ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠪᠠ
2026-05-07 09:28:17
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠪᠤᠤ ᠭᠠᠩ ᠬᠤᠷᠠᠯ᠎ᠢ ᠡᠷᠬᠢᠯᠡᠵᠡᠢ


5 ᠰᠠᠷ᠎ᠠ᠎ᠶ᠋ᠢᠨ 6᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠬᠣᠯᠪᠣᠭ᠍ᠳᠠᠯ ᠪᠦᠬᠦᠢ ᠪᠢᠴᠢᠭ ᠮᠠᠲᠧᠷᠢᠶᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠨᠠᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠢ᠃

ᠬᠤᠷᠠᠯ᠎ᠡᠴᠡ 4 ᠰᠠᠷ᠎ᠠ᠎ᠶ᠋ᠢᠨ 28᠎ᠤ᠋ ᠡᠳᠦᠷ᠎ᠦᠨ ᠨᠠᠮ ᠤ᠋ᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ ᠤ᠋ᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠣᠷᠢᠨ ᠲᠠᠪᠤᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠬᠣᠶᠠᠳᠤᠭᠠᠷ ᠤᠯᠠᠷᠢᠯ᠎ᠤᠨ ᠠᠵᠤ ᠠᠬᠤᠢ᠎ᠶ᠋ᠢᠨ ᠲᠣᠭ᠍ᠲᠠᠭᠤᠨ ᠡᠷᠭᠢᠯᠲᠡ᠎ᠶ᠋ᠢ ᠪᠠᠲᠤᠯᠠᠬᠤ ᠬᠡᠷᠡᠭ᠌ᠲᠡᠢ᠃ ᠴᠢᠬᠤᠯᠠ ᠶᠡᠬᠡ ᠲᠦᠷᠦᠯ ᠵᠦᠢᠯ᠎ᠦᠨ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠲᠣᠭ᠍ᠲᠠᠴᠠ᠎ᠶ᠋ᠢ ᠰᠠᠢᠲᠤᠷ ᠠᠱᠢᠭ᠍ᠯᠠᠵᠤ᠂ ᠤᠰᠤᠨ᠎ᠲᠣᠣᠷ᠂ ᠱᠢᠨ᠎ᠡ ᠬᠡᠯᠪᠡᠷᠢ᠎ᠶ᠋ᠢᠨ ᠴᠠᠬᠢᠯᠭᠠᠨ᠎ᠲᠣᠣᠷ᠂ ᠪᠤᠳᠤᠯᠲᠠ᠎ᠶᠢᠨ ᠬᠦᠴᠦᠨ᠎ᠦ ᠲᠣᠣᠷ᠂ ᠱᠢᠨ᠎ᠡ ᠨᠢᠭᠡ ᠦᠶ᠎ᠡ᠎ᠶ᠋ᠢᠨ ᠴᠢᠮᠡᠭᠡ ᠬᠣᠯᠪᠣᠭᠠᠨ᠎ᠤ ᠲᠣᠣᠷ᠂ ᠬᠤᠳᠠ᠎ᠶ᠋ᠢᠨ ᠭᠠᠵᠠᠷ ᠳᠣᠣᠷᠠᠬᠢ ᠬᠣᠭᠣᠯᠠᠢ ᠲᠣᠣᠷ᠂ ᠪᠠᠷᠠᠭᠠᠨ᠎ᠤ ᠭᠦᠢᠯᠭᠡᠭᠡᠨ᠎ᠦ ᠲᠣᠣᠷ᠎ᠤᠨ ᠲᠦᠷᠦᠯ ᠵᠦᠢᠯ᠎ᠦᠨ ᠲᠣᠭ᠍ᠲᠠᠭ᠍ᠰᠠᠨ ᠬᠤᠭᠤᠴᠠᠭᠠᠨ᠎ᠳᠤ ᠪᠠᠷᠢᠯᠭ᠎ᠠ ᠡᠬᠢᠯᠡᠬᠦ᠌᠎ᠶ᠋ᠢ ᠪᠠᠲᠤᠯᠠᠬᠤ ᠬᠡᠷᠡᠭ᠌ᠲᠡᠢ᠃ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠪᠠᠨ ᠥᠷᠭᠡᠳᠭᠡᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠭᠡᠷ ᠭᠠᠵᠠᠷ᠎ᠤᠨ ᠬᠦᠷᠦᠩᠭᠡ᠂ ᠪᠥᠭᠡᠮ᠎ᠢᠶᠡᠷ ᠬᠤᠳᠠᠯᠳᠤᠬᠤ ᠵᠢᠵᠢᠭ᠌ᠯᠡᠨ ᠬᠤᠳᠠᠯᠳᠤᠬᠤ ᠪᠠ ᠬᠤᠨᠤᠭ ᠬᠣᠭᠣᠯᠠ ᠵᠡᠷᠭᠡ ᠠᠵᠢᠯ ᠲᠦᠷᠦᠯ᠎ᠦᠨ ᠬᠡᠷᠡᠭ᠌ᠯᠡᠭᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ᠂ ᠤᠷᠤᠯᠳᠤᠭᠠᠨ᠎ᠤ ᠶᠠᠪᠤᠳᠠᠯ᠎ᠤᠨ ᠱᠢᠨ᠎ᠡ ᠬᠠᠯᠠᠮᠱᠢᠯ ᠴᠡᠭ᠎ᠢ ᠪᠤᠢ ᠪᠣᠯᠭᠠᠬᠤ ᠬᠡᠷᠡᠭ᠌ᠲᠡᠢ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠲᠦᠱᠢᠭ᠌ᠯᠡᠨ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ᠂ ᠪᠠᠷᠠᠭᠠᠨ᠎ᠤ ᠭᠦᠢᠯᠭᠡᠭᠡ᠂ ᠮᠥᠩᠭᠥᠨ ᠭᠦᠢᠯᠭᠡᠭᠡ ᠵᠡᠷᠭᠡ ᠡᠵᠡᠩᠨᠡᠯᠲᠡ᠎ᠶ᠋ᠢᠨ ᠬᠡᠯᠪᠡᠷᠢ ᠵᠢᠨ ᠳᠡᠰ ᠳᠡᠪᠱᠢᠬᠦ᠌᠎ᠶ᠋ᠢ ᠠᠬᠢᠭᠤᠯᠬᠤ ᠬᠡᠷᠡᠭ᠌ᠲᠡᠢ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ 《ᠪᠤᠳᠤᠯᠲᠠ᠎ᠶᠢᠨ ᠬᠦᠴᠦᠨ ᠴᠠᠬᠢᠯᠭᠠᠨ ᠬᠦᠴᠦᠨ᠎ᠢ ᠬᠠᠮᠵᠢᠯᠴᠠᠭᠤᠯᠬᠤ》 ᠳ᠋ᠤ ᠤᠷᠢᠳ᠎ᠢᠶᠠᠷ ᠬᠦᠴᠦᠯᠡᠵᠤ᠂ ᠣᠯᠠᠨ ᠬᠦᠷᠢᠶᠡᠨ᠎ᠳᠦ 《ᠵᠣᠬᠢᠶᠠᠮᠠᠯ ᠣᠶᠤᠨ ᠴᠢᠳᠠᠪᠤᠷᠢ +》 ᠬᠡᠷᠡᠭ᠌ᠯᠡᠭᠡ᠎ᠶ᠋ᠢ ᠥᠷᠭᠡᠳᠭᠡᠬᠦ᠌ ᠬᠡᠷᠡᠭ᠌ᠲᠡᠶ᠃ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠡᠷᠡᠰ ᠪᠠᠲᠤᠯᠠᠵᠤ᠂ ᠨᠡᠭᠦᠷᠡᠰᠦ᠂ ᠴᠠᠬᠢᠯᠭᠠᠨ ᠬᠦᠴᠦ᠍᠂ ᠠᠮᠤ ᠪᠤᠳᠠᠭ᠎ᠠ᠂ ᠠᠭᠤᠷᠬᠠᠢ᠎ᠶ᠋ᠢᠨ ᠭᠠᠷᠤᠯᠲᠠ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ᠂ ᠥᠩᠭᠡᠲᠦ ᠲᠡᠮᠦᠷᠯᠢᠭ ᠵᠡᠷᠭᠡ ᠶᠡᠬᠡ ᠬᠡᠮᠵᠢᠶᠡᠨ᠎ᠦ ᠪᠦᠭᠡᠮ ᠲᠠᠸᠠᠷ᠎ᠤᠨ ᠬᠠᠩᠭᠠᠯᠭ᠎ᠠ᠎ᠶ᠋ᠢ ᠲᠣᠭ᠍ᠲᠠᠪᠤᠷᠢᠵᠢᠭᠤᠯᠬᠤ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ᠎ᠢ ᠰᠠᠢᠲᠤᠷ ᠠᠳᠭᠤᠵᠤ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠱᠢᠯᠭᠠᠨ ᠪᠠᠢᠴᠠᠭᠠᠯᠲᠠ ᠲᠣᠭᠣᠷᠢᠨ ᠪᠠᠢᠴᠠᠭᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠣᠳᠠᠲᠠᠢ᠎ᠶ᠋ᠢ ᠡᠷᠬᠢᠮᠯᠡᠨ ᠠᠬᠢᠭᠤᠯᠵᠤ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠭᠠᠮᠱᠢᠭ᠎ᠢ ᠪᠠᠭᠠᠰᠭᠠᠬᠤ ᠠᠵᠢᠯ᠎ᠢ ᠤᠷᠢᠳᠴᠢᠯᠠᠨ ᠲᠥᠯᠥᠪᠵᠢᠭᠦᠯᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠰᠠᠢᠲᠤᠷ ᠬᠠᠮᠠᠭᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠡᠴᠡ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ᠎ᠦᠨ ᠨᠡᠩ ᠥᠨᠳᠥᠷ ᠲᠦᠪᠱᠢᠨ ᠨᠡᠩ ᠴᠢᠨᠠᠷ ᠰᠠᠢᠲᠠᠢ᠎ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ᠎ᠶ᠋ᠢ ᠪᠠᠭᠤᠷᠠᠭᠤᠯᠬᠤ ᠠᠵᠢᠯ᠎ᠢ ᠰᠠᠢᠲᠤᠷ ᠬᠢᠬᠦ᠌ ᠲᠤᠬᠠᠢ ᠰᠠᠨᠠᠯ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠦ ᠬᠦᠷᠬᠦ᠌ ᠨᠡᠭᠦᠷᠡᠰᠦᠲᠦ᠋ᠷᠦᠭᠴᠢ᠎ᠵᠢ ᠰᠠᠭᠠᠷᠮᠠᠭᠵᠢᠭᠤᠯᠬᠤ ᠪᠠ ᠶᠡᠷᠦᠩᠬᠡᠢᠯᠡᠭ᠌ᠰᠡᠨ ᠦᠨᠡᠯᠡᠯᠲᠡ ᠬᠢᠵᠦ᠍ ᠬᠢᠨᠠᠨ ᠱᠢᠯᠭᠠᠬᠤ ᠠᠷᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠦ ᠬᠦᠷᠬᠦ᠌ ᠠᠵᠢᠯᠯᠠᠭ᠎ᠠ᠎ᠶ᠋ᠢᠨ ᠲᠥᠰᠦᠯ᠎ᠢ ᠰᠠᠢᠲᠤᠷ ᠨᠠᠢᠷᠠᠭᠤᠯᠤᠨ ᠵᠣᠬᠢᠶᠠᠵᠤ᠂ ᠭᠣᠣᠯᠳᠠᠯᠭ᠎ᠠ᠎ᠲᠠᠶ ᠠᠵᠢᠯ ᠲᠦᠷᠦᠯ᠎ᠦᠨ ᠡᠨᠧᠷᠭᠢ᠎ᠶ᠋ᠢᠨ ᠦᠷ᠎ᠡ ᠠᠱᠢᠭ᠎ᠢ ᠪᠠᠷᠢᠮᠵᠢᠶᠠᠯᠠᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠬᠠᠲᠠᠭᠤ ᠴᠢᠩᠭ᠎ᠠ ᠬᠢᠨᠠᠨ ᠱᠢᠯᠭᠠᠯᠲᠠ᠎ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ᠎ᠶ᠋ᠢ ᠪᠠᠭᠤᠷᠠᠭᠤᠯᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠵᠢ ᠭᠡᠳᠡᠷᠭᠦ ᠰᠢᠬᠠᠮᠳᠠᠭᠤᠯᠬᠤ ᠬᠡᠷᠡᠭ᠌ᠲᠡᠢ ᠭᠡᠵᠦ ᠱᠠᠭᠠᠷᠳᠠᠪᠠ᠃

ᠬᠤᠷᠠᠯ᠎ᠡᠴᠡ 《ᠮᠥᠩᠭᠥᠨ ᠭᠦᠢᠯᠭᠡᠭᠡ ᠪᠡᠷ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠳᠡᠮᠵᠢᠬᠦ᠌ ᠠᠷᠪᠠᠨ ᠠᠷᠭ᠎ᠠ ᠬᠡᠮᠵᠢᠶ᠎ᠡ》᠂ 《ᠬᠠᠷ᠎ᠠ ᠤᠰᠤ ᠨᠠᠭᠤᠷ᠎ᠤᠨ ᠭᠠᠵᠠᠷ ᠣᠷᠣᠨ᠎ᠤ ᠦᠶᠡᠷ᠎ᠢ ᠰᠡᠷᠭᠡᠢᠯᠡᠬᠦ᠌ ᠱᠢᠰᠲ᠋ᠧᠮ᠎ᠤᠨ ᠵᠠᠰᠠᠯᠲᠠ᠎ᠶ᠋ᠢᠨ ᠲᠥᠯᠥᠪᠵᠢᠭᠦᠯᠭᠡ》 ᠵᠢ ᠬᠢᠨᠠᠨ ᠵᠥᠪᠯᠡᠵᠦ᠍ ᠪᠠᠲᠤᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号