ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ 《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠮᠠᠨ ᠤ᠋ ᠤᠷᠤᠨ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠲᠦᠷᠦᠯ ᠲᠡᠮᠳᠡᠭ ᠢ᠋ᠶ᠋ᠡᠷ ᠭᠤᠤᠯᠳᠠᠭᠤᠯᠤᠨ 《ᠱᠢᠵᠢᠷ ᠠᠯᠲᠠᠨ ᠤᠯᠠᠷᠢᠯ ᠳ᠋ᠦ ᠥᠪᠥᠷ ᠮᠣᠩᠭᠣᠯ ᠢ᠋ᠶ᠋ᠡᠷ ᠳᠠᠪᠠᠳᠠᠢ ᠵᠢᠭᠤᠯᠴᠢᠯᠠᠬᠤ》 ᠬᠡᠷᠡᠭ᠌ᠯᠡᠭᠡ ᠵᠢ ᠠᠬᠢᠭᠤᠯᠬᠤ ᠱᠢᠷᠢᠰ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠥᠷᠨᠢᠭᠦᠯᠵᠠᠢ᠃ ᠴᠢᠮᠡᠭᠡ ᠬᠣᠯᠪᠣᠭᠠᠨ ᠤ᠋ ᠡᠵᠡᠩᠨᠡᠯᠲᠡ ᠶ᠋ᠢᠨ ᠬᠤᠳᠠᠯᠳᠤᠭᠠᠴᠢᠨ ᠤ᠋ ᠲᠣᠭ᠎ᠠ ᠪᠠᠷᠢᠮᠲᠠ ᠪᠤᠯᠤᠨ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠰᠡᠳ ᠡᠴᠡ ᠥᠯᠢᠭᠡᠷ ᠠᠪᠴᠤ᠌ ᠪᠠᠢᠴᠠᠭᠠᠭ᠍ᠰᠠᠨ ᠳ᠋ᠦᠩ ᠢ᠋ ᠦᠨᠳᠤᠰᠤᠯᠡᠨ ᠲᠥᠰᠦᠭᠡᠯᠡᠨ ᠪᠤᠳᠤᠭᠰᠠᠨ ᠢ᠋ᠶ᠋ᠡᠷ᠂ 《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠮᠠᠨ ᠤ᠋ ᠤᠷᠤᠨ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠵᠢ 1775.99 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.99% ᠪᠠᠷ ᠨᠡᠮᠡᠭ᠌ᠳᠡᠨ᠂ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠯ ᠤ᠋ᠨ ᠵᠠᠷᠤᠳᠠᠯ 124.48 ᠳ᠋ᠦᠩᠱᠢᠭᠤᠷ ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.27% ᠪᠠᠷ ᠨᠡᠮᠡᠭ᠌ᠳᠡᠵᠦ᠂ 《ᠦᠵᠡᠮᠵᠢ ᠰᠣᠨᠢᠷᠬᠠᠬᠤ》 ᠡᠴᠡ 《ᠬᠦᠨᠵᠡᠬᠡᠢ ᠪᠡᠶᠡᠴᠢᠯᠡᠨ ᠤᠢᠯᠠᠭᠠᠬᠤ》 ᠳᠠᠢᠰᠢ ᠬᠤᠪᠢᠷᠠᠭᠤᠯᠬᠤ ᠵᠢ ᠠᠮᠵᠢᠯᠲᠠ ᠲᠠᠶ ᠪᠡᠶᠡᠯᠡᠭᠦᠯᠵᠠᠢ᠃
《5·1》 ᠤ᠋ ᠠᠮᠠᠷᠠᠯᠲᠠ ᠶ᠋ᠢᠨ ᠬᠤᠭᠤᠴᠠᠭᠠᠨ ᠤ᠋ ᠪᠥᠬᠥ᠌ ᠣᠷᠣᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠲᠦ᠍ 《ᠠᠵᠢᠯᠯᠠᠭ᠎ᠠ ᠣᠯᠠᠨ᠂ ᠪᠡᠶᠡᠴᠢ ᠣᠢᠯᠠᠭᠠᠯᠲᠠ ᠱᠢᠨ᠎ᠡ᠂ ᠠᠭᠤᠰᠤᠯᠴᠠᠯ ᠭᠦᠨᠵᠡᠬᠡᠢ》 ᠣᠨᠴᠠᠯᠢᠭ ᠢᠯᠡᠷᠡᠵᠦ᠍᠂ ᠠᠮᠠᠷᠠᠯᠲᠠ ᠶ᠋ᠢᠨ ᠡᠳᠦᠷ ᠤ᠋ᠨ ᠬᠡᠷᠡᠭ᠌ᠯᠡᠭᠡᠨ ᠤ᠋ ᠳᠠᠯᠳᠠ ᠬᠦᠴᠦᠨ ᠢ᠋ ᠢᠯᠡᠷᠡᠬᠦᠯᠪᠠ᠃ ᠲᠥᠪ ᠤ᠋ᠨ ᠲᠧᠯᠸᠢᠰ ᠬᠣᠷᠢᠶ᠎ᠠ ᠵᠡᠷᠭᠡ ᠲᠥᠪ ᠤ᠋ᠨ ᠵᠠᠭᠤᠴᠢᠯᠠᠭᠤᠷ ᠤ᠋ᠨ ᠬᠢᠨ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠵᠢ ᠣᠯᠠᠨ ᠤᠳᠠᠭ᠎ᠠ ᠮᠡᠳᠡᠭᠡᠯᠡᠵᠦ᠂ ᠪᠥᠬᠥ᠌ ᠤᠯᠤᠰ ᠤ᠋ᠨ ᠵᠢᠭᠤᠯᠴᠢᠯᠠᠭ᠍ᠰᠠᠳ ᠲᠦ᠍ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠱᠢᠨ᠎ᠡ ᠳᠦᠷᠢ ᠲᠥᠷᠬᠦ᠌᠂ ᠱᠢᠨ᠎ᠡ ᠠᠮᠢᠵᠢᠷᠠᠯ ᠤ᠋ᠨ ᠬᠦᠴᠦᠨ ᠢ᠋ ᠮᠡᠳᠡᠷᠡᠬᠦᠯᠵᠡᠢ᠃ ᠠᠮᠠᠷᠠᠯᠳᠠ ᠵᠢᠨ ᠬᠤᠭᠤᠴᠠᠭᠠᠨ ᠳ᠋ᠤ ᠮᠠᠨ ᠤ᠋ ᠤᠷᠤᠨ ᠬᠦᠨᠵᠡᠬᠡᠢ ᠪᠡᠶᠡᠴᠢᠯᠡᠨ ᠤᠢᠯᠠᠭᠠᠬᠤ ᠵᠢᠭᠤᠯᠴᠢᠯᠠᠯ ᠤ᠋ᠨ ᠱᠢᠨ᠎ᠡ ᠠᠬᠤᠶ ᠪᠠᠢᠳᠠᠯ ᠢ᠋ ᠥᠷᠭᠡᠳᠭᠡᠨ᠂ ᠵᠢᠭᠤᠯᠴᠢᠯᠠᠭ᠍ᠰᠠᠳ ᠤ᠋ᠨ ᠪᠡᠶᠡᠴᠢᠯᠡᠨ ᠣᠢᠯᠠᠭᠠᠬᠤ ᠭᠦᠨᠴᠡ ᠵᠢ ᠦᠷᠭᠦᠯᠵᠢᠯᠡᠨ ᠨᠡᠮᠡᠭᠳᠡᠬᠦᠯᠵᠤ᠂ ᠬᠡᠭᠡᠷ᠎ᠡ ᠪᠠᠭᠤᠳᠠᠯᠯᠠᠬᠤ᠂ ᠶᠠᠪᠠᠭᠠᠨ ᠠᠶᠠᠯᠠᠬᠤ ᠪᠠ ᠬᠡᠷ ᠪᠦᠯᠢ ᠵᠢᠨ ᠬᠦᠨᠵᠡᠬᠡᠢ ᠪᠡᠶᠡᠴᠢ ᠤᠢᠯᠠᠭᠠᠯᠳᠠ ᠵᠢᠨ ᠵᠢᠭᠤᠯᠴᠢᠯᠠᠯ ᠵᠡᠷᠭᠡ ᠬᠠᠯᠠᠮᠱᠢᠯ ᠬᠡᠷᠡᠭ᠌ᠴᠡᠭᠡ ᠶ᠋ᠢᠨ ᠲᠣᠭᠣᠷᠢᠨ ᠳ᠋ᠦ ᠬᠣᠲᠠ᠂ ᠬᠥᠳᠡᠭᠡ ᠲᠣᠰᠭᠣᠨ᠂ ᠵᠠᠮ ᠳᠡᠭᠡᠭᠡᠪᠦᠷᠢ ᠵᠢ ᠬᠦᠨᠵᠡᠬᠡᠢ ᠪᠡᠶᠡᠴᠢᠯᠡᠨ ᠣᠢᠯᠠᠭᠠᠬᠤ ᠣᠷᠣᠨ ᠵᠠᠶ ᠪᠣᠯᠭᠠᠨ ᠬᠤᠪᠢᠷᠠᠭᠤᠯᠵᠤ᠂ ᠵᠢᠭᠤᠯᠴᠢᠯᠠᠭ᠍ᠰᠠᠳ ᠤ᠋ᠨ ᠳᠠᠪᠠᠳᠠᠢ ᠵᠢᠭᠤᠯᠴᠢᠯᠠᠵᠦ ᠠᠮᠠᠷᠠᠬᠤ ᠬᠡᠷᠡᠭᠴᠡᠭᠡ ᠵᠢ ᠪᠦᠳᠦᠮᠵᠢᠳᠡᠢ ᠬᠠᠩᠭᠠᠵᠠᠢ᠃ ᠪᠠᠰᠠ ᠵᠦᠷᠢᠶᠡᠴᠢᠯᠡᠭ᠌ᠰᠡᠨ ᠪᠦᠲᠦᠭᠡᠭ᠌ᠳᠡᠬᠦᠨ ᠤ᠋ ᠬᠠᠩᠭᠠᠯᠭ᠎ᠠ ᠵᠢ ᠪᠠᠷᠢᠮᠲᠠᠯᠠᠭᠰᠠᠨ ᠡᠴᠡ ᠣᠷᠣᠨ ᠪᠦᠰᠡ ᠶ᠋ᠢᠨ ᠦᠪᠡᠷᠮᠢᠴᠡ ᠰᠤᠳᠤᠨ ᠵᠢᠭᠤᠯᠴᠢᠯᠠᠯ ᠤ᠋ᠨ ᠪᠦᠳᠦᠭᠡᠭᠳᠡᠬᠦᠨ ᠵᠡᠷᠭᠡ ᠪᠡᠷ ᠬᠦᠭᠵᠢᠨ ᠪᠠᠳᠠᠷᠠᠭᠰᠠᠨ ᠪᠠᠢᠳᠠᠯ ᠢᠯᠡᠷᠡᠪᠡ᠃
ᠪᠦᠬᠦ ᠤᠷᠤᠨ ᠤ᠋ ᠡᠯ᠎ᠠ ᠭᠠᠵᠠᠷ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠦᠪᠡᠷᠮᠢᠴᠡ ᠤᠨᠴᠠᠯᠢᠭ ᠰᠢᠨᠵᠢ ᠵᠢ ᠦᠨᠳᠦᠰᠦᠯᠡᠨ 7 ᠶᠡᠬᠡ ᠭᠤᠤᠯ ᠰᠡᠳᠦᠪ ᠤ᠋ᠨ ᠲᠣᠭᠣᠷᠢᠨ ᠳ᠋ᠦ 15 ᠵᠤᠷᠪᠤᠰ ᠰᠣᠳᠣᠨ ᠵᠠᠮ ᠱᠤᠭᠤᠮ ᠭᠠᠷᠭᠠᠵᠦ᠂ 371 ᠵᠦᠶ᠋ᠯ ᠤ᠋ᠨ ᠤᠨᠴᠠᠯᠢᠬ᠍ᠳᠤ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠥᠷᠨᠢᠭᠦᠯᠦᠨ᠂ ᠠᠳᠠᠯᠢ ᠪᠤᠰᠤ ᠬᠥᠮᠦᠰ ᠲᠦ᠍ ᠥᠪᠡᠷᠮᠢᠴᠡ ᠰᠣᠩᠭᠣᠯᠲᠠ᠂ ᠤᠨᠴᠠᠯᠢᠭᠳᠦ ᠬᠠᠩᠭᠠᠯᠭ᠎ᠠ ᠦᠭᠴᠦ᠂ ᠵᠢᠭᠤᠯᠴᠢᠯᠠᠭᠰᠠᠳ ᠤ᠋ᠨ ᠵᠣᠷᠢᠯᠳᠠᠳᠦ ᠭᠠᠵᠠᠷ ᠢ᠋ᠶ᠋ᠠᠨ ᠣᠨᠣᠪᠴᠢᠲᠠᠶ ᠰᠣᠩᠭᠣᠬᠤ ᠳ᠋ᠤ ᠲᠦᠬᠦᠮ ᠦᠵᠡᠬᠦᠯᠪᠠ; ᠮᠠᠯ ᠠᠵᠤ ᠠᠬᠤᠶ ᠲᠠᠷᠢᠶᠠᠯᠠᠩ᠂ ᠰᠣᠶᠣᠯ ᠵᠢᠭᠤᠯᠴᠢᠯᠠᠯ᠂ ᠪᠡᠶ᠎ᠡ ᠶ᠋ᠢᠨ ᠲᠠᠮᠢᠷ ᠪᠠ ᠠᠷᠠᠯᠵᠢᠶ᠎ᠠ ᠬᠤᠳᠠᠯᠳᠤᠭᠠᠨ ᠤ᠋ ᠠᠭᠤᠰᠤᠯᠴᠠᠯ ᠢ᠋ ᠴᠢᠨᠠᠭᠰᠢᠳᠠ ᠭᠦᠨᠵᠡᠭᠡᠢᠷᠡᠭᠦᠯᠵᠦ᠍᠂ ᠦᠨᠳᠦᠰᠦᠨ ᠪᠢᠯᠧᠲ ᠤ᠋ᠨ ᠠᠵᠤ ᠠᠬᠤᠶ᠂ ᠣᠯᠠᠨ ᠡᠱᠢᠲᠦ ᠲᠣᠭ᠍ᠯᠠᠯᠲᠠ ᠪᠤᠯᠤᠨ ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌ ᠲᠤᠭᠯᠠᠯᠳᠠ ᠵᠡᠷᠭᠡ 120 ᠭᠠᠷᠤᠶ ᠲᠥᠷᠥᠯ ᠤ᠋ᠨ ᠬᠡᠷᠡᠭ᠌ᠯᠡᠭᠡ ᠵᠢ ᠠᠬᠢᠭᠤᠯᠬᠤ ᠠᠵᠢᠯᠯᠠᠭ᠎ᠠ ᠥᠷᠨᠢᠭᠦᠯᠵᠦ᠍᠂ ᠵᠢᠭᠤᠯᠴᠢᠯᠠᠭ᠍ᠰᠠᠳ ᠤ᠋ᠨ ᠲᠤᠷ᠎ᠠ ᠪᠠᠬ᠎ᠠ ᠵᠢ ᠤᠯᠠᠮ ᠨᠡᠮᠡᠭᠳᠡᠬᠦᠯᠵᠡᠢ ᠁ 《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠤ᠂ ᠦᠪᠤᠷ ᠮᠤᠩᠭᠤᠯ ᠡᠢᠨ ᠬᠦ᠌ ᠪᠣᠳᠠᠲᠠᠶ ᠠᠷᠭ᠎ᠠ ᠬᠡᠮᠵᠢᠶ᠎ᠡ ᠪᠡᠷ ᠣᠯᠠᠨ ᠡᠵᠡᠩᠨᠡᠯᠲᠡ ᠶ᠋ᠢᠨ ᠬᠡᠯᠪᠡᠷᠢ ᠪᠠᠢᠳᠠᠯ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ 《ᠤᠷᠤᠰᠬᠠᠯ》 ᠢ᠋ 《ᠲᠤᠷᠠᠰᠤᠮᠵᠢ》 ᠪᠤᠯᠭᠠᠨ᠂ 《ᠰᠤᠨᠢᠷᠬᠠᠮᠵᠢ》 ᠵᠢ 《ᠬᠡᠷᠡᠭᠯᠡᠬᠡ》 ᠪᠣᠯᠭᠠᠨ ᠬᠤᠪᠢᠷᠠᠭᠤᠯᠵᠤ᠂ ᠠᠮᠠᠷᠠᠯᠳᠠ ᠵᠢᠨ ᠡᠳᠤᠷ ᠤ᠋ᠨ ᠵᠢᠭᠤᠯᠴᠢᠯᠠᠯ ᠤ᠋ᠨ ᠬᠢᠯᠠᠯᠵᠠᠭᠰᠠᠨ ᠬᠠᠭᠤᠳᠠᠰᠤ ᠵᠢ ᠪᠢᠴᠢᠭᠯᠡᠭᠰᠡᠨ ᠪᠠᠢᠨ᠎ᠠ᠃