ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠬᠤᠨᠠᠨ᠎ᠤ ᠴᠠᠩᠱᠠ᠎ᠶ᠋ᠢᠨ ᠯᠢᠦ ᠶᠠᠩ ᠬᠣᠲᠠ ᠵᠢᠨ ᠨᠢᠭᠡᠨ ᠫᠤᠤᠵᠢᠩ᠎ᠤᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ ᠤ᠋ᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠠᠶᠤᠯᠭᠦᠢ ᠦᠢᠯᠡᠳᠪᠦᠷᠢᠯᠡᠯ ᠵᠡᠷᠭᠡ ᠠᠵᠢᠯ᠎ᠢ ᠰᠤᠳᠤᠯᠤᠨ ᠪᠠᠢᠷᠢᠯᠠᠭᠤᠯᠪᠠ
2026-05-07 09:22:59
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ ᠢ᠋ ᠡᠷᠭᠢᠯᠡᠪᠡ


5 ᠰᠠᠷ᠎ᠠ᠎ᠶ᠋ᠢᠨ 6 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠬᠤᠨᠠᠨ᠎ᠤ ᠴᠠᠩᠱᠠ᠎ᠶ᠋ᠢᠨ ᠯᠢᠦ ᠶᠠᠩ ᠬᠤᠳᠠ᠎ᠶ᠋ᠢᠨ ᠨᠢᠭᠡᠨ ᠫᠤᠤᠵᠢᠩ᠎ᠤᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠦᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠤᠢ᠍ᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ ᠡᠴᠡ ᠶᠡᠷᠦᠩᠬᠡᠶ ᠱᠦᠵᠢ ᠰᠢ ᠵᠢᠨ ᠫᠢᠩ᠎ᠦᠨ ᠬᠤᠨᠠᠨ᠎ᠤ ᠴᠠᠩᠱᠠ᠎ᠶ᠋ᠢᠨ ᠯᠢᠦ ᠶᠠᠩ ᠬᠣᠲᠠ᠎ᠶ᠋ᠢᠨ ᠨᠢᠭᠡᠨ ᠫᠤᠤᠵᠢᠩ᠎ᠤᠨ ᠦᠶ᠋ᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠦᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠰᠠᠢᠳ ᠯᠢ ᠴᠢᠶᠠᠩ᠎ᠤᠨ ᠴᠣᠬᠣᠯᠠᠪᠤᠷᠢ᠎ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠌᠂ ᠲᠠᠢᠪᠤᠱᠢᠷᠠᠬᠤ ᠪᠤᠳᠤᠯ᠂ ᠠᠵᠠ ᠬᠠᠷᠠᠬᠤ ᠪᠣᠳᠣᠯ᠎ᠢ ᠡᠷᠡᠰ ᠲᠡᠪᠴᠢᠵᠦ᠍᠂ ᠠᠶᠤᠯᠭᠦᠶ ᠦᠶ᠋ᠯᠡᠳᠪᠦᠷᠢᠯᠡᠯ᠎ᠦᠨ ᠡᠯ᠎ᠡ ᠵᠦᠶ᠋ᠯ᠎ᠦᠨ ᠠᠵᠢᠯ᠎ᠢ ᠴᠢᠩᠭ᠎ᠠ ᠪᠣᠳᠠᠲᠠᠶ ᠨᠠᠷᠢᠯᠢᠭ ᠰᠠᠢᠲᠤᠷ ᠠᠳᠭᠤᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ᠎ᠪᠡᠷ᠎ᠢᠶᠡᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠨ ᠪᠣᠳᠠᠲᠠᠢᠵᠢᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ 《ᠴᠠᠭ ᠢᠮᠠᠭ᠍ᠲᠠ ᠰᠠᠨᠠᠭ᠎ᠠ ᠠᠮᠤᠷ ᠦᠭᠡᠢ ᠪᠠᠢᠬᠤ》 ᠬᠠᠷᠢᠭᠤᠴᠠᠯᠭᠠᠲᠤ ᠰᠡᠳᠭᠢᠯᠭᠡ ᠪᠣᠯᠤᠨ 《ᠶᠠᠪᠤᠳᠠᠯ ᠪᠦᠬᠦᠨ᠎ᠳᠦ ᠳᠣᠲᠣᠷ᠎ᠠ᠎ᠪᠠᠨ ᠲᠣᠭ᠎ᠠ᠎ᠲᠠᠶ ᠪᠠᠢᠬᠤ》 ᠠᠵᠢᠯᠯᠠᠭ᠎ᠠ᠎ᠶ᠋ᠢᠨ ᠬᠦᠴᠦᠨ᠎ᠢᠶᠡᠷ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠭᠡᠵᠦ᠍᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠵᠤ᠂ ᠡᠩ᠎ᠦᠨ ᠴᠢᠨᠠᠷᠲᠠᠢ ᠡᠨᠳᠡᠯ᠎ᠢ ᠬᠠᠮᠤᠭ᠎ᠤᠨ ᠶᠡᠬᠡ ᠬᠡᠮᠵᠢᠶ᠎ᠠ᠎ᠪᠡᠷ ᠪᠠᠭᠠᠰᠭᠠᠵᠤ᠂ ᠡᠷᠡᠭᠦᠯ ᠮᠡᠨᠳᠦ ᠠᠮᠢ ᠨᠠᠰᠤ ᠪᠡᠷ ᠦᠷᠡᠭᠳᠡᠯ ᠪᠤᠯᠭᠠᠭᠰᠠᠨ GDP ᠵᠢ ᠡᠷᠡᠰ ᠲᠡᠪᠴᠢᠬᠦ᠌ ᠬᠡᠷᠡᠭ᠌ᠲᠡᠢ᠃ ᠫᠤᠤᠵᠢᠩ᠎ᠤᠨ 《ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠥᠭ᠌ᠴᠦ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠵᠢ ᠵᠠᠰᠠᠬᠤ》᠎ᠶ᠋ᠢ ᠪᠥᠬᠥ᠌ ᠬᠡᠯᠬᠢᠶ᠎ᠡ᠎ᠪᠡᠷ ᠴᠢᠩᠭ᠎ᠠ ᠲᠦᠷᠭᠡᠨ ᠠᠬᠢᠭᠤᠯᠵᠤ᠂ 《ᠲᠠᠪᠤᠨ ᠨᠢᠭᠡ ᠪᠦᠯᠦᠭ》 ᠤ᠋ᠨ ᠱᠠᠭᠠᠷᠳᠠᠯᠭ᠎ᠠ ᠶᠣᠰᠣᠭᠠᠷ ᠫᠤᠤᠵᠢᠩ ᠦᠶ᠋ᠯᠡᠳᠪᠦᠷᠢᠯᠡᠬᠦ᠌᠂ ᠡᠵᠡᠩᠨᠡᠬᠦ᠌᠂ ᠲᠡᠭᠡᠭᠡᠪᠦᠷᠢᠯᠡᠬᠦ᠌᠂ ᠲᠠᠯᠪᠢᠬᠤ ᠵᠢᠴᠢ ᠦᠶ᠋ᠯᠡᠳᠬᠦᠨ᠎ᠦ ᠶᠠᠰᠤ ᠴᠢᠨᠠᠷ᠎ᠤᠨ ᠡᠯ᠎ᠡ ᠭᠣᠭ᠍ᠴᠣᠭ᠎ᠠ᠎ᠳᠤ ᠣᠷᠣᠱᠢᠵᠤ ᠪᠠᠢᠭ᠎ᠠ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠴᠢᠩᠭ᠎ᠠ ᠱᠢᠶ᠋ᠳᠪᠦᠷᠢᠯᠡᠬᠦ᠌ ᠬᠡᠷᠡᠭ᠌ᠲᠡᠶ᠃ ᠦᠶ᠋ᠯᠡᠳᠪᠦᠷᠢ ᠠᠭᠤᠷᠬᠠᠶ᠂ ᠵᠠᠮ ᠬᠠᠷᠢᠯᠴᠠᠭ᠎ᠠ᠂ ᠪᠠᠷᠢᠯᠭ᠎ᠠ᠎ᠶ᠋ᠢᠨ ᠭᠠᠵᠠᠷ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠮᠤᠷ ᠲᠦᠪᠱᠢᠨ᠎ᠦ ᠬᠡᠮ ᠰᠣᠭᠣᠭ᠎ᠢ ᠶᠡᠬᠡ᠎ᠪᠡᠷ ᠵᠢᠭ᠍ᠰᠠᠭᠠᠨ ᠪᠠᠢᠴᠠᠭᠠᠵᠤ ᠶᠡᠬᠡ᠎ᠪᠡᠷ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠬᠦᠴᠦᠯᠡᠨ ᠥᠷᠨᠢᠭᠦᠯᠵᠦ᠍᠂ ᠢᠯᠡᠷᠡᠭᠦᠯᠦᠭ᠌ᠰᠡᠨ ᠠᠰᠠᠭᠤᠳᠠᠯ᠎ᠤᠨ ᠬᠡᠮ ᠰᠣᠭᠣᠭ᠎ᠢ ᠴᠠᠭ ᠮᠦᠴᠡ ᠲᠠᠢ ᠤᠷᠤᠯᠳᠤᠨ᠂ ᠪᠥᠬᠥ᠌ ᠬᠦᠴᠦ᠍᠎ᠪᠡᠷ᠎ᠢᠶᠡᠨ ᠴᠡᠭ᠌ᠴᠡᠯᠡᠨ ᠰᠠᠢᠵᠢᠷᠠᠭᠤᠯᠬᠤ᠎ᠶ᠋ᠢ ᠲᠦᠷᠭᠡᠨ ᠠᠬᠢᠭᠤᠯᠵᠤ᠂ ᠲᠤᠢᠯᠪᠤᠷᠢᠳᠠᠢ ᠰᠢᠢᠳᠪᠤᠷᠢᠯᠡᠵᠤ ᠲᠠᠭᠤᠰᠬᠠᠬᠤ ᠵᠢ ᠲᠦᠷᠭᠡᠨ ᠪᠡᠶᠡᠯᠡᠭᠦᠯᠬᠦ᠌ ᠬᠡᠷᠡᠭ᠌ᠲᠡᠶ᠃ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠴᠢᠩᠭᠠᠳᠭᠠᠵᠤ᠂ ᠨᠡᠢᠭᠡᠮ᠎ᠦᠨ ᠵᠥᠷᠢᠴᠡᠯ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠠᠵᠢᠯ ᠵᠢᠴᠢ ᠵᠠᠯᠠᠭᠤᠴᠤᠳ ᠪᠠᠭᠠᠴᠤᠳ᠎ᠤᠨ ᠰᠡᠳᠭᠢᠴᠡ᠎ᠶ᠋ᠢᠨ ᠵᠢᠯᠤᠭᠤᠳᠤᠯᠭ᠎ᠠ ᠬᠠᠮᠢᠶᠠᠷᠤᠯᠲᠠ᠎ᠶ᠋ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠤᠷᠢᠳᠴᠢᠯᠠᠨ ᠵᠢᠱ᠌ᠢᠵᠦ᠍ ᠤᠷᠢᠳᠴᠢᠯᠠᠨ ᠰᠡᠷᠡᠮᠵᠢᠯᠡᠭᠦᠯᠵᠦ᠍ ᠤᠷᠢᠳᠴᠢᠯᠠᠨ ᠰᠡᠷᠭᠡᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠵᠣᠷᠢᠭ᠍ᠲᠠᠢ᠎ᠪᠠᠷ ᠬᠠᠲᠠᠭᠤ᠎ᠲᠠᠶ ᠨᠢ ᠬᠠᠯᠳᠠᠵᠤ᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠠᠵᠢᠯ᠎ᠢᠶᠠᠨ ᠪᠣᠳᠠᠲᠠᠢ ᠨᠠᠢᠳᠠᠪᠤᠷᠢᠵᠢᠭᠤᠯᠤᠭ᠍ᠰᠠᠨ ᠦᠭᠡᠢ ᠪᠤᠶᠤ ᠠᠯᠮᠠᠢᠷᠠᠨ ᠬᠤᠢᠷᠭᠤᠰᠢᠵᠤ᠂ ᠵᠥᠷᠢᠴᠡᠯ᠎ᠡᠴᠡ ᠵᠠᠢᠯᠠᠵᠤ᠂ ᠬᠠᠷᠢᠭᠤᠴᠠᠯᠭ᠎ᠠ᠎ᠪᠠᠨ ᠲᠦᠯᠬᠢᠭ᠌ᠰᠡᠳ ᠲᠸ᠋ ᠴᠢᠩᠭ᠎ᠠ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠬᠡᠮᠵᠢᠯᠡᠵᠦ᠍᠂ ᠶᠠᠭᠠᠬᠢᠭ᠍ᠰᠠᠨ ᠴᠤ᠌ ᠢᠯᠳᠠᠷ ᠬᠠᠶᠠᠵᠤ ᠪᠣᠯᠬᠤ ᠦᠭᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠰᠠᠭᠤᠷᠢ ᠰᠤᠳᠤᠯᠭᠠᠨ ᠢ᠋ ᠴᠢᠨᠭᠭᠠᠳᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠨᠠᠩ ᠶᠡᠬᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠰᠠᠭᠤᠷᠢ ᠰᠤᠳᠤᠯᠭᠠᠨ᠎ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠨᠠᠩ ᠰᠠᠢᠲᠤᠷ ᠨᠡᠮᠡᠷᠢᠯᠡᠬᠦ᠌ ᠬᠡᠷᠡᠭ᠌ᠲᠡᠶ᠃ ᠬᠢᠬᠦ ᠵᠤᠬᠢᠰᠳᠠᠢ ᠪᠠᠨ ᠬᠢᠵᠤ ᠬᠢᠬᠦ ᠵᠤᠬᠢᠰ ᠦᠭᠡᠢ ᠪᠠᠨ ᠦᠯᠦ ᠬᠢᠬᠦ᠌᠎ᠶ᠋ᠢ ᠪᠠᠷᠢᠮᠲᠠᠯᠠᠵᠤ᠂ ᠡᠨᠧᠷᠭᠢ᠂ ᠬᠣᠪᠣᠷ ᠱᠢᠷᠣᠢ᠂ ᠰᠦ᠎ᠶ᠋ᠢᠨ ᠦᠢᠯᠡᠰ᠂ ᠡᠪᠡᠰᠦᠨ ᠦᠷ᠎ᠡ᠎ᠶ᠋ᠢᠨ ᠦᠢᠯᠡᠰ ᠵᠡᠷᠭᠡ ᠳᠠᠪᠠᠭᠤᠯᠢᠬ  ᠤᠨᠴᠠᠯᠢᠬ᠍ᠳᠤ ᠬᠦᠷᠢᠶᠡᠨ᠎ᠳᠦ ᠴᠢᠭ᠌ᠯᠡᠭᠦᠯᠵᠦ᠍᠂ ᠰᠠᠭᠤᠷᠢ ᠰᠤᠳᠤᠯᠭᠠᠨ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨ᠎ᠡ ᠱᠢᠪᠲᠤᠯᠤᠯᠲᠠ ᠪᠣᠯᠤᠨ ᠴᠢᠬᠤᠯᠠ ᠶᠡᠬᠡ ᠦᠷ᠎ᠡ ᠪᠦᠲᠦᠭᠡᠯ ᠤᠯᠬᠤ᠎ᠪᠠᠷ ᠴᠢᠷᠮᠠᠢᠬᠤ ᠬᠡᠷᠡᠭ᠌ᠲᠡᠢ᠃ ᠴᠢᠳᠠᠪᠤᠷᠢᠲᠠᠨ᠎ᠤ ᠲᠤᠯᠭᠠᠭᠤᠷᠢᠯᠠᠯ ᠪᠣᠯᠤᠨ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠵᠤ᠂ ᠰᠠᠭᠤᠷᠢ ᠰᠤᠳᠤᠯᠭᠠᠨ᠎ᠤ ᠴᠢᠳᠠᠪᠤᠷᠢᠲᠠᠨ᠎ᠢ ᠬᠥᠮᠦᠵᠢᠭᠦᠯᠬᠦ᠌᠂ ᠣᠷᠣᠭᠤᠯᠤᠨ ᠠᠪᠴᠢᠷᠠᠬᠤ᠂ ᠬᠡᠷᠡᠭ᠌ᠯᠡᠬᠦ᠌ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠰᠠᠭᠤᠷᠢ ᠰᠤᠳᠤᠯᠭᠠᠨ᠎ᠤ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭ᠌ᠲᠡᠶ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ᠎ᠯᠤᠭ᠎ᠠ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭᠠᠳᠭᠠᠵᠤ᠂ ᠮᠠᠨ᠎ᠤ ᠣᠷᠣᠨ᠎ᠤ ᠰᠠᠭᠤᠷᠢ ᠰᠤᠳᠤᠯᠭᠠᠨ᠎ᠤ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ᠎ᠤᠨ ᠥᠷᠭᠡᠨ ᠣᠯᠠᠨ ᠬᠥᠳᠡᠯᠮᠦᠷᠢᠴᠢᠨ ᠲᠦᠮᠡᠨ᠎ᠳᠦ ᠲᠡᠪᠰᠢᠬᠦᠯᠦᠭᠰᠡᠨ ᠪᠠᠶᠠᠷ᠎ᠤᠨ ᠡᠳᠦᠷ᠎ᠦᠨ ᠮᠡᠨᠳᠦᠴᠢᠯᠡᠯ ᠪᠠ ᠴᠢᠩ ᠰᠡᠳᠭᠢᠯ᠎ᠦᠨ ᠲᠣᠬᠣᠨᠢᠭᠤᠯᠤᠯ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠵᠠᠯᠠᠭᠤᠴᠤᠳ᠎ᠤᠨ 《5·4》 ᠤ᠋ ᠱᠠᠩᠨᠠᠯ᠎ᠤᠨ ᠲᠡᠮᠳᠡᠭ ᠵᠢᠴᠢ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ ᠵᠢᠨ ᠱᠠᠩᠨᠠᠯ ᠬᠦᠷᠲᠡᠭ᠌ᠰᠡᠳ ᠤ᠋ᠨ ᠲᠥᠯᠥᠭᠡᠯᠡᠭ᠌ᠴᠢᠳ᠎ᠲᠦ ᠥᠭ᠌ᠭᠦᠭ᠌ᠰᠡᠨ ᠬᠠᠷᠢᠭᠤ ᠵᠠᠬᠢᠳᠠᠯ᠂ ᠱᠠᠩᠬᠠᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠪᠣᠬᠢᠷᠲᠤᠯ ᠥᠬᠡᠶ ᠪᠠ ᠦᠷᠭᠦᠯᠵᠢᠯᠡᠬᠦ᠌ ᠬᠥᠭ᠌ᠵᠢᠯᠲᠡ᠎ᠶ᠋ᠢᠨ ᠶᠠᠷᠢᠶᠠᠨ᠎ᠤ ᠲᠠᠪᠴᠠᠩ᠎ᠳᠤ ᠢᠯᠡᠭᠡᠭ᠌ᠰᠡᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠬᠤᠯᠪᠤᠬᠳᠠᠯ ᠪᠥᠬᠥᠶ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠤᠷᠠᠯ᠎ᠡᠴᠡ 《ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠪᠠᠷ ᠬᠦᠳᠦᠯᠦᠮᠵᠢ ᠪᠤᠯᠭᠠᠵᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠢᠨᠠᠷ ᠰᠠᠢᠳᠠᠢ ᠪᠦᠳᠦᠭᠡᠨ ᠪᠠᠢᠭᠤᠯᠬᠤ ᠲᠤᠬᠠᠶ ᠰᠠᠨᠠᠯ》 ᠢ᠋ ᠬᠢᠨᠠᠨ ᠵᠥᠪᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号