠠᠢᠭᠤᠯᠬᠤᠶ᠋ᠢ ᠠᠬᠢᠭᠤᠯᠤᠨ᠎ᠡ》 ᠬᠡᠵᠤ ᠲᠤᠳᠤᠷᠬᠠᠢ ᠲᠤᠷᠠᠳᠴᠡᠢ ᠃
《ᠲᠠᠷᠢᠶᠠᠯᠠᠨᠭ᠌ ᠰᠤᠶᠤᠯ ᠵᠢᠭᠤᠯᠴᠢᠯᠡᠯ ᠤ᠋ᠨ ᠠᠭᠤᠰᠤᠯᠴᠠᠯ ᠤ᠋ᠨ ᠵᠠᠨᠭᠬᠢᠯᠠᠭᠠ ᠨᠢ ᠠᠭᠤᠰᠤᠯᠴᠠᠬᠤ ᠳ᠋ᠤ᠌ ᠪᠠᠢᠨ᠎ᠡ᠂ ᠲᠠᠷᠢᠶᠠᠯᠠᠨᠭ᠌ ᠢ᠋ᠢᠡᠷ ᠰᠠᠭᠤᠷᠢ ᠪᠤᠯᠭᠠᠵᠤ᠂ ᠲᠠᠷᠢᠶᠠᠯᠠᠨᠭ᠌ ᠤ᠋ᠨ ᠦᠪᠡᠷᠮᠢᠴᠡ ᠡᠬᠢ ᠪᠠᠶᠠᠯᠢᠭ ᠢ᠋ ᠬᠦᠨᠵᠡᠬᠡᠢ ᠠᠭᠤᠳᠠᠯᠵᠤ᠂ ᠰᠤᠶᠤᠯ ᠵᠢᠭᠤᠯᠴᠢᠯᠡᠯ ᠤ᠋ᠨ ᠠᠵᠢᠯᠯᠠᠭ᠎ᠠ ᠢ᠋ᠢ ᠲᠠᠷᠢᠶᠠᠯᠠᠨᠭ᠌ ᠤᠢᠯᠡᠳᠪᠤᠷᠢᠯᠡᠯ᠂ ᠬᠦᠳᠡᠬᠡ ᠲᠤᠰᠬᠤᠨ ᠤ᠋ ᠠᠮᠢᠳᠤᠷᠡᠯ ᠲᠠᠢ ᠠᠭᠤᠰᠤᠯᠴᠠᠭᠤᠯᠵᠤ᠂ ᠬᠦᠳᠡᠬᠡ ᠨᠤᠳᠤᠭ ᠤ᠋ᠨ ᠦᠪᠡᠷᠮᠢᠴᠡ ᠡᠬᠢ ᠪᠠᠶᠠᠯᠢᠭ ᠢ᠋ ᠬᠡᠷᠡᠭᠯᠡᠬᠡ ᠢ᠋ᠢ ᠲᠠᠳᠠᠬᠤ ᠬᠦᠴᠦᠨ ᠪᠤᠯᠭᠠᠨ ᠬᠤᠪᠢᠷᠠᠭᠤᠯᠵᠤ᠂ ᠦᠵᠡᠰᠬᠦᠯᠡᠨᠭᠳᠤ ᠦᠵᠡᠮᠵᠢ ᠢ᠋ᠢ ᠤᠷᠤᠯᠭ᠎ᠠ ᠪᠤᠯᠭᠠᠨ ᠬᠤᠪᠢᠷᠠᠭᠤᠯᠪᠠᠯ ᠵᠤᠬᠢᠨ᠎ᠡ 》 ᠬᠡᠵᠤ ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠨᠡᠢᠬᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠨᠭ᠌ ᠤ᠋ᠨ ᠤᠳᠬ᠎ᠡ ᠵᠤᠬᠢᠶᠡᠯ ᠤ᠋ᠨ ᠰᠤᠳᠤᠯᠭᠠᠨ ᠤ᠋ ᠭᠠᠵᠠᠷ ᠤ᠋ᠨ ᠲᠠᠷᠤᠭ᠎ᠠ ᠸᠠᠨᠭ᠌ ᠬᠠᠢ ᠷᠦᠨᠭ᠌ ᠶᠠᠷᠢᠵᠤ ᠪᠡᠢᠯᠡ᠃