ᠰᠤᠷᠤᠯᠴᠠᠬᠤ ᠰᠡᠳᠭᠢᠬᠦ ᠦᠶ᠋ᠯᠡᠳᠦᠯᠭᠡᠵᠢᠭᠦᠯᠬᠦ ᠤᠬᠠᠪᠤᠷᠢᠯᠠᠬᠤ ᠦᠨᠳᠦᠰᠦ ᠰᠠᠭᠤᠷᠢ᠎ᠶ᠋ᠢ ᠴᠣᠭ᠍ᠴᠠᠯᠠᠵᠤ ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠬᠥᠭ᠌ᠵᠢᠯᠲᠡ᠎ᠶ᠋ᠢ ᠠᠬᠢᠭᠤᠯᠤᠨ᠎ᠠ
2026-05-07 09:33:43
ᠵᠣᠬᠢᠶᠠᠭ᠍ᠴᠢ᠄
ᠯᠢ ᠼᠦᠨ ᠱᠢᠶᠠ ᠵᠠᠩ ᠬᠤᠢ ᠯᠢᠩ ᠠᠨ ᠶᠢᠨ ᠳ᠋ᠦᠩ ᠱᠢᠤᠸᠠᠢ ᠯᠠᠶ
ᠣᠩᠱᠢᠭ᠍ᠰᠠᠨ ᠣᠳᠠᠭ᠎ᠠ᠄
★★★☆☆

ᠪᠦᠬᠦ ᠤᠷᠤᠨ᠎ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠬᠦᠯᠬᠦ ᠰᠤᠷᠤᠯᠴᠠᠯᠭ᠎ᠠ ᠬᠦᠮᠦᠵᠢᠯ᠎ᠢ ᠯᠠᠪᠳᠠᠭᠤᠨ ᠪᠠᠲᠤᠲᠠᠢ ᠦᠷᠨᠢᠬᠦᠯᠵᠦ ᠪᠠᠢᠨ᠎ᠠ


ᠵᠠᠰᠠᠭ᠎ᠤᠨ ᠠᠵᠢᠯ᠎ᠤᠨ ᠪᠦᠲᠦᠮᠵᠢ᠎ᠶᠢᠨ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ ᠪᠦᠬᠦ᠌ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠪᠠᠷ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠰᠠᠢᠲᠤᠷ ᠠᠳᠭᠤᠵᠤ᠂ ᠰᠤᠷᠤᠯᠴᠠᠬᠤ ᠪᠠᠢᠴᠠᠭᠠᠬᠤ ᠥᠭᠡᠷᠡᠴᠢᠯᠡᠬᠦ᠌᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠬᠤ ᠰᠡᠳᠭᠢᠬᠦ ᠦᠢᠯᠡᠳᠦᠯᠭᠡᠵᠢᠭᠦᠯᠬᠦ ᠤᠬᠠᠪᠤᠷᠢᠯᠠᠬᠤ᠂ ᠪᠣᠳᠠᠲᠠᠢ ᠠᠵᠢᠯᠯᠠᠨ ᠪᠠᠲᠤᠲᠠᠢ ᠦᠢᠯᠡᠳᠦᠯᠭᠡᠵᠢᠭᠦᠯᠬᠦ᠌᠎ᠶ᠋ᠢ ᠠᠬᠢᠭᠤᠯᠵᠤ᠂ ᠰᠤᠷᠤᠯᠴᠠᠯᠭ᠎ᠠ ᠴᠢᠨᠠᠷ᠎ᠴᠢᠨᠰᠠᠭ᠎ᠠ ᠲᠠᠶ᠂ ᠪᠠᠢᠴᠠᠭᠠᠨ ᠰᠤᠳᠤᠯᠤᠯᠳᠠ ᠡᠷᠴᠢᠮ᠎ᠲᠡᠶ᠂ ᠥᠭᠡᠷᠡᠴᠢᠯᠡᠨ ᠰᠠᠢᠵᠢᠷᠠᠭᠤᠯᠤᠯᠳᠠ ᠦᠷ᠎ᠡ ᠪᠦᠲᠦᠮᠵᠢ᠎ᠲᠡᠶ ᠪᠠᠢᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠵᠠᠰᠠᠬ᠎ᠤᠨ ᠠᠵᠢᠯ᠎ᠤᠨ ᠪᠦᠲᠦᠮᠵᠢ᠎ᠶ᠋ᠢᠨ ᠵᠥᠪ ᠦᠵᠡᠯᠲᠡ᠎ᠶ᠋ᠢ ᠪᠤᠢ ᠪᠤᠯᠭᠠᠨ ᠦᠶ᠋ᠯᠡᠳᠦᠯᠭᠡᠵᠢᠭᠦᠯᠬᠦ᠌᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠨ ᠴᠢᠩᠭ᠎ᠠ ᠠᠳᠭᠤᠨ ᠪᠣᠳᠠᠲᠠᠶ ᠠᠳᠭᠤᠵᠤ᠂ ᠦᠨᠳᠦᠰᠦᠲᠡᠨ᠎ᠦ ᠠᠵᠢᠯ᠎ᠤᠨ ᠡᠭᠦᠷᠭᠡ ᠴᠢᠳᠠᠪᠤᠷᠢ ᠲᠤᠱᠢᠶᠠᠯ ᠬᠠᠷᠢᠭᠤᠴᠠᠯᠭ᠎ᠠ᠎ᠲᠠᠶ ᠨᠢᠭ᠍ᠲᠠ ᠤᠶᠠᠯᠳᠤᠭᠤᠯᠤᠨ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠣᠨᠣᠯ᠎ᠤᠨ ᠰᠤᠷᠤᠯᠴᠠᠯᠭ᠎ᠠ᠂ ᠪᠠᠢᠴᠠᠭᠠᠨ ᠰᠤᠳᠤᠯᠤᠯᠲᠠ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠲᠦᠷᠢᠮ ᠲᠣᠭ᠍ᠲᠠᠭᠠᠯ ᠲᠣᠭ᠍ᠲᠠᠭᠠᠬᠤ 5 ᠶᠡᠬᠡ ᠬᠡᠰᠡᠭ 22 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠨᠠᠷᠢᠯᠢᠭ᠍ᠵᠢᠭᠤᠯᠪᠠ᠃ ᠲᠤᠰᠭᠠᠶ ᠰᠡᠳᠦᠪᠲᠦ ᠨᠣᠮ ᠤᠩᠱᠢᠬᠤ ᠠᠩᠭᠢ᠎ᠶ᠋ᠢ ᠬᠣᠶᠠᠷ ᠬᠤᠭᠤᠴᠠᠭ᠎ᠠ ᠡᠷᠭᠢᠯᠡᠵᠦ᠍᠂ 《ᠲᠥᠪᠯᠡᠷᠡᠭᠦᠯᠦᠨ ᠰᠤᠳᠤᠯᠤᠨ ᠰᠤᠷᠤᠯᠴᠠᠬᠤ + ᠬᠤᠪᠢ ᠬᠥᠮᠦᠨ ᠥᠪᠡᠰᠦᠪᠡᠨ ᠰᠤᠷᠤᠯᠴᠠᠬᠤ + ᠲᠤᠰᠭᠠᠶ ᠰᠡᠳᠦᠪᠲᠦ ᠲᠠᠢᠯᠤᠮᠵᠢ + ᠰᠣᠯᠢᠯᠴᠠᠵᠤ ᠰᠤᠳᠤᠯᠤᠨ ᠶᠠᠷᠢᠯᠴᠠᠬᠤ》 ᠳᠥᠷᠪᠡ᠎ᠶ᠋ᠢ ᠨᠢᠭᠡ ᠴᠣᠭ᠍ᠴᠠᠵᠢᠭᠤᠯᠤᠭ᠍ᠰᠠᠨ ᠵᠠᠭ᠍ᠪᠤᠷ᠎ᠢ ᠬᠡᠷᠡᠭ᠌ᠯᠡᠨ᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠵᠥᠪ ᠦᠵᠡᠯᠲᠡ᠎ᠶ᠋ᠢ ᠪᠤᠢ ᠪᠤᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠲᠡᠷᠡ ᠬᠡᠪ᠎ᠢᠶᠡᠷ᠎ᠨᠢ ᠰᠤᠷᠤᠯᠴᠠᠵᠤ᠂ 《ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠮᠠᠷ ᠶᠠᠩᠵᠤ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ᠎ᠭᠠᠷᠭᠠᠬᠤ᠂ ᠶᠠᠭᠤᠨ᠎ᠳᠤ ᠲᠦᠱᠢᠭ᠌ᠯᠡᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》᠎ᠶ᠋ᠢ ᠦᠨᠡᠨ ᠬᠦ᠌ ᠲᠣᠳᠣᠷᠬᠠᠶ ᠪᠣᠯᠭᠠᠪᠠ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠠᠨᠳᠤᠯᠭᠠᠲᠤ ᠴᠢᠨᠠᠷᠲᠠᠶ᠎ᠪᠠᠷ ᠵᠠᠯᠠᠷᠠᠭᠤᠯᠤᠨ ᠵᠠᠰᠠᠵᠤ᠂ ᠰᠠᠨᠠᠯ ᠬᠤᠷᠢᠶᠠᠬᠤ ᠵᠠᠬᠢᠳᠠᠯ ᠲᠠᠷᠬᠠᠭᠠᠬᠤ᠂ ᠲᠤᠬᠠᠶ᠎ᠶ᠋ᠢᠨ ᠭᠠᠵᠠᠷ᠎ᠲᠤᠨᠢ ᠰᠤᠷᠪᠤᠯᠵᠢᠯᠠᠬᠤ ᠵᠡᠷᠭᠡ ᠣᠯᠠᠨ ᠵᠦᠶ᠋ᠯ᠎ᠦᠨ ᠠᠷᠭ᠎ᠠ ᠵᠠᠮ᠎ᠢᠶᠠᠷ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠠᠰᠠᠭᠤᠳᠠᠯ᠎ᠤᠨ ᠨᠠᠷᠢᠨ ᠲᠠᠩᠰᠠ᠂ ᠴᠡᠭ᠌ᠴᠡᠯᠡᠨ ᠰᠠᠢᠵᠢᠷᠠᠭᠤᠯᠬᠤ ᠨᠠᠷᠢᠨ ᠲᠠᠩᠰᠠ᠎ᠶ᠋ᠢ ᠡᠮᠬᠢᠯᠡᠨ ᠪᠠᠢᠭᠤᠯᠵᠤ᠂ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ᠂ ᠪᠥᠬᠥ᠌ ᠲᠠᠯ᠎ᠠ᠎ᠪᠠᠷ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠪᠡᠶᠡᠯᠡᠭᠦᠯᠪᠡ᠃ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ· ᠱᠢᠨ᠎ᠡ ᠰᠡᠳᠦᠪ᠎ᠦᠨ ᠪᠠᠢᠴᠠᠭᠠᠨ ᠰᠤᠳᠤᠯᠤᠯᠲᠠ》᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠲᠡᠨ᠎ᠦ ᠠᠵᠢᠯ᠎ᠤᠨ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠲᠠᠶ ᠨᠢᠭ᠍ᠲᠠ ᠤᠶᠠᠯᠳᠤᠭᠤᠯᠤᠨ ᠨᠠᠷᠢᠯᠢᠭ ᠣᠨᠣᠴᠠᠲᠠᠶ᠎ᠪᠠᠷ ᠰᠡᠳᠦᠪ ᠰᠣᠩᠭᠣᠵᠤ᠂ ᠭᠦᠨᠵᠡᠭᠡᠶ ᠱᠢᠪᠲᠤᠯᠤᠯᠲᠠ ᠭᠠᠷᠭᠠᠵᠤ᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠪᠣᠳᠠᠲᠤ ᠪᠠᠢᠳᠠᠯ᠎ᠢ ᠲᠣᠳᠣᠷᠬᠠᠶ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ ᠲᠠᠨᠢᠯᠳᠠ᠎ᠶ᠋ᠢᠨ ᠵᠥᠷᠢᠶ᠎ᠡ᠎ᠵᠢ ᠨᠠᠷᠢᠯᠢᠭ ᠣᠨᠣᠴᠠᠲᠠᠶ᠎ᠪᠠᠷ ᠪᠠᠢᠴᠠᠭᠠᠨ ᠳᠡᠯᠭᠡᠵᠦ᠍᠂ ᠪᠣᠳᠠᠲᠠᠶ᠎ᠶ᠋ᠢ ᠡᠷᠬᠢᠮᠯᠡᠭ᠌ᠰᠡᠨ ᠬᠡᠷᠡᠭᠵᠢᠬᠦᠯᠦᠬᠦᠰᠢᠲᠡᠢ ᠠᠷᠭᠠᠴᠠᠭᠠᠬᠤ ᠠᠷᠭ᠎ᠠ ᠬᠡᠮᠵᠢᠶ᠎ᠡ ᠳᠤᠷᠠᠳᠴᠤ᠌᠂ ᠪᠥᠬᠥ᠌ ᠨᠠᠮ᠎ᠤᠨ ᠭᠡᠱᠢᠭᠦᠨ ᠺᠠᠳ᠋ᠷᠴᠤᠳ᠎ᠤᠨ ᠠᠵᠢᠯ ᠬᠢᠵᠦ᠍ ᠦᠶ᠋ᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ᠌ ᠬᠦᠴᠦᠨ᠎ᠢ ᠪᠦᠲᠦᠮᠵᠢᠲᠡᠶ ᠬᠥᠭ᠌ᠵᠢᠭᠡᠵᠦ᠍᠂ ᠪᠣᠳᠠᠲᠠᠶ᠎ᠶ᠋ᠢ ᠡᠷᠬᠢᠮᠯᠡᠬᠦ᠌ ᠰᠤᠷᠲᠠᠯ᠂ ᠬᠠᠲᠠᠭᠤ ᠴᠢᠩᠭ᠎ᠠ ᠠᠷᠭ᠎ᠠ ᠬᠡᠮᠵᠢᠶ᠎ᠡ᠎ᠪᠡᠷ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠵᠦᠪ ᠦᠵᠡᠯᠲᠡ᠎ᠶ᠋ᠢ ᠪᠤᠢ ᠪᠤᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ 《ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠵᠦᠪ ᠦᠵᠡᠯᠲᠡ᠎ᠶ᠋ᠢ ᠪᠤᠢ ᠪᠤᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠬᠡᠷᠡᠭ᠌ᠵᠢᠭᠦᠯᠬᠦ᠌ ᠲᠥᠰᠦᠯ》 ᠢ᠋ ᠰᠤᠳᠤᠯᠤᠨ ᠲᠣᠭ᠍ᠲᠠᠭᠠᠵᠤ᠂ ᠰᠤᠷᠤᠯᠴᠠᠯᠭ᠎ᠠ ᠬᠥᠮᠦᠵᠢᠯ᠎ᠦᠨ ᠶᠡᠷᠦᠩᠬᠡᠶ ᠱᠠᠭᠠᠷᠳᠠᠯᠭ᠎ᠠ᠂ ᠰᠤᠷᠤᠯᠴᠠᠬᠤ ᠠᠭᠤᠯᠭ᠎ᠠ᠂ ᠠᠵᠢᠯ᠎ᠤᠨ ᠭᠤᠤᠯᠳᠠᠯᠭ᠎ᠠ ᠪᠠ ᠪᠠᠲᠤᠯᠠᠬᠤ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ 《ᠰᠤᠷᠤᠯᠴᠠᠯᠭ᠎ᠠ᠎ᠪᠠᠷ ᠠᠵᠢᠯᠯᠠᠬᠤ ᠵᠢ ᠠᠬᠢᠭᠤᠯᠬᠤ᠂ ᠠᠵᠢᠯᠯᠠᠬᠤ ᠪᠠᠷ ᠰᠤᠷᠤᠯᠴᠠᠯᠭ᠎ᠠ ᠶ᠋ᠢ ᠦᠢᠯᠡᠲᠤᠯᠬᠡᠵᠢᠬᠦᠯᠬᠦ》 ᠶ᠋ᠢ ᠦᠨᠡᠨ ᠬᠦ᠌ ᠪᠡᠶᠡᠯᠡᠭᠦᠯᠪᠡ᠃ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠶ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ᠎ᠶ᠋ᠢ ᠵᠣᠬᠢᠶᠠᠨ ᠪᠠᠢᠭᠤᠯᠵᠤ᠂ ᠰᠤᠷᠤᠯᠴᠠᠯᠭ᠎ᠠ᠎ᠳᠤ ᠲᠣᠭ᠍ᠲᠠᠭᠠᠭ᠍ᠰᠠᠨ ᠠᠭᠤᠯᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠱᠠᠲᠤ ᠲᠥᠷᠥᠯ ᠬᠤᠪᠢᠶᠠᠨ ᠪᠣᠳᠠᠲᠠᠶ ᠰᠤᠷᠤᠯᠴᠠᠵᠤ ᠰᠤᠳᠤᠯᠤᠨ ᠶᠠᠷᠢᠯᠴᠠᠬᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠤᠷᠮᠠᠱᠢᠭᠤᠯᠤᠨ ᠰᠡᠷᠡᠮᠵᠢᠯᠡᠭᠦᠯᠬᠦ᠌ ᠠᠷᠭ᠎ᠠ ᠮᠠᠶᠢᠭ᠎ᠢ ᠴᠢᠩᠭᠠᠷᠠᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠠᠵᠢᠯ᠎ᠤᠨ ᠪᠦᠲᠦᠮᠵᠢ᠎ᠶ᠋ᠢᠨ ᠵᠥᠪ ᠦᠵᠡᠯᠲᠡ᠎ᠶ᠋ᠢᠨ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ᠎ᠶ᠋ᠢ ᠠᠬᠢᠭᠤᠯᠵᠠᠢ᠃ ᠡᠭᠦᠨ᠎ᠦ ᠬᠠᠮᠲᠤ᠂ ᠬᠢᠳᠤᠭᠠᠨ ᠢᠷ᠎ᠢ ᠳᠣᠲᠣᠭ᠍ᠰᠢ ᠬᠠᠨᠳᠤᠭᠤᠯᠤᠨ ᠠᠰᠠᠭᠤᠳᠠᠯ᠎ᠢ ᠡᠷᠢᠵᠦ᠍ ᠳᠡᠯᠭᠡᠬᠦ᠌᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠬᠠᠷᠢᠴᠠᠭᠤᠯᠬᠤ᠂ ᠭᠦᠨᠵᠡᠭᠡᠢ ᠠᠭᠤᠳᠠᠯᠬᠤ᠂ ᠪᠠᠢᠴᠠᠭᠠᠪᠠᠰᠤ ᠵᠣᠬᠢᠬᠤ ᠪᠦᠬᠦᠨ᠎ᠢ ᠪᠠᠢᠴᠠᠭᠠᠬᠤ ᠵᠠᠷᠴᠢᠮ᠎ᠢ ᠪᠠᠷᠢᠮᠲᠠᠯᠠᠠ᠂ 《ᠰᠤᠷᠤᠯᠴᠠᠯᠭ᠎ᠠ ᠬᠥᠮᠦᠵᠢᠯ᠎ᠦᠨ ᠠᠰᠠᠭᠤᠳᠠᠯ᠎ᠢ ᠪᠠᠢᠴᠠᠭᠠᠨ ᠳᠡᠯᠭᠡᠬᠦ᠌ ᠨᠠᠷᠢᠨ ᠲᠠᠩᠰᠠ》 ᠵᠢ ᠡᠮᠬᠢᠯᠡᠨ ᠪᠦᠷᠢᠯᠳᠦᠭᠦᠯᠵᠦ᠍᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠵᠡᠷᠭᠡ 4 ᠲᠠᠯ᠎ᠠ᠎ᠠᠴᠠ ᠠᠰᠠᠭᠤᠳᠠᠯ᠎ᠢ ᠪᠠᠢᠴᠠᠭᠠᠨ ᠳᠡᠯᠭᠡᠪᠠ᠃ ᠪᠠᠢᠴᠠᠭᠠᠨ ᠢᠯᠡᠷᠡᠭᠦᠯᠵᠦ᠍ ᠭᠠᠷᠭᠠᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠠᠴᠠ ᠨᠢᠭᠡ ᠴᠣᠭ᠍ᠴᠠᠵᠢᠭᠤᠯᠤᠨ ᠲᠤᠭᠤᠰᠢᠳᠠᠢ ᠴᠡᠭ᠌ᠴᠡᠯᠡᠨ ᠰᠠᠢᠵᠢᠷᠠᠭᠤᠯᠬᠤ᠂ ᠭᠤᠤᠯᠳᠠᠯᠭ᠎ᠠ᠎ᠲᠠᠶ ᠴᠡᠭ᠌ᠴᠡᠯᠡᠨ ᠰᠠᠢᠵᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠤᠨ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ ᠠᠬᠢᠭᠤᠯᠬᠤ᠂ ᠪᠠᠷᠢᠨ ᠰᠠᠢᠵᠢᠷᠠᠭᠤᠯᠵᠤ ᠳᠡᠢᠯᠬᠦ᠌᠎ᠶ᠋ᠢ᠎ᠨᠢ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ᠂ ᠨᠢᠭᠡ ᠯᠡ ᠳᠣᠣᠷ᠎ᠠ ᠱᠢᠢᠳᠪᠦᠷᠢᠯᠡᠬᠦ᠌᠎ᠳᠦ ᠪᠡᠷᠬᠡᠲᠡᠢ ᠪᠠᠢᠪᠠᠯ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠵᠦᠢᠯ ᠳᠠᠷᠠᠭᠠᠯᠠᠨ ᠲᠣᠭ᠍ᠲᠠᠭᠠᠵᠤ᠂ ᠮᠥᠷᠳᠡᠨ ᠳᠠᠭᠠᠵᠤ ᠦᠷ᠎ᠡ ᠪᠦᠲᠦᠮᠵᠢ᠎ᠶ᠋ᠢ ᠠᠰᠠᠭᠤᠬᠤ᠎ᠶ᠋ᠢ ᠴᠢᠩᠭᠠᠳᠭᠠᠠ᠂ ᠪᠤᠢ ᠪᠦᠬᠦᠢ ᠠᠰᠠᠭᠤᠳᠠᠯ᠎ᠢ ᠲᠤᠢᠯᠪᠤᠷᠢᠲᠠᠢ ᠴᠡᠭ᠌ᠴᠡᠯᠡᠨ ᠰᠠᠢᠵᠢᠷᠠᠭᠤᠯᠵᠤ᠂ ᠪᠣᠳᠠᠲᠠᠢ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠪᠠᠲᠤᠯᠠᠪᠠ᠃

ᠥᠪᠥᠷ ᠮᠣᠩᠭᠣᠯ᠎ᠤᠨ ᠬᠢᠯᠢ᠎ᠪᠡᠷ ᠭᠠᠷᠴᠤ᠌ ᠣᠷᠣᠬᠤ ᠬᠢᠯᠢ᠎ᠵᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡ᠎ᠶ᠋ᠢᠨ ᠨᠠᠮ᠎ᠤᠨ ᠬᠣᠷᠢᠶ᠎ᠠ ᠲᠡᠷᠡ ᠳᠠᠷᠤᠶ᠎ᠳᠤᠨᠢ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠢᠷᠢᠯᠠᠭᠤᠯᠵᠤ᠂ ᠬᠡᠷᠡᠭ᠌ᠵᠢᠭᠦᠯᠬᠦ᠌ ᠲᠥᠰᠦᠯ ᠲᠣᠭ᠍ᠲᠠᠭᠠᠠ᠂ 《ᠨᠠᠮ᠎ᠤᠨ ᠬᠣᠷᠢᠶ᠎ᠠ ᠲᠦᠷᠦᠭᠦᠯᠡᠨ᠂ ᠨᠠᠮ᠎ᠤᠨ ᠡᠭᠦᠷ ᠨᠠᠢᠳᠠᠪᠤᠷᠢᠵᠢᠭᠤᠯᠵᠤ᠂ ᠪᠥᠬᠥ᠌ ᠭᠡᠱᠢᠭᠦᠳ ᠣᠷᠣᠯᠴᠠᠭ᠍ᠰᠠᠨ》 ᠠᠵᠢᠯ᠎ᠤᠨ ᠪᠠᠢᠷᠢᠱᠢᠯ᠎ᠢ ᠪᠠᠢᠭᠤᠯᠵᠠᠢ᠃ ᠲᠤᠰᠭᠠᠶ ᠰᠡᠳᠦᠪᠲᠦ ᠨᠣᠮ ᠤᠩᠱᠢᠬᠤ ᠠᠩᠭᠢ ᠡᠷᠭᠢᠯᠡᠵᠦ᠍᠂ 《ᠭᠤᠤᠯ ᠤᠳᠤᠷᠢᠳᠤᠯᠭ᠎ᠠ ᠵᠢᠱ᠌ᠢᠶ᠎ᠡ ᠦᠵᠡᠭᠦᠯᠦᠨ ᠰᠤᠷᠤᠯᠴᠠᠬᠤ᠂ ᠲᠤᠰᠭᠠᠶ ᠮᠡᠷᠭᠡᠵᠢᠯᠲᠡᠨ ᠬᠠᠪᠰᠤᠷᠤᠨ ᠵᠢᠯᠣᠭᠣᠳᠴᠤ᠌ ᠭᠦᠨᠵᠡᠭᠡᠶ ᠰᠤᠷᠤᠯᠴᠠᠬᠤ ᠂ ᠪᠥᠬᠥ᠌ ᠠᠵᠢᠯᠲᠠᠨ᠎ᠢ ᠬᠠᠮᠤᠷᠤᠭ᠍ᠰᠠᠨ ᠰᠤᠳᠤᠯᠤᠨ ᠶᠠᠷᠢᠯᠴᠠᠵᠤ ᠰᠤᠷᠤᠯᠴᠠᠬᠤ》 ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠠᠪᠴᠤ᠌᠂ ᠨᠠᠮ᠎ᠤᠨ ᠭᠡᠱᠢᠭᠦᠨ ᠠᠷᠠᠳ᠎ᠤᠨ ᠴᠠᠭ᠍ᠳᠠᠭ᠎ᠠ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠵᠥᠪ ᠦᠵᠡᠯᠲᠡ᠎ᠶ᠋ᠢ ᠪᠤᠢ ᠪᠤᠯᠭᠠᠬᠤ ᠪᠠ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠯᠢᠭ ᠣᠢᠯᠠᠭᠠᠬᠤ ᠵᠢ ᠠᠬᠢᠭᠤᠯᠪᠠ᠃  《ᠭᠤᠤᠯᠳᠠᠯᠭ᠎ᠠ᠎ᠲᠠᠶ ᠪᠠᠢᠴᠠᠭᠠᠬᠤ》 ᠪᠠ 《ᠨᠡᠢᠳᠡᠮ ᠪᠠᠢᠴᠠᠭᠠᠬᠤ》 ᠶ᠋ᠢ ᠤᠶᠠᠯᠳᠤᠭᠤᠯᠬᠤ᠎ᠶ᠋ᠢ ᠪᠠᠷᠢᠮᠲᠠᠯᠠᠠ᠂ ᠶᠡᠷᠦᠩᠬᠡᠶ ᠥᠷᠲᠡᠭᠡ ᠵᠢᠨ ᠨᠠᠮ᠎ᠤᠨ ᠬᠣᠷᠢᠶ᠎ᠠ ᠵᠢᠨ ᠤᠳᠤᠷᠢᠳᠭᠤ ᠪᠠᠭ ᠲᠦᠷᠦᠭᠦᠯᠡᠨ 9 ᠲᠠᠯ᠎ᠠ᠎ᠶ᠋ᠢᠨ ᠠᠰᠠᠭᠤᠳᠠᠯ 22 ᠵᠦᠶ᠋ᠯ᠎ᠦᠨ ᠪᠣᠳᠠᠲᠠᠶ ᠢᠯᠡᠷᠡᠯ᠎ᠢ ᠪᠠᠢᠴᠠᠭᠠᠨ ᠭᠠᠷᠭᠠᠵᠤ᠂ ᠡᠯ᠎ᠡ ᠥᠷᠲᠡᠭᠡᠨ᠎ᠦ ᠱᠠᠲᠤᠨ᠎ᠤ ᠨᠢᠭᠡᠴᠢ ᠨᠡᠢᠲᠡ 230 ᠭᠠᠷᠤᠶ ᠠᠰᠠᠭᠤᠳᠠᠯ᠎ᠢ ᠪᠠᠢᠴᠠᠭᠠᠨ ᠢᠯᠡᠷᠡᠭᠦᠯᠦᠭ᠌ᠰᠡᠨ ᠪᠥᠭᠡᠳ ᠨᠢᠭᠡ ᠴᠣᠭ᠍ᠴᠠᠵᠢᠭᠤᠯᠤᠨ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠴᠠᠭ᠍ᠳᠠᠭ᠎ᠠ ᠠᠷᠠᠳ ᠠᠵᠤ ᠠᠬᠤᠢᠯᠠᠯ᠎ᠤᠨ ᠶᠠᠷᠢᠯᠴᠠᠬᠤ ᠬᠤᠷᠠᠯ ᠬᠢᠬᠦ᠌᠂ ᠠᠢᠯ ᠡᠷᠦᠬᠡ ᠪᠡᠷ ᠬᠦᠨᠵᠡᠭᠡᠢᠷᠡᠬᠦ᠂ 12367 ᠬᠠᠯᠠᠮᠱᠢᠯ ᠤᠲᠠᠰᠤᠨ᠎ᠤ ᠬᠦᠰᠡᠯ ᠱᠠᠭᠠᠷᠳᠠᠯᠭ᠎ᠠ᠎ᠶ᠋ᠢ ᠡᠮᠬᠢᠯᠡᠨ ᠵᠠᠳᠠᠯᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ 36 ᠵᠦᠶ᠋ᠯ᠎ᠦᠨ ᠰᠠᠨᠠᠯ ᠰᠠᠨᠠᠭᠤᠯᠭ᠎ᠠ ᠪᠠ 11 ᠵᠦᠶ᠋ᠯ᠎ᠦᠨ ᠪᠣᠳᠠᠲᠠᠶ ᠬᠦᠴᠢᠷᠳᠡᠯ᠎ᠢ ᠴᠤᠭ᠍ᠯᠠᠭᠤᠯᠵᠤ᠂ ᠨᠢᠭᠡᠨᠲᠡ 95 ᠵᠦᠶ᠋ᠯ᠎ᠦᠨ ᠱᠢᠶ᠋ᠳᠪᠦᠷᠢᠯᠡᠬᠦ᠌ ᠠᠷᠭ᠎ᠠ ᠬᠡᠮᠵᠢᠶ᠎ᠡ᠎ᠶ᠋ᠢ ᠠᠩᠬ᠎ᠠ ᠠᠯᠬᠤᠮ ᠪᠦᠷᠢᠯᠳᠦᠭᠦᠯᠪᠡ᠃ ᠰᠤᠷᠬᠤ ᠪᠠ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃

ᠣᠳᠣᠬᠠᠨ ᠪᠣᠯᠲᠠᠯ᠎ᠠ᠂ ᠶᠡᠷᠦᠩᠬᠡᠶ ᠥᠷᠲᠡᠭᠡ᠎ᠶ᠋ᠢᠨ ᠡᠯ᠎ᠡ ᠱᠠᠲᠤᠨ᠎ᠤ᠎ᠬᠢᠨ ᠶᠠᠳᠠᠭᠤ ᠬᠦᠴᠢᠷᠳᠡᠯᠲᠡᠶ ᠣᠯᠠᠨ ᠲᠦᠮᠡᠨ᠎ᠢ ᠨᠡᠢᠲᠡ 1005 ᠬᠥᠮᠦᠨ ᠤᠳᠠᠭ᠎ᠠ ᠠᠪᠤᠷᠠᠨ ᠲᠤᠰᠠᠯᠠᠵᠤ᠂ ᠵᠥᠷᠢᠴᠡᠯ ᠵᠠᠭᠤᠷᠠᠯᠳᠤᠭᠠᠨ᠎ᠢ 528 ᠤᠳᠠᠭ᠎ᠠ ᠪᠠᠢᠴᠠᠭᠠᠨ ᠱᠢᠶ᠋ᠳᠪᠦᠷᠢᠯᠡᠪᠡ᠃

ᠪᠠᠶᠠᠨᠨᠠᠭᠤᠷ ᠬᠣᠲᠠ ᠵᠢᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠡᠨᠡ ᠵᠢᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠴᠢᠬᠤᠯᠠ ᠡᠭᠦᠷᠭᠡ ᠪᠣᠯᠭᠠᠵᠤ᠂ ᠨᠠᠷᠢᠨ ᠨᠢᠮᠪᠠᠶ ᠲᠥᠯᠥᠪᠯᠡᠨ ᠵᠣᠬᠢᠶᠠᠨ ᠪᠠᠢᠭᠤᠯᠵᠤ᠂ ᠨᠠᠷᠢᠯᠢᠬ ᠪᠠᠢᠷᠢᠯᠠᠭᠤᠯᠤᠨ ᠠᠬᠢᠭᠤᠯᠵᠤ᠂ ᠬᠣᠲᠠ᠎ᠶ᠋ᠢᠨ ᠨᠠᠮ᠎ᠤᠨ ᠬᠣᠷᠢᠶ᠎ᠠ ᠳᠡᠭᠡᠳᠦ ᠱᠠᠲᠤ ᠨᠢ ᠲᠤᠤᠷᠠᠳᠦ  ᠱᠠᠲᠤ᠎ᠪᠠᠨ ᠳᠠᠢᠴᠢᠯᠠᠨ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠷᠤᠶ ᠲᠦᠷᠭᠡᠨ ᠡᠬᠢᠯᠡᠭᠦᠯᠬᠦ᠌᠎ᠶ᠋ᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠪᠥᠬᠥ᠌ ᠲᠠᠯ᠎ᠠ᠎ᠪᠠᠷ ᠥᠷᠨᠢᠭᠦᠯᠪᠡ᠃ 3 ᠰᠠᠷ᠎ᠠ᠎ᠶ᠋ᠢᠨ 13᠎ᠤ᠋ ᠡᠳᠦᠷ ᠪᠣᠯᠲᠠᠯ᠎ᠠ᠂ ᠬᠣᠲᠠ᠎ᠶ᠋ᠢᠨ ᠳᠥᠷᠪᠡᠨ ᠶᠡᠬᠡ ᠤᠳᠤᠷᠢᠳᠭᠤ ᠪᠠᠭ ᠪᠣᠯᠤᠨ 86 ᠰᠤᠷᠤᠯᠴᠠᠯᠭ᠎ᠠ᠎ᠳᠤ ᠣᠷᠣᠯᠴᠠᠬᠤ ᠨᠢᠭᠡᠴᠢ᠎ᠶ᠋ᠢᠨ 4552 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠥᠮ ᠡᠬᠢᠯᠡᠨ ᠪᠠᠢᠷᠢᠯᠠᠭᠤᠯᠵᠠᠶ᠃ ᠪᠠᠶᠠᠨᠨᠠᠭᠤᠷ ᠬᠣᠲᠠ ᠥᠨᠳᠥᠷ ᠪᠠᠢᠷᠢ᠎ᠪᠠᠷ ᠠᠬᠢᠭᠤᠯᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠲᠤᠰᠭᠠᠶ ᠰᠡᠳᠦᠪ᠎ᠢᠶᠡᠷ ᠪᠠᠢᠷᠢᠯᠠᠭᠤᠯᠵᠤ᠂ ᠳᠥᠷᠪᠡᠨ ᠶᠡᠬᠡ ᠤᠳᠤᠷᠢᠳᠭᠤ ᠪᠠᠭ ᠲᠦᠷᠦᠭᠦᠯᠡᠨ ᠡᠬᠢᠯᠡᠭᠦᠯᠵᠦ᠍᠂ 15 ᠨᠢᠭᠡᠴᠢ ᠬᠠᠮᠵᠢᠯᠴᠠᠭ᠍ᠰᠠᠨ ᠠᠵᠢᠯ᠎ᠤᠨ ᠲᠤᠰᠭᠠᠶ ᠠᠩᠭᠢ᠎ᠶ᠋ᠢ ᠵᠣᠬᠢᠶᠠᠨ ᠪᠠᠢᠭᠤᠯᠵᠤ᠂ 《ᠠᠵᠢᠯ᠎ᠤᠨ ᠲᠤᠰᠭᠠᠶ ᠠᠩᠭᠢ + ᠳᠥᠷᠪᠡᠨ ᠶᠡᠬᠡ ᠤᠳᠤᠷᠢᠳᠭᠤ ᠪᠠᠭ + ᠠᠵᠢᠯ ᠲᠥᠷᠥᠯ᠎ᠦᠨ ᠱᠢᠰᠲ᠋ᠧᠮ + ᠡᠭᠦᠷᠭᠡ ᠴᠢᠳᠠᠪᠬᠢᠲᠤ ᠰᠠᠯᠠᠭ᠎ᠠ ᠮᠥᠴᠢᠷ》 ᠤ᠋ᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠪᠠ; ᠴᠢᠩᠭ᠎ᠠ ᠪᠣᠳᠠᠲᠠᠶ ᠪᠠᠷᠢᠮᠵᠢᠶ᠎ᠠ᠎ᠶ᠋ᠢ ᠪᠠᠷᠢᠮᠲᠠᠯᠠᠵᠤ᠂ ᠲᠥᠷᠥᠯ ᠬᠤᠪᠢᠶᠠᠨ ᠵᠢᠯᠣᠭᠣᠳᠴᠤ᠌᠂ ᠰᠤᠷᠤᠯᠴᠠᠬᠤ ᠵᠢᠭᠠᠬᠤ ᠮᠠᠲ᠋ᠧᠷᠢᠶᠠᠯ᠎ᠢ ᠲᠡᠷᠡ ᠳᠠᠷᠤᠶ᠎ᠳᠤᠨᠢ ᠲᠠᠷᠬᠠᠭᠠᠵᠤ᠂ 《ᠳᠥᠷᠪᠡᠨ ᠭᠦᠨᠵᠡᠭᠡᠶ ᠰᠤᠷᠤᠯᠴᠠᠯᠭ᠎ᠠ》 ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠠᠵᠢᠯᠲᠠᠨ ᠲᠣᠮᠢᠯᠠᠨ ᠭᠠᠵᠠᠷ ᠣᠷᠣᠨ᠎ᠤ 18 ᠨᠢᠭᠡᠴᠢ᠎ᠶ᠋ᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠰᠤᠷᠤᠯᠴᠠᠯᠭ᠎ᠠ ᠬᠥᠮᠦᠵᠢᠯ᠎ᠦᠨ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠭᠤᠯᠵᠤ᠂ ᠬᠣᠱᠢᠭᠤ ᠱᠢᠶᠠᠨ᠂ ᠱᠢᠶᠠᠩ ᠪᠠᠯᠭᠠᠰᠤᠨ᠎ᠤ ᠰᠤᠷᠤᠯᠴᠠᠯᠭ᠎ᠠ ᠬᠥᠮᠦᠵᠢᠯ᠎ᠦᠨ ᠡᠬᠢᠯᠡᠯᠲᠡ᠎ᠶ᠋ᠢᠨ ᠪᠠᠢᠳᠠᠯ᠎ᠢ ᠰᠤᠭᠤᠴᠢᠨ ᠪᠠᠢᠴᠠᠭᠠᠵᠤ᠂ ᠱᠠᠲᠤ ᠱᠠᠲᠤ ᠪᠠᠷ ᠳᠠᠷᠤᠯᠲᠠ ᠥᠭ᠌ᠪᠡ; ᠰᠤᠷᠤᠯᠴᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠨᠡᠪᠲᠡᠷᠡᠯᠴᠡᠭᠦᠯᠬᠦ᠌᠎ᠶ᠋ᠢ ᠪᠠᠷᠢᠮᠲᠠᠯᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠤᠰᠭᠠᠶ ᠠᠩᠭᠢ᠎ᠶ᠋ᠢᠨ ᠬᠤᠷᠠᠯ᠎ᠠᠴᠠ ᠲᠤᠱᠢᠶᠠᠯ ᠬᠠᠷᠢᠭᠤᠴᠠᠯᠭ᠎ᠠ ᠡᠭᠦᠷᠭᠡ᠎ᠶ᠋ᠢ ᠨᠠᠷᠢᠯᠢᠬ᠍ᠵᠢᠭᠤᠯᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠌ ᠠᠵᠢᠯ᠎ᠤᠨ ᠬᠤᠷᠠᠯ ᠬᠤᠷᠠᠯᠳᠤᠭᠤᠯᠵᠤ᠂ ᠴᠡᠭ᠌ᠴᠡᠯᠡᠨ ᠰᠠᠢᠵᠢᠷᠠᠭᠤᠯᠬᠤ ᠰᠠᠭᠤᠷᠢ᠎ᠶ᠋ᠢ ᠲᠣᠳᠣᠷᠬᠠᠢᠯᠠᠵᠤ᠂ ᠡᠯ᠎ᠡ ᠨᠢᠭᠡᠴᠢ᠎ᠶ᠋ᠢᠨ᠎ᠬᠢᠨ ᠡᠭᠦᠷᠭᠡ ᠴᠢᠳᠠᠪᠬᠢ᠎ᠲᠠᠶ᠎ᠪᠠᠨ ᠤᠶᠠᠯᠳᠤᠭᠤᠯᠤᠨ ᠵᠡᠷᠭᠡ᠎ᠪᠡᠷ ᠠᠬᠢᠭᠤᠯᠪᠠ᠃ ᠲᠣᠰ ᠬᠣᠲᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠵᠥᠪ ᠦᠵᠡᠯᠲᠡ᠎ᠶ᠋ᠢ ᠲᠤᠬᠠᠢᠯᠠᠭ᠍ᠰᠠᠨ ᠠᠵᠢᠯ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠲᠠᠶ ᠨᠢᠭ᠍ᠲᠠ ᠤᠶᠠᠯᠳᠤᠭᠤᠯᠵᠤ᠂ ᠰᠤᠷᠴᠤ᠌ ᠬᠡᠷᠡᠭ᠌ᠯᠡᠬᠦ᠌᠎ᠶ᠋ᠢ ᠬᠤᠪᠢᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号