ᠲᠦᠷᠦᠬᠦᠭᠡᠨ ᠴᠢᠩᠭ᠎ᠠ ᠰᠣᠯᠢᠭ᠋ ᠤᠷᠤᠰᠬᠠᠯ᠂ ᠰᠠᠯᠬᠢ ᠰᠢᠭᠤᠷᠭ᠎ᠠ ᠵᠡᠷᠭᠡ ᠴᠠᠭ ᠠᠭᠤᠷ ᠥᠪᠥᠷ ᠮᠣᠩᠭᠣᠯ᠎ᠤᠨ ᠰᠢᠯᠢ᠎ᠶᠢᠨ ᠭᠣᠣᠯ ᠠᠢᠮᠠᠭᠢ᠋ ᠪᠠᠢᠨ ᠲᠠᠬᠢᠨ ᠨᠦᠯᠦᠭᠡᠯᠡᠵᠦ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠱᠧᠩ ᠯᠢ ᠡᠨᠧᠷᠭᠢ᠎ᠶᠢᠨ ᠺᠣᠮᠫᠠᠨᠢ᠎ᠶᠢᠨ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠳᠤ ᠬᠠᠲᠠᠭᠤ ᠴᠢᠩᠭ᠎ᠠ ᠰᠢᠯᠭᠠᠯᠲᠠ ᠤᠴᠠᠷᠠᠭᠤᠯᠪᠠ᠃ 《ᠣᠨᠴᠠᠭᠠᠶ ᠴᠠᠭ ᠠᠭᠤᠷ᠎ᠤᠨ ᠰᠡᠷᠡᠮᠵᠢᠯᠡᠭᠦᠯᠦᠯ᠎ᠢ ᠳᠤᠰᠤᠭᠰᠠᠨ᠎ᠤ ᠳᠠᠷᠠᠭ᠎ᠠ ᠪᠢᠳᠡ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠢᠬᠠᠨ ᠡᠬᠢᠯᠡᠭᠦᠯᠵᠦ᠂ ᠤᠳᠤᠷᠢᠳᠤᠯᠭ᠎ᠠ ᠲᠤᠭᠤᠢᠯᠠᠡᠭ ᠳᠠᠭᠠᠭᠤᠯᠵᠤ᠂ 24 ᠴᠠᠭ᠎ᠢᠶᠠᠷ ᠵᠢᠵᠢᠭᠦᠷᠯᠡᠨ᠂ ᠪᠦᠬᠦᠯᠢ ᠡᠳᠦᠷ᠎ᠢᠶᠡᠷ ᠠᠵᠢᠯ᠎ᠤᠨ ᠪᠠᠢᠷᠢ᠎ᠳᠠᠭᠠᠨ ᠵᠠᠷᠯᠢᠭ᠋ ᠬᠦᠯᠢᠶᠡᠪᠡ᠂ ᠴᠠᠭ ᠠᠭᠤᠷ ᠤᠨ ᠨᠦᠯᠦᠭᠡᠯᠡᠯ ᠵᠢᠡᠷ ᠬᠠᠩᠭᠠᠯᠭ᠎ᠠ᠎ᠶᠢᠨ ᠠᠵᠢᠯ᠎ᠢ ᠶᠠᠭᠠᠬᠢᠭ᠍ᠰᠠᠨ ᠴᠤ᠌ ᠤᠰᠤᠯᠳᠠᠭᠤᠯᠵᠤ ᠪᠤᠯᠬᠤ ᠦᠭᠡᠢ ᠰᠢᠦ》 ᠭᠡᠵᠦ ᠺᠣᠮᠫᠠᠨᠢ᠎ᠶᠢᠨ ᠦᠢᠯᠡᠳᠪᠦᠷᠢᠯᠡᠯ᠎ᠦᠨ ᠵᠢᠯᠤᠭᠣᠳᠬᠤ ᠲᠥᠪ᠎ᠦᠨ ᠲᠣᠬᠢᠷᠠᠭᠤᠯᠤᠭ᠍ᠴᠢ ᠶᠠᠩ ᠬᠣᠩ ᠵᠢᠶᠦ᠋ᠨ ᠰᠢᠭᠤᠷᠬᠠᠢ ᠬᠡᠯᠡᠪᠡ᠃
ᠵᠠᠳᠠᠭᠠᠢ ᠠᠭᠤᠷᠬᠠᠢ ᠪᠣᠯ ᠬᠠᠩᠭᠠᠯᠭ᠎ᠠ᠎ᠶᠢ ᠪᠠᠲᠤᠯᠠᠬᠤ 《ᠭᠣᠣᠯ ᠳᠠᠢᠨ᠎ᠤ ᠲᠠᠯᠠᠪᠤᠷ》 ᠮᠦᠨ᠃ 《ᠪᠢᠳᠡ ᠲᠣᠭᠣᠷᠢᠨ ᠪᠠᠢᠴᠠᠭᠠᠬᠤ ᠤᠳᠠᠭ᠎ᠠ᠎ᠪᠠᠨ ᠨᠡᠮᠡᠭᠳᠡᠬᠦᠯᠵᠦ᠂ ᠵᠠᠳᠠᠭᠠᠢ ᠠᠭᠤᠷᠬᠠᠢ᠂ ᠨᠡᠭᠦᠷᠡᠰᠦ ᠳᠠᠮᠵᠢᠭᠤᠯᠬᠤ ᠬᠥᠭᠥᠷᠭᠡ ᠵᠡᠷᠭᠡ ᠣᠷᠣᠨ ᠪᠦᠰᠡ᠎ᠳᠦ ᠭᠣᠣᠯᠳᠠᠯᠭ᠎ᠠ᠎ᠲᠠᠢ ᠰᠠᠯᠬᠢ ᠰᠡᠷᠭᠡᠢᠯᠡᠵᠦ ᠪᠡᠬᠢᠯᠡᠪᠡ᠃ ᠰᠠᠯᠬᠢ ᠰᠢᠭᠤᠷᠭᠠᠨ ᠶᠡᠬᠡ ᠦᠶ᠎ᠠ ᠳ᠋ᠤ ᠴᠠᠭ ᠵᠥᠷᠢᠭᠦᠯᠦᠨ ᠠᠵᠢᠯᠯᠠᠪᠠ》 ᠭᠡᠵᠦ ᠲᠣᠭᠣᠷᠢᠨ ᠪᠠᠢᠴᠠᠭᠠᠭ᠍ᠴᠢ ᠴᠢᠶᠣᠤ ᠯᠧᠢ ᠰᠤᠷᠪᠤᠯᠵᠢᠯᠠᠭ᠍ᠴᠢ᠎ᠳᠤ ᠬᠡᠯᠡᠨ᠎ᠠ᠃ ᠨᠡᠭᠦᠷᠡᠰᠦ ᠰᠣᠩᠭᠣᠬᠤ ᠦᠢᠯᠡᠳᠪᠦᠷᠢ᠎ᠶᠢᠨ ᠲᠠᠰᠤᠭ᠎ᠲᠤ ᠮᠠᠰᠢᠨ ᠮᠸᠬᠠᠨᠢᠭ ᠬᠦᠷᠴᠢᠭᠢᠨᠡᠵᠦ᠂ ᠬᠡᠮᠬᠡᠯᠬᠦ ᠮᠠᠰᠢᠨ᠎ᠤ ᠠᠵᠢᠯᠳᠠᠨ ᠸᠠᠩ ᠶᠠᠨ᠄ 《〈ᠦᠢᠯᠡᠳᠪᠦᠷᠢᠯᠡᠬᠦ ᠲᠡᠭᠡᠭᠡᠪᠦᠷᠢᠯᠡᠬᠦ ᠬᠠᠳᠠᠭᠠᠯᠠᠬᠤ ᠪᠣᠷᠤᠯᠠᠭᠤᠯᠬᠤ〉ᠪᠥᠬᠥ ᠬᠡᠯᠬᠢᠶ᠎ᠡ᠎ᠶᠢ ᠰᠢᠯᠢᠳᠡᠭᠵᠢᠭᠦᠯᠬᠦ᠎ᠪᠡᠷ ᠳᠠᠮᠵᠢᠭᠤᠯᠤᠨ᠂ ᠮᠠᠯᠲᠠᠬᠤ ᠲᠣᠨᠣᠭ ᠲᠥᠬᠦᠭᠡᠷᠦᠮᠵᠢ᠎ᠶᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠵᠤ᠂ ᠣᠨᠣᠴᠠᠲᠠᠢ᠎ᠪᠠᠷ ᠨᠡᠭᠦᠷᠡᠰᠦ ᠲᠣᠬᠢᠷᠠᠭᠤᠯᠬᠤ ᠵᠢ ᠬᠡᠷᠡᠭᠵᠢᠬᠦᠯᠵᠦ᠂ ᠨᠡᠭᠦᠷᠡᠰᠦᠨ᠎ᠦ ᠶᠠᠰᠤ ᠴᠢᠨᠠᠷ᠎ᠤᠨ ᠲᠣᠭᠲᠠᠭᠤᠨ᠎ᠢ ᠪᠠᠲᠤᠯᠠᠪᠠ᠃ ᠨᠢᠭᠡᠳᠦᠭᠡᠷ ᠤᠯᠠᠷᠢᠯ᠎ᠳᠤ ᠺᠣᠮᠫᠠᠨᠢ᠎ᠶᠢᠨ ᠨᠡᠭᠦᠷᠡᠰᠦᠨ᠎ᠦ ᠪᠣᠷᠤᠯᠠᠭᠤᠯᠭ᠎ᠠ᠎ᠶᠢᠨ ᠬᠡᠮᠵᠢᠶ᠎ᠡ 700 ᠲᠦᠮᠡᠨ ᠲᠣᠨ᠎ᠢ ᠳᠠᠪᠠᠵᠤ᠂ ᠲᠦᠷᠦᠭᠦᠦ ᠤᠯᠠᠷᠢᠯ ᠤᠨ 〈ᠰᠠᠢᠨ ᠡᠬᠢᠯᠡᠯᠲᠡ〉 ᠶ᠋ᠢ ᠪᠡᠶᠡᠯᠡᠭᠦᠯᠪᠡ》 ᠭᠡᠵᠤ ᠲᠣᠨᠣᠭ ᠲᠥᠬᠦᠭᠡᠷᠦᠮᠵᠢ᠎ᠪᠡᠨ ᠲᠣᠬᠢᠷᠠᠭᠤᠯᠤᠨ ᠡᠵᠡᠮᠳᠡᠬᠦ ᠵᠢᠨ ᠲᠠᠭᠠᠤ ᠪᠢᠳᠡᠨ ᠲᠠᠨᠢᠯᠴᠠᠭᠤᠯᠤᠯ᠎ᠠ᠃
ᠡᠨᠡ ᠪᠤᠯ ᠥᠪᠥᠷ ᠮᠣᠩᠭᠣᠯ᠎ᠤᠨ ᠡᠨᠧᠷᠭᠢ᠎ᠶᠢᠨ ᠬᠠᠩᠭᠠᠯᠭ᠎ᠠ᠎ᠶᠢᠨ ᠬᠤᠷᠢᠶᠠᠩᠭᠤᠢ ᠳᠦᠷᠰᠦ ᠪᠣᠯᠣᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠡᠴᠠ ᠨᠠᠭᠠᠰᠢ᠂ ᠥᠪᠥᠷ ᠮᠣᠩᠭᠣᠯ᠎ᠤᠨ ᠨᠡᠭᠦᠷᠡᠰᠦᠨ᠎ᠦ ᠭᠠᠷᠤᠯᠲᠠ ᠨᠡᠶ᠋ᠢᠲᠡ 61 ᠳ᠋ᠦᠩᠰᠢᠭᠤᠷ ᠲᠣᠨ᠎ᠳᠤ ᠬᠦᠷᠴᠦ᠂ ᠪᠥᠬᠥ ᠤᠯᠤᠰ᠎ᠤᠨ ᠶᠡᠷᠦᠩᠬᠡᠢ ᠭᠠᠷᠤᠯᠲᠠ᠎ᠶᠢᠨ 1 / 4 ᠡᠴᠠ ᠳᠡᠭᠡᠭᠰᠢᠬᠢ ᠵᠢ ᠡᠵᠡᠯᠡᠵᠦ᠂ 85% ᠵᠢᠨ ᠨᠡᠭᠦᠷᠡᠰᠦ᠎ᠶᠢ ᠬᠠᠩᠭᠠᠯᠭ᠎ᠠ᠎ᠶᠢ ᠪᠠᠲᠤᠯᠠᠬᠤ᠎ᠳᠤ ᠬᠡᠷᠡᠭᠯᠡᠪᠡ; ᠨᠡᠶ᠋ᠢᠲᠡ 3.7 ᠲᠦᠮᠡᠨ ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠤ᠂ ᠨᠢᠭᠡᠨᠲᠡ ᠪᠠᠢᠭᠤᠯᠤᠭᠰᠠᠨ 17 ᠵᠤᠷᠪᠤᠰ ᠬᠡᠲᠦ ᠥᠨᠳᠥᠷ ᠬᠦᠴᠦᠳᠡᠯᠲᠦ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠵᠠᠮ᠎ᠤᠨ ᠭᠠᠳᠠᠭ᠍ᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ 1.2 ᠲᠦᠮᠡᠨ ᠳ᠋ᠦᠩᠰᠢᠭᠤᠷ ᠭᠷᠡᠳᠦ᠋ᠰ ᠢ ᠳᠠᠪᠠᠵᠤ᠂ ᠨᠡᠭᠦᠷᠡᠰᠦᠨ᠎ᠦ ᠬᠠᠩᠭᠠᠯᠭ᠎ᠠ᠎ᠶᠢ ᠪᠠᠲᠤᠯᠠᠬᠤ ᠬᠡᠮᠵᠢᠶ᠎ᠡ ᠪᠠ ᠭᠠᠳᠠᠭ᠍ᠰᠢ ᠬᠦᠷᠭᠡᠭᠰᠡᠨ ᠴᠠᠬᠢᠯᠭᠠᠨ᠎ᠤ ᠬᠡᠮᠵᠢᠶ᠎ᠡ ᠴᠥᠮ ᠪᠥᠬᠥ ᠤᠯᠤᠰ᠎ᠲᠤ ᠲᠦᠷᠦᠭᠦᠯᠡᠪᠡ᠃
ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠪᠣᠯ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠣᠯᠭᠣᠭᠰᠠᠨ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ ᠪᠣᠯᠬᠤ ᠪᠥᠭᠡᠳ ᠪᠠᠰᠠ ᠴᠤ᠌ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ᠎ᠠ᠃ ᠥᠪᠥᠷ ᠮᠣᠩᠭᠣᠯ ᠢᠮᠠᠭᠲᠠ ᠬᠠᠷᠢᠭᠤᠴᠠᠯᠭ᠎ᠠ᠎ᠶᠢ ᠮᠥᠷᠥᠨ᠎ᠳᠡᠭᠡᠨ ᠡᠭᠦᠷᠭᠡᠯᠡᠵᠦ᠂ ᠬᠠᠩᠭᠠᠯᠭ᠎ᠠ᠎ᠶᠢ ᠪᠠᠲᠤᠯᠠᠬᠤ ᠪᠠ ᠬᠡᠯᠪᠡᠷᠢ᠎ᠪᠡᠨ ᠬᠤᠪᠢᠷᠠᠭᠤᠯᠬᠤ᠎ᠶᠢ ᠵᠡᠷᠭᠡ᠎ᠪᠡᠷ ᠴᠢᠬᠤᠯᠠᠴᠢᠯᠠᠵᠤ᠂ ᠲᠥᠪ ᠶᠣᠰᠣ᠌᠎ᠶᠢ ᠪᠠᠷᠢᠮᠲᠠᠯᠠᠬᠤ ᠪᠠ ᠰᠢᠨ᠎ᠡ᠎ᠶᠢ ᠡᠭᠦᠳᠬᠦ᠎ᠶᠢ ᠨᠢᠭᠡᠳᠬᠡᠬᠦ᠎ᠶᠢ ᠪᠠᠷᠢᠮᠲᠠᠯᠠᠵᠤ᠂ ᠣᠲᠣ᠌ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠵᠢ ᠰᠠᠢᠲᠤᠷ ᠠᠳᠬᠤᠬᠤ ᠴᠠᠭ ᠦᠶ᠎ᠡ᠎ᠶᠢᠨ ᠬᠢᠯᠠᠯᠵᠠᠮ᠎ᠠ ᠬᠠᠭᠤᠳᠠᠰᠤ᠎ᠶᠢ ᠪᠢᠴᠢᠭᠯᠡᠪᠡ᠃ ᠣᠯᠠᠨ ᠵᠢᠯ᠎ᠦᠨ ᠬᠥᠭᠵᠢᠯᠲᠡ᠎ᠪᠡᠷ ᠳᠡᠮᠵᠢᠨ᠂ ᠥᠪᠥᠷ ᠮᠣᠩᠭᠣᠯ ᠨᠢᠭᠡᠨᠲᠡ ᠤᠯᠤᠰ᠎ᠤᠨ ᠳᠣᠲᠣᠭᠠᠳᠤ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ ᠂ ᠲᠥᠷᠥᠯ ᠵᠦᠢᠯ᠎ᠢᠶᠡᠷ ᠬᠠᠮᠤᠭ᠎ᠤᠨ ᠪᠦᠷᠢᠨ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠪᠦᠯᠦᠭᠵᠢᠯ᠎ᠢ ᠪᠠᠢᠭᠤᠯᠪᠠ᠃ ᠣᠷᠳᠣᠰ ᠬᠤᠳᠠ᠎ᠳᠤ ᠨᠢᠭᠡᠨᠲᠡ ᠨᠡᠭᠦᠷᠡᠰᠦ᠎ᠪᠡᠷ ᠲᠣᠰᠣ᠌ ᠦᠢᠯᠡᠳᠬᠦ᠂ ᠨᠡᠭᠦᠷᠡᠰᠦ᠎ᠪᠡᠷ ᠬᠡᠢ ᠦᠢᠯᠡᠳᠬᠦ᠂ ᠨᠡᠭᠦᠷᠡᠰᠦ᠎ᠪᠡᠷ ᠮᠧᠲ᠋ᠢᠯ ᠠᠯᠺᠣᠣᠯ ᠦᠢᠯᠡᠳᠬᠦ ᠪᠠ ᠠᠯᠺᠧᠨ ᠦᠢᠯᠡᠳᠬᠦ᠂ ᠨᠡᠭᠦᠷᠡᠰᠦ᠎ᠪᠡᠷ ᠰᠠᠭᠤᠷᠢ ᠪᠣᠯᠭᠠᠭᠰᠠᠨ ᠰᠢᠨ᠎ᠡ ᠮᠠᠲᠧᠷᠢᠶᠠᠯ ᠵᠡᠷᠭᠡ ᠤᠯᠠᠨ ᠡᠷᠭᠢᠯᠲᠡᠲᠦ ᠠᠵᠤ ᠦᠢᠯᠡᠰ᠎ᠦᠨ ᠬᠡᠯᠬᠢᠶ᠎ᠡ᠎ᠶᠢ ᠪᠠᠢᠭᠤᠯᠵᠤ᠂ ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠪᠣᠯᠣᠨ ᠪᠤᠬᠢᠷᠳᠤᠯ ᠦᠬᠡᠢ ᠤᠰᠤᠲᠥ᠋ᠷᠥᠭᠴᠢ᠂ ᠨᠡᠭᠦᠷᠡᠰᠦᠲᠥ᠋ᠷᠥᠭᠴᠢ᠎ᠶᠢ ᠴᠤᠭᠯᠠᠭᠤᠯᠤᠨ ᠠᠰᠢᠭ᠍ᠯᠠᠬᠤ ᠪᠣᠯᠣᠨ ᠪᠢᠲᠡᠭᠦᠮᠵᠢᠯᠡᠨ ᠬᠠᠳᠠᠭᠠᠯᠠᠬᠤ᠎ᠶᠢ ᠬᠣᠯᠪᠣᠯᠳᠤᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠵᠦ ᠪᠤᠢ᠃ ᠦᠬᠠᠢ ᠬᠤᠳᠠ᠎ᠶᠢᠨ ᠨᠡᠭᠦᠷᠡᠰᠦ᠎ᠶᠢ ᠲᠤᠬᠠᠢ᠎ᠶᠢᠨ ᠭᠠᠵᠠᠷ ᠲᠤᠨᠢ ᠡᠳ᠋ᠰᠢᠭᠦᠯᠵᠦ ᠬᠤᠪᠢᠷᠠᠭᠤᠯᠤᠭᠰᠠᠨ ᠨᠤᠷᠮ᠎ᠠ 90% ᠡᠴᠡ ᠳᠡᠭᠡᠭᠰᠢ᠎ᠳᠦ ᠬᠦᠷᠴᠦ᠂ ᠨᠡᠭᠦᠷᠡᠰᠦ᠎ᠪᠡᠷ ᠰᠠᠭᠤᠷᠢ ᠪᠣᠯᠭᠠᠭᠰᠠᠨ ᠰᠢᠨ᠎ᠡ ᠮᠠᠲᠧᠷᠢᠶᠠᠯ᠎ᠤᠨ ᠠᠵᠤ ᠦᠢᠯᠡᠰ᠎ᠦᠨ ᠬᠡᠯᠬᠢᠶ᠎ᠡ ᠲᠠᠰᠤᠷᠠᠯᠳᠡ ᠦᠭᠡᠢ ᠳᠣᠣᠷᠠᠳᠤ ᠤᠷᠤᠰᠬᠠᠯ ᠳᠡᠢᠰᠢ ᠥᠷᠭᠡᠵᠢᠵᠦ᠂ ᠦᠷᠳᠡᠭ᠎ᠦᠨ ᠬᠡᠯᠬᠢᠶ᠎ᠡ ᠨᠢ ᠳᠤᠮᠳᠠ ᠳᠡᠭᠡᠳᠦ ᠲᠦᠪᠰᠢᠨ ᠳᠡᠢᠰᠢ ᠳᠡᠭᠡᠭᠰᠢᠯᠡᠵᠡᠢ᠃
《ᠨᠢᠭᠡ ᠬᠡᠰᠡᠭ ᠨᠡᠭᠦᠷᠡᠰᠦ》 ᠡᠴᠡ ᠳᠡᠭᠡᠳᠦ ᠲᠡᠰ᠎ᠤᠨ ᠪᠥᠭᠡᠭᠡᠨᠡᠷᠡᠯ ᠠᠯᠺᠧᠨ᠂ ᠲᠠᠬᠢᠨ ᠨᠡᠭᠦᠷᠡᠰᠦᠲᠥ᠋ᠷᠥᠭᠴᠢᠲᠦ ᠰᠢᠨ᠎ᠡ ᠮᠠᠲᠧᠷᠢᠶᠠᠯ ᠬᠦᠷᠲᠡᠯ᠎ᠡ᠂ ᠦᠪᠦᠷ ᠮᠤᠩᠭᠤᠯ ᠶᠠᠭ ᠨᠡᠭᠦᠷᠡᠰᠦ ᠵᠢ ᠲᠦᠯᠡᠰᠢ᠎ᠡᠴᠡ ᠲᠦᠭᠦᠬᠡᠢ ᠮᠠᠲᠧᠷᠢᠶᠠᠯ ᠪᠤᠯᠭᠠᠵᠤ᠂ ᠲᠠᠬᠢᠨ ᠳᠡᠭᠡᠳᠦ ᠲᠡᠰ᠎ᠤᠨ ᠮᠠᠲᠧᠷᠢᠶᠠᠯᠪᠤᠯᠭᠠᠬᠤ ᠦᠷᠳᠡᠭ᠎ᠦᠨ ᠳᠡᠭᠡᠭᠰᠢᠯᠡᠯᠲᠡ᠎ᠶᠢ ᠪᠡᠶᠡᠯᠡᠬᠦᠯᠵᠦ ᠪᠤᠢ᠃
ᠡᠭᠦᠨ᠎ᠦ ᠬᠠᠮᠳᠤ ᠰᠢᠨ᠎ᠡ ᠡᠨᠧᠷᠭᠢ ᠶ᠋ᠢᠨ ᠲᠠᠯ᠎ᠠ᠎ᠪᠠᠷ ᠴᠤ᠌ ᠬᠤᠷᠳᠤ ᠨᠡᠮᠡᠵᠦ ᠪᠠᠢᠭ᠎ᠠ ᠠᠵᠢ᠃
《ᠰᠠᠯᠬᠢᠨ᠎ᠤ ᠬᠦᠴᠦᠨ ᠨᠠᠷᠠᠨ᠎ᠤ ᠬᠡᠷᠡᠯ》 ᠤ᠋ᠨ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠷ᠎ᠢᠶᠠᠨ ᠥᠪᠥᠷ ᠮᠣᠩᠭᠣᠯ ᠰᠢᠨ᠎ᠡ ᠡᠨᠧᠷᠭᠢ᠎ᠶᠢᠨ ᠬᠥᠭᠵᠢᠯᠲᠡ᠎ᠶᠢᠨ ᠳᠤᠬᠢᠶᠠᠯ᠎ᠢ ᠠᠳᠬᠤᠵᠤ᠂ ᠰᠢᠨ᠎ᠡ ᠡᠨᠧᠷᠭᠢ᠎ᠵᠢ ᠶᠡᠬᠡ ᠬᠡᠪᠴᠢᠶ᠎ᠡ᠂ ᠥᠨᠳᠥᠷ ᠬᠠᠷᠢᠴᠠᠯ᠎ᠵᠢᠡᠷ ᠨᠡᠭᠡᠭᠡᠨ ᠠᠰᠢᠭ᠍ᠯᠠᠬᠤ᠎ᠶᠢ ᠲᠦᠷᠭᠡᠳᠬᠡᠨ ᠠᠬᠢᠭᠤᠯᠵᠤ᠂ ᠬᠦᠴᠦᠨ᠎ᠢᠶᠡᠨ ᠲᠥᠪᠯᠡᠷᠡᠭᠦᠯᠦᠨ ᠡᠨᠧᠷᠭᠢ᠎ᠶᠢᠨ ᠪᠦᠲᠦᠴᠡ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠳᠡᠢᠰᠢ ᠬᠡᠯᠪᠡᠷᠢ᠎ᠪᠠᠨ ᠬᠤᠪᠢᠷᠠᠭᠤᠯᠬᠤ 《ᠳᠤᠮᠳᠠᠳᠤ ᠤᠯᠤᠰ᠎ᠤᠨ ᠦᠯᠢᠭᠡᠷ ᠳᠠᠭᠤᠷᠢᠶᠠᠯ》 ᠢ᠋ ᠪᠢᠴᠢᠭᠯᠡᠪᠠ᠃ ᠣᠳᠣᠬᠠᠨ᠎ᠳᠤ᠂ ᠪᠥᠬᠥ ᠣᠷᠣᠨ᠎ᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠨᠡᠶ᠋ᠢᠲᠡ 1.74 ᠳ᠋ᠦᠩᠰᠢᠭᠤᠷ ᠺᠢᠯᠣᠸᠠᠲ᠎ᠲᠤ ᠬᠦᠷᠴᠦ᠂ ᠪᠥᠬᠥ ᠣᠷᠣᠨ᠎ᠤ 70% ᠠ᠋ᠴᠠ ᠳᠡᠭᠡᠭᠰᠢᠬᠢ ᠰᠢᠨ᠎ᠡ᠎ᠪᠡᠷ ᠨᠡᠮᠡᠭᠳᠡᠭᠰᠡᠨ ᠴᠠᠬᠢᠯᠭᠠᠨ᠎ᠤ ᠬᠡᠮᠵᠢᠶ᠎ᠡ᠂ 80% ᠠ᠋ᠴᠠ ᠳᠡᠭᠡᠭᠰᠢᠬᠢ ᠰᠢᠨ᠎ᠡ᠎ᠪᠡᠷ ᠨᠡᠮᠡᠭᠳᠡᠭᠰᠡᠨ ᠮᠠᠰᠢᠨ ᠴᠣᠭᠴᠠᠯᠠᠪᠤᠷᠢ ᠨᠢ ᠴᠥᠮ ᠰᠢᠨ᠎ᠡ ᠡᠨᠧᠷᠭᠢ ᠠ᠋ᠴᠠ ᠢᠷᠡᠯᠲᠡ᠎ᠲᠠᠢ ᠶᠤᠮ ᠃
ᠡᠯᠪᠡᠭ ᠪᠠᠶᠠᠯᠢᠭ ᠪᠤᠬᠢᠷᠳᠤᠯ ᠦᠬᠡᠢ ᠴᠠᠬᠢᠯᠭᠠᠨ᠎ᠤ ᠡᠬᠢ ᠪᠠᠶᠠᠯᠢᠭ᠋ ᠨᠢ ᠨᠢᠭᠡᠨᠲᠡ ᠥᠪᠥᠷ ᠮᠣᠩᠭᠣᠯ᠎ᠤᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠎ᠶᠢᠨ 《ᠠᠯᠲᠠᠨ ᠬᠠᠭᠤᠳᠠᠰᠤ》 ᠪᠣᠯᠤᠭᠰᠠᠨ ᠪᠠᠢᠨ᠎ᠠ ᠃ ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠲᠡᠷᠢᠭᠦᠨ᠎ᠦ ᠪᠣᠬᠢᠷᠲᠤᠯ ᠦᠭᠡᠢ ᠥᠨᠳᠥᠷ ᠠᠴᠢᠶᠠᠲᠤ ᠠᠵᠤ ᠦᠢᠯᠡᠰ᠎ᠢ ᠢᠳᠡᠪᠬᠢᠲᠡᠢ᠎ᠪᠡᠷ ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠢ ᠶᠡᠬᠡ ᠪᠡᠷ ᠬᠥᠭᠵᠢᠭᠦᠯᠬᠦ᠎ᠶᠢᠨ ᠬᠠᠮᠲᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋᠂ ᠪᠠᠭ᠎ᠠ ᠨᠡᠭᠦᠷᠡᠰᠦᠲᠥ᠋ᠷᠥᠭᠴᠢᠳᠦ ᠬᠦᠷᠢᠶᠡᠯᠡᠩ ᠲᠣᠭᠣᠷᠢᠭ᠋᠎ᠢ ᠲᠤᠷᠰᠢᠨ ᠪᠠᠢᠭᠤᠯᠵᠤ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠵᠢᠴᠢ ᠭᠣᠣᠯᠳᠠᠯᠭ᠎ᠠ᠎ᠲᠠᠢ ᠠᠵᠤ ᠦᠢᠯᠡᠳᠪᠦᠷᠢ᠎ᠶᠢᠨ ᠲᠦᠷᠦᠯ ᠵᠦᠢᠯ᠎ᠦᠨ ᠪᠣᠬᠢᠷᠲᠤᠯ ᠦᠭᠡᠢ ᠴᠠᠬᠢᠯᠭᠠᠨ᠎ᠢᠶᠠᠷ ᠣᠷᠣᠯᠠᠭᠤᠯᠬᠤ᠎ᠶᠢ ᠲᠦᠷᠭᠡᠳᠭᠡᠨ ᠪᠡᠶᠡᠯᠡᠭᠦᠯᠬᠦ᠎ᠶᠢ ᠠᠬᠢᠭᠤᠯᠪᠠ᠃
ᠪᠤᠳᠤᠯᠳᠠ ᠵᠢᠨ ᠬᠦᠴᠦᠨ ᠴᠠᠬᠢᠯᠭᠠᠨ ᠬᠦᠴᠦᠨ᠎ᠢ ᠬᠠᠮᠵᠢᠯᠴᠠᠭᠤᠯᠤᠨ ᠬᠥᠭᠵᠢᠭᠦᠯᠬᠦ ᠲᠠᠯ᠎ᠠ᠎ᠪᠠᠷ ᠥᠪᠥᠷ ᠮᠣᠩᠭᠣᠯ ᠨᠢᠭᠡᠨᠲᠡ 《ᠬᠥᠬᠡᠬᠣᠲᠠ ᠪᠤᠭᠤᠲᠤ ᠣᠷᠳᠣᠰ ᠤᠯᠠᠭᠠᠨᠴᠠᠪ 》᠂ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋ᠢ ᠪᠦᠷᠬᠦᠭᠰᠡᠨ ᠪᠤᠳᠤᠯᠳᠠ᠎ᠶᠢᠨ ᠬᠦᠴᠦᠨ᠎ᠦ ᠦᠢᠯᠡᠴᠢᠯᠡᠭᠡᠨ᠎ᠦ ᠬᠦᠷᠢᠶ᠎ᠡ᠎ᠶᠢ ᠪᠠᠢᠭᠤᠯᠵᠤ᠂ ᠪᠦᠬᠦ ᠤᠯᠤᠰ᠎ᠤᠨ ᠪᠤᠳᠤᠯᠳᠠ᠎ᠶᠢᠨ ᠬᠦᠴᠦᠨ᠎ᠦ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠪᠦᠲᠦᠮᠵᠢᠲᠡᠢ ᠲᠤᠯᠭᠠᠭᠤᠷᠢᠯᠠᠪᠠ᠃ ᠬᠣᠷᠢᠨᠭᠡᠷ ᠰᠢᠨ᠎ᠡ ᠲᠣᠭᠣᠷᠢᠭ᠋᠎ᠲᠤ᠂ ᠲᠣᠭ᠎ᠠ ᠪᠠᠷᠢᠮᠲᠠ᠎ᠶᠢᠨ ᠲᠥᠪ᠎ᠦᠨ ᠪᠤᠬᠢᠷᠳᠤᠯ ᠦᠬᠡᠢ ᠴᠠᠬᠢᠯᠭᠠᠨ᠎ᠤ ᠡᠵᠡᠯᠡᠬᠦ ᠬᠠᠷᠢᠴᠠᠯ 80% ᠡᠴᠡ ᠳᠡᠭᠡᠭᠰᠢ᠎ᠳᠦ ᠬᠦᠷᠴᠦ᠂《ᠴᠠᠬᠢᠯᠭᠠᠨ ᠬᠦᠴᠦᠨ᠎ᠢᠶᠠᠷ ᠪᠣᠳᠣᠯᠳᠠ ᠵᠢᠨ ᠬᠦᠴᠦᠨ᠎ᠢ ᠬᠦᠴᠦᠷᠬᠡᠭᠵᠢᠭᠦᠯᠬᠦ᠂ ᠪᠤᠳᠤᠯᠳᠠ᠎ᠵᠢᠨ ᠬᠦᠴᠦᠨ ᠵᠢᠡᠷ ᠴᠠᠬᠢᠯᠭᠠᠨ ᠬᠦᠴᠦᠨ᠎ᠢ ᠠᠬᠢᠭᠤᠯᠬᠤ》 ᠬᠣᠣᠰ ᠴᠢᠭᠯᠡᠯ᠎ᠢᠶᠡᠷ ᠬᠦᠴᠦᠨ ᠣᠯᠭᠣᠬᠤ᠎ᠶᠢ ᠪᠡᠶᠡᠯᠡᠭᠦᠯᠵᠡᠢ᠃
ᠡᠭᠦᠨ᠎ᠦ ᠬᠠᠮᠳᠤ ᠪᠣᠬᠢᠷᠲᠤᠯ ᠦᠭᠡᠢ ᠤᠰᠤᠲᠥ᠋ᠷᠥᠭᠴᠢ᠎ᠶᠢᠨ ᠰᠢᠪᠲᠦᠷᠲᠦ ᠠᠯᠺᠣᠣᠯ᠎ᠤᠨ ᠠᠵᠤ ᠦᠢᠯᠡᠰ᠎ᠤᠨ ᠬᠦᠭᠵᠢᠯᠳᠡ ᠵᠢ ᠪᠠᠢᠷᠢᠰᠢᠭᠤᠯᠵᠤ᠂ ᠪᠤᠬᠢᠷᠳᠤᠯ ᠦᠬᠡᠢ ᠴᠠᠬᠢᠯᠭᠠᠨ᠎ᠢ ᠪᠤᠬᠢᠷᠳᠤᠯ ᠦᠬᠡᠢ ᠤᠰᠤᠲᠥ᠋ᠷᠥᠭᠴᠢ᠂ ᠪᠤᠬᠢᠷᠳᠤᠯ ᠦᠬᠡᠢ ᠰᠢᠪᠲᠦᠷ᠂ ᠪᠤᠬᠢᠷᠳᠤᠯ ᠦᠬᠡᠢ ᠠᠯᠺᠣᠣᠯ ᠪᠤᠯᠭᠠᠨ ᠠᠰᠢᠬᠯᠠᠬᠤ ᠶ᠋ᠢ ᠪᠡᠶᠡᠯᠡᠭᠦᠯᠵᠦ᠂ ᠤᠰᠤᠲᠥ᠋ᠷᠥᠭᠴᠢ᠎ᠳᠦ ᠡᠨᠧᠷᠭᠢ᠎ᠶᠢ 《ᠦᠢᠯᠡᠳᠪᠦᠷᠢᠯᠡᠬᠦ ᠬᠠᠳᠠᠭᠠᠯᠠᠬᠤ ᠳᠠᠮᠵᠢᠭᠤᠯᠬᠤ ᠬᠡᠷᠡᠭᠯᠡᠬᠦ》 ᠪᠦᠬᠦ ᠬᠡᠯᠬᠢᠶ᠎ᠡ᠎ᠶᠢᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠤᠢ᠃ ᠤᠯᠠᠭᠠᠨᠬᠠᠳᠠ ᠬᠤᠳᠠ᠎ᠶᠢᠨ ᠬᠢᠨ ᠤᠰᠤᠲᠥ᠋ᠷᠥᠭᠴᠢᠳᠦᠡᠨᠧᠷᠭᠢᠶᠢ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠬᠤ ᠵᠠᠩᠭᠢᠯᠠᠭ᠎ᠠ᠎ᠶᠢᠨ ᠴᠢᠭᠯᠡᠯ ᠪᠣᠯᠭᠠᠵᠤ᠂ ᠨᠢᠭᠡᠨᠲᠡ 《ᠳᠦᠷᠢᠮ ᠲᠣᠭᠲᠠᠭᠠᠬᠤ ︱ ᠪᠦᠲᠦᠭᠡᠨ ᠪᠠᠶ᠋ᠢᠭᠤᠯᠬᠤ ︱ ᠠᠰᠢᠭ᠍ᠯᠠᠯᠲᠠ᠎ᠳᠤ ᠣᠷᠣᠭᠤᠯᠬᠤ ︱ ᠨᠥᠭᠡᠴᠡᠯᠡᠬᠦ》 ᠱᠠᠲᠤᠯᠢᠭ ᠵᠢᠡᠷ ᠠᠬᠢᠭᠤᠯᠬᠤ ᠪᠠᠢᠷᠢᠰᠢᠯ᠎ᠢ ᠪᠦᠷᠢᠯᠳᠦᠭᠦᠯᠵᠦ᠂ ᠤᠰᠤᠲᠥ᠋ᠷᠥᠭᠴᠢ᠎ᠳᠦ ᠡᠨᠧᠷᠭᠢ᠎ᠶᠢᠨ ᠠᠵᠤ ᠦᠢᠯᠡᠰ᠎ᠦᠨ ᠪᠦᠯᠦᠭᠯᠡᠯ᠎ᠦᠨ ᠠᠩᠬ᠎ᠠ ᠠᠯᠬᠤᠮ᠎ᠤᠨ ᠳᠦᠷᠰᠦᠪᠠᠢᠳᠠᠯᠢ ᠪᠦᠷᠢᠯᠳᠦᠭᠦᠯᠵᠡᠢ᠃
《ᠤᠯᠤᠰ᠎ᠤᠨ ᠶᠡᠬᠡ ᠶᠠᠪᠤᠳᠠᠯ》 ᠢ᠋ ᠬᠡᠬᠦᠳᠡᠭ ᠴᠡᠭᠡᠵᠢᠨ ᠳ᠋ᠡᠭᠡᠨ ᠪᠤᠳᠤᠯᠬᠢᠯᠠᠵᠤ᠂ ᠥᠪᠥᠷ ᠮᠣᠩᠭᠣᠯ ᠬᠠᠷᠠᠯᠲᠠ ᠪᠠᠨ ᠨᠢᠬᠡᠳᠬᠡᠵᠤ ᠬᠦᠴᠦᠨ᠎ᠢᠶᠡᠨ ᠲᠥᠪᠯᠡᠷᠡᠭᠦᠯᠤᠨ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠰᠠᠢᠲᠤᠷ ᠬᠢᠬᠦ᠌ ᠡᠨᠡ ᠬᠦ᠌ ᠶᠡᠬᠡ ᠶᠠᠪᠤᠳᠠᠯ ᠳᠡᠭᠡᠷ᠎ᠡ ᠲᠠᠰᠤᠷᠠᠯᠳᠠ ᠦᠭᠡᠢ ᠬᠦᠴᠢᠷ ᠠᠰᠠᠭᠤᠳᠠᠯ᠎ᠢ ᠱᠢᠢᠳᠪᠦᠷᠢᠯᠡᠨ᠂ ᠪᠣᠳᠠᠲᠠᠢ ᠦᠷ᠎ᠡ ᠪᠦᠲᠦᠮᠵᠢ ᠣᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠪᠠ᠃
《ᠠᠷᠪᠠᠨ ᠲᠠᠪᠤᠲᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠥᠪᠥᠷ ᠮᠣᠩᠭᠣᠯ᠎ᠤᠨ ᠡᠨᠧᠷᠭᠢ᠎ᠶ᠋ᠢᠨ ᠲᠣᠮᠣ ᠣᠷᠣᠨ᠎ᠠᠴᠠ ᠡᠨᠧᠷᠭᠢ᠎ᠶ᠋ᠢᠨ ᠬᠦᠴᠦᠷᠬᠡᠭ ᠣᠷᠣᠨ ᠲᠡᠢᠰᠢ ᠰᠢᠯᠵᠢᠬᠦ ᠳᠠᠪᠠᠯᠲᠠ ᠵᠢ ᠪᠡᠶᠡᠯᠡᠬᠦᠯᠬᠦ ᠵᠠᠩᠭᠢᠯᠠᠭ᠎ᠠ᠎ᠶ᠋ᠢᠨ ᠬᠤᠭᠤᠴᠠᠭ᠎ᠠ ᠮᠦᠨ᠃ ᠬᠡᠷᠬᠢᠨ ᠳᠠᠪᠠᠬᠤ ᠪᠣᠶ? 4 ᠰᠠᠷ᠎ᠠ᠎ᠶ᠋ᠢᠨ 21 ᠤ᠋ ᠡᠳᠦᠷ ᠬᠤᠷᠠᠯᠳᠤᠭ᠍ᠰᠠᠨ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠬᠢᠯᠠᠯᠲᠠ — ᠱᠢᠨ᠎ᠡ ᠠᠶᠠᠨ᠎ᠳᠠᠭᠠᠨ ᠳᠤᠮᠳᠠᠳᠤ ᠤᠯᠤᠰ᠎ᠤᠨ ᠮᠠᠶᠢᠭ ᠤ᠋ᠨ ᠤᠲᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠰᠭᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ》 ᠳᠡᠭᠡᠷ᠎ᠡ᠂ ᠥᠪᠥᠷ ᠮᠣᠩᠭᠣᠯ 《ᠲᠦᠷᠪᠡᠨ ᠶᠡᠬᠡ ᠶᠠᠪᠤᠳᠠᠯ᠎ᠢ ᠰᠠᠢᠲᠤᠷ ᠬᠢᠬᠦ᠌》 ᠲᠤᠬᠠᠢ ᠪᠠᠢᠷᠢᠯᠠᠭᠤᠯᠤᠯᠲᠠ ᠬᠢᠵᠠᠢ᠃
ᠨᠢᠭᠡ ᠳ᠋ᠤ᠂ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠨ᠎ᠠ᠃ ᠤᠯᠤᠰ᠎ᠤᠨ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠰᠠᠭᠤᠷᠢᠨ ᠤ᠋ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ 《ᠨᠢᠬᠡ ᠪᠦᠯᠦᠭ ᠳᠠᠯᠳᠠ ᠬᠦᠴᠦᠨ᠎ᠢ ᠠᠭᠤᠳᠠᠯᠠᠬᠤ᠂ ᠨᠢᠭᠡ ᠪᠦᠯᠦᠭ ᠱᠢᠨ᠎ᠡ᠎ᠪᠡᠷ ᠪᠦᠳᠦᠭᠡᠨ ᠪᠠᠢᠭᠤᠯᠬᠤ᠂ ᠨᠢᠭᠡ ᠪᠦᠯᠦᠭ ᠨᠥᠭᠡᠴᠡᠯᠡᠬᠦ᠌》 ᠪᠡᠷ ᠳᠠᠮᠵᠢᠨ᠂ ᠨᠡᠭᠦᠷᠡᠰᠦᠨ᠎ᠦ ᠲᠡᠷᠢᠭᠦᠨ᠎ᠦ ᠦᠢᠯᠡᠳᠪᠦᠷᠢᠯᠡᠯ᠎ᠤᠨ ᠴᠢᠳᠠᠪᠤᠷᠢ᠎ᠶ᠋ᠢ ᠦᠷᠭᠦᠯᠵᠢᠯᠡᠭᠦᠯᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠲᠦᠯᠬᠢᠨ ᠠᠬᠢᠭᠤᠯᠵᠤ᠂ ᠪᠦᠬᠦ᠌ ᠣᠷᠣᠨ᠎ᠤ ᠨᠡᠭᠦᠷᠡᠰᠦᠨ᠎ᠦ ᠶᠡᠷᠦᠩᠬᠡᠶ ᠦᠢᠯᠡᠳᠪᠦᠷᠢᠯᠡᠬᠦ᠌ ᠴᠢᠳᠠᠪᠤᠷᠢ᠎ᠶ᠋ᠢ 13 ᠳ᠋ᠦᠩᠱᠢᠭᠤᠷ ᠲᠣᠨ ᠣᠷᠴᠢᠮ᠎ᠳᠤ ᠲᠤᠭᠲᠠᠪᠤᠷᠢᠵᠢᠭᠤᠯᠤᠨ᠎ᠠ᠃
ᠬᠤᠶᠠᠷ ᠲᠸ᠋᠂ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠨ᠎ᠠ᠃ ᠪᠦᠬᠦ᠌ ᠤᠯᠤᠰ᠎ᠤᠨ 1 / 4 ᠶ᠋ᠢ ᠡᠵᠡᠯᠡᠬᠦ᠌ ᠰᠠᠯᠬᠢᠨ᠎ᠤ ᠬᠦᠴᠤᠨ ᠭᠡᠷᠡᠯᠴᠢ ᠴᠡᠨᠡᠭ ᠶ᠋ᠢᠡᠷ ᠴᠠᠬᠢᠯᠭᠠᠨ ᠭᠠᠷᠭᠠᠬᠤᠡᠬᠢ ᠪᠠᠶᠠᠯᠢᠭ᠎ᠲᠤ ᠲᠦᠱᠢᠭ᠌ᠯᠡᠨ᠂ ᠵᠢᠯ ᠪᠦᠷᠢ᠎ᠶ᠋ᠢᠨ ᠭᠠᠳᠠᠭ᠍ᠰᠢ ᠬᠦᠷᠭᠡᠬᠦ᠌ ᠴᠠᠬᠢᠯᠭᠠᠨ᠎ᠤ ᠬᠡᠮᠵᠢᠶ᠎ᠡ ᠵᠢ 4000 ᠳ᠋ᠦᠩᠱᠢᠭᠤᠷ ᠭᠷᠠᠳᠦ᠋ᠰ ᠡᠴᠡ ᠳᠠᠪᠠᠭᠤᠯᠤᠨ᠎ᠠ ᠂ ᠡᠭᠦᠨ᠎ᠳᠦ ᠱᠢᠨ᠎ᠡ ᠡᠨᠧᠷᠭᠢ᠎ᠶ᠋ᠢᠨ ᠴᠠᠬᠢᠯᠭᠠᠨ᠎ᠤ ᠬᠡᠮᠵᠢᠶ᠎ᠡ 2000 ᠳ᠋ᠦᠩᠱᠢᠭᠤᠷ ᠭᠷᠠᠳᠦ᠋ᠰᠢ ᠳᠠᠪᠠᠵᠤ᠂ ᠡᠯ᠎ᠡ ᠮᠤᠵᠢ ᠬᠣᠲᠠ᠎ᠳᠤ ᠨᠡᠩ ᠣᠯᠠᠨ 《ᠪᠣᠬᠢᠷᠲᠤᠯ ᠦᠭᠡᠶ ᠴᠠᠬᠢᠯᠭᠠᠨ᠂ ᠬᠢᠮᠳᠠ ᠴᠠᠬᠢᠯᠭᠠᠨ᠂ ᠨᠠᠢᠳᠠᠪᠤᠷᠢᠲᠠᠶ ᠴᠠᠬᠢᠯᠭᠠᠨ》 ᠬᠠᠩᠭᠠᠨ᠎ᠠ᠃
ᠭᠤᠷᠪᠠ ᠳ᠋ᠤ᠂ ᠬᠡᠯᠪᠡᠷᠢ᠎ᠪᠡᠨ ᠬᠤᠪᠢᠷᠠᠭᠤᠯᠤᠨ᠎ᠠ᠃ ᠤᠯᠠᠮᠵᠢᠯᠠᠯᠲᠤ ᠡᠨᠧᠷᠭᠢ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢ ᠭᠣᠣᠯᠳᠠᠯᠭ᠎ᠠ᠎ᠲᠠᠶ ᠠᠳᠭᠤᠨ᠎ᠠ — ᠳᠡᠭᠡᠳᠦ ᠲᠡᠰ᠎ᠤᠨ ᠪᠥᠭᠡᠭᠡᠨᠠᠷᠠᠯ ᠠᠯᠺᠸᠠ᠂ ᠨᠡᠭᠦᠷᠡᠰᠦᠲᠥ᠋ᠷᠥᠭ᠌ᠴᠢ᠎ᠶ᠋ᠢᠨ ᠱᠢᠷᠬᠡᠭ᠌ᠯᠢᠭ ᠵᠡᠷᠭᠡ ᠨᠡᠭᠦᠷᠡᠰᠦᠲᠥ᠋ᠷᠥᠭ᠌ᠴᠢᠳᠦ ᠱᠢᠨ᠎ᠡ ᠮᠠᠲ᠋ᠧᠷᠢᠶᠠᠯ᠎ᠢ ᠬᠥᠭ᠌ᠵᠢᠭᠦᠯᠵᠦ᠍᠂ ᠪᠦᠬᠦ᠌ ᠤᠯᠤᠰ᠎ᠤᠨ ᠬᠠᠮᠤᠭ᠎ᠤᠨ ᠶᠡᠬᠡ ᠶᠡᠷᠦᠩᠬᠡᠢᠯᠡᠭ᠌ᠰᠡᠨ ᠴᠢᠨᠠᠷᠲᠠᠢ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠰᠠᠭᠤᠷᠢᠨ᠎ᠢ ᠪᠠᠢᠭᠤᠯᠤᠨ᠎ᠠ᠃ ᠱᠢᠨ᠎ᠡ ᠡᠨᠧᠷᠭᠢ᠎ᠶ᠋ᠢᠨ ᠴᠠᠬᠢᠯᠭᠠᠨ ᠤ᠋ ᠪᠤᠰᠤ ᠠᠱᠢᠭ᠍ᠯᠠᠯᠲᠠ᠎ᠶ᠋ᠢ ᠭᠤᠤᠯᠳᠠᠯᠭ᠎ᠠ᠎ᠲᠠᠶ ᠠᠳᠭᠤᠵᠤ᠂ ᠱᠢᠨ᠎ᠡ ᠡᠨᠧᠷᠭᠢ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠦᠶ᠋ᠯᠡᠳᠪᠦᠷᠢᠯᠡᠯ ᠬᠡᠷᠡᠭ᠌ᠯᠡᠭᠡᠨ᠎ᠦ ᠰᠠᠭᠤᠷᠢᠨ᠂ ᠪᠣᠬᠢᠷᠲᠤᠯ ᠥᠬᠡᠶ ᠲᠦᠭᠦᠬᠡᠶ ᠮᠠᠲ᠋ᠧᠷᠢᠶᠠᠯ ᠪᠠ ᠲᠦᠯᠡᠰᠢ ᠬᠠᠩᠭᠠᠬᠤ ᠰᠠᠭᠤᠷᠢᠨ᠂ ᠪᠣᠬᠢᠷᠲᠤᠯ ᠥᠬᠡᠶ ᠪᠤᠳᠤᠯᠳᠠ ᠵᠢᠨ ᠴᠢᠳᠠᠪᠤᠷᠢ ᠪᠠ ᠪᠣᠬᠢᠷᠲᠤᠯ ᠥᠬᠡᠶ Token ᠰᠠᠭᠤᠷᠢᠨ᠎ᠢ ᠪᠠᠢᠭᠤᠯᠤᠨ᠎ᠠ᠃
ᠲᠦᠷᠪᠡ ᠳ᠋ᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠤᠨ᠎ᠠ᠃ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠰᠠᠭᠤᠷᠢ ᠲᠥᠬᠥᠭᠡᠷᠦᠮᠵᠢ᠎ᠶ᠋ᠢᠨ ᠪᠠᠢᠷᠢᠱᠢᠭᠤᠯᠤᠯᠲᠠ᠎ᠶ᠋ᠢ ᠴᠢᠩᠭᠠᠳᠭᠠᠬᠤ᠂ ᠲᠥᠷᠥ᠎ᠶ᠋ᠢᠨ ᠪᠣᠳᠣᠯᠭ᠎ᠠ᠎ᠶ᠋ᠢᠨ ᠦᠵᠦ᠍ ᠲᠥᠯᠥᠪᠯᠡᠭᠡ᠎ᠶ᠋ᠢ ᠲᠡᠭᠦᠯᠳᠡᠷᠵᠢᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠨᠠᠩ ᠠᠮᠢᠳᠤᠯᠢᠭ ᠵᠠᠬ᠎ᠠ ᠳᠡᠯᠭᠡᠭᠦᠷ᠎ᠦᠨ ᠲᠣᠭ᠍ᠲᠠᠴᠠ᠂ ᠨᠠᠩ ᠨᠡᠪᠲᠡᠷᠬᠡᠶ ᠰᠠᠭᠤᠷᠢ ᠲᠥᠬᠥᠭᠡᠷᠦᠮᠵᠢ᠎ᠶ᠋ᠢᠨ ᠲᠤᠤᠷ ᠰᠦᠯᠵᠢᠶ᠎ᠡ᠂ ᠨᠠᠩ ᠲᠦᠭᠡᠮᠡᠯ ᠬᠠᠷᠠᠭᠠᠯᠵᠠᠯ ᠦᠵᠡᠬᠦᠯᠬᠦ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠎ᠪᠠᠷ ᠠᠵᠤ ᠦᠶ᠋ᠯᠡᠰ᠎ᠦᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠨᠡᠮᠡᠷᠢᠯᠡᠨ᠎ᠡ᠃
ᠬᠠᠷᠠᠯᠲᠠ ᠨᠢᠭᠡᠨᠳᠡ ᠲᠤᠳᠤᠷᠬᠠᠢ ᠪᠤᠯᠤᠯ᠎ᠠ᠂ ᠭᠡᠪᠠᠴᠤ ᠦᠢᠯᠡᠳᠦᠯᠭᠡᠵᠢᠬᠦᠯᠬᠦ ᠨᠢ ᠨᠡᠩ ᠴᠢᠬᠤᠯᠠ ᠶᠤᠮ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠭᠠᠷᠤᠭ᠎ᠠ᠎ᠳᠤ᠂ ᠥᠪᠥᠷ ᠮᠣᠩᠭᠣᠯ ᠨᠠᠩ ᠪᠣᠳᠠᠲᠠᠶ ᠬᠠᠷᠢᠭᠤᠴᠠᠯᠭ᠎ᠠ ᠡᠬᠦᠷᠬᠡᠯᠡᠨ᠂ ᠨᠠᠩ ᠶᠡᠬᠡ ᠵᠢᠳᠬᠦᠯ ᠴᠢᠷᠮᠠᠢᠯᠭ᠎ᠠ᠎ᠪᠠᠷ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠪᠡᠷ ᠡᠷᠡᠯᠬᠡᠭ᠌ᠯᠡᠨ ᠤᠷᠤᠭ᠍ᠰᠢᠯᠠᠨ᠎ᠠ᠃