ᠲᠦᠩᠯᠢᠶᠣᠤ ᠄ ᠶᠤᠸᠠᠢ ᠯᠠᠶ ᠡᠾᠸ ᠭᠤᠤᠯ ᠤ᠋ᠨ ᠬᠥᠪᠡᠭᠡᠨ ᠳ᠋ᠤ ᠬᠠᠪᠤᠷ᠎ᠤᠨ ᠦᠵᠡᠮᠵᠢ᠎ᠶ᠋ᠢ ᠵᠢᠷᠤᠭ᠍ᠯᠠᠨ᠎ᠠ
2026-05-07 10:39:07
ᠵᠣᠬᠢᠶᠠᠭ᠍ᠴᠢ᠄
ᠯᠢ ᠵᠢᠶᠠ ᠢᠦᠶ
ᠣᠩᠱᠢᠭ᠍ᠰᠠᠨ ᠣᠳᠠᠭ᠎ᠠ᠄
★★★☆☆

ᠬᠠᠪᠤᠷ ᠎ᠤᠨ ᠤᠷᠢᠨ ᠎ᠳᠤ ᠬᠤᠸᠠᠷ ᠴᠡᠴᠡᠭ ᠮᠢᠷᠠᠯᠵᠠᠨ ᠳᠡᠯᠭᠡᠷᠡᠵᠦ᠍᠂ ᠰᠣᠶᠣᠯ ᠵᠢᠭᠤᠯᠴᠢᠯᠠᠯ᠎ᠤᠨ ᠪᠠᠶᠠᠷ ᠪᠠᠶᠠᠰᠤᠯ᠎ᠢᠶᠠᠷ ᠪᠢᠯᠬᠠᠨ᠎ᠠ᠃ 5 ᠰᠠᠷ᠎ᠠ᠎ᠶ᠋ᠢᠨ 1 ᠎ᠤ᠋  ᠣᠷᠣᠶ᠎ᠶ᠋ᠢᠨ 6 ᠴᠠᠭ᠎ᠤᠨ ᠦᠶ᠎ᠡ᠎ᠪᠡᠷ᠂ ᠲᠦᠩᠯᠢᠶᠣᠤ ᠬᠣᠲᠠ ᠎ᠶ᠋ᠢᠨ ᠬᠣᠷᠴᠢᠨ ᠲᠣᠭᠣᠷᠢᠭ ᠎ᠤᠨ ᠶᠤᠸᠠᠢ ᠯᠠᠶ ᠾᠧ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠲᠣᠭᠣᠷᠢᠭ ᠎ᠤᠨ 《ᠶᠤᠸᠠᠢ ᠯᠠᠢ ᠾᠸ ᠭᠤᠤᠯ ᠡᠴᠡ ᠪᠠᠶᠠᠷ ᠪᠠᠶᠠᠰᠤᠯ ᠠᠮᠢ ᠠᠮᠢᠵᠢᠷᠠᠯ ᠪᠢᠯᠬᠠᠨ᠎ᠠ》 ᠭᠡᠬᠦ᠌ ᠭᠤᠤᠯ ᠰᠡᠳᠦᠪᠲᠦ ᠠᠵᠢᠯᠯᠠᠭ᠎ᠠ ᠵᠢᠩᠬᠢᠨᠢ᠎ᠪᠡᠷ ᠡᠬᠢᠯᠡᠵᠦ᠍᠂ ᠠᠮᠠᠷᠠᠯᠲᠠ᠎ᠶ᠋ᠢᠨ ᠡᠳᠦᠷ᠎ᠦᠨ ᠰᠥᠨᠢ᠎ᠶ᠋ᠢᠨ ᠦᠵᠡᠮᠵᠢ ᠪᠣᠯᠤᠨ ᠬᠥᠷ ᠬᠥᠭ᠌ᠵᠢᠶᠡᠨᠳᠤ ᠠᠮᠢᠳᠤᠯᠢᠭ ᠪᠤᠳᠠᠳᠠᠢ ᠰᠣᠶᠣᠯ ᠵᠢᠭᠤᠯᠴᠢᠯᠠᠯ᠎ᠤᠨ ᠦᠵᠡᠮᠵᠢ ᠠᠬᠤᠢ ᠢᠯᠡᠷᠡᠵᠦ᠂ ᠪᠥᠬᠥ᠌ ᠬᠣᠲᠠ᠎ᠶ᠋ᠢᠨ 《 5·1 》 ᠎ᠤ᠋ ᠠᠮᠠᠷᠠᠯᠲᠠ᠎ᠶ᠋ᠢᠨ ᠡᠳᠦᠷ᠎ᠦᠨ ᠰᠣᠶᠣᠯ ᠵᠢᠭᠤᠯᠴᠢᠯᠠᠯ᠎ᠤᠨ ᠬᠠᠯᠠᠭᠤᠨ ᠥᠷᠨᠢᠯᠲᠡ ᠵᠢᠨ ᠬᠥᠱᠢᠭᠡ᠎ᠶᠢ ᠰᠡᠬᠦᠪᠡ᠃

ᠲᠤᠰ ᠡᠳᠦᠷ᠂ ᠶᠤᠸᠠᠢ ᠯᠠᠶ ᠾᠧ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠭᠤᠳᠤᠮᠵᠢ᠎ᠳᠤ ᠠᠶᠠᠨᠴᠢᠳ ᠣᠯᠠᠱᠢᠷᠠᠵᠤ᠂ ᠬᠦᠭᠵᠢᠶᠠᠨ ᠨᠠᠷᠬᠢᠶᠠᠨ ᠪᠢᠯᠬᠠᠮ᠎ᠠ ᠪᠠᠢᠯ᠎ᠠ᠃ ᠵᠡᠭᠡᠯᠢ ᠭᠤᠳᠤᠮᠵᠢ᠎ᠶ᠋ᠢᠨ ᠴᠣ ᠱᠢᠨ᠎ᠡ  LED ᠲᠣᠭᠣᠷᠢᠭ ᠬᠡᠯᠪᠡᠷᠢᠳᠤ ᠲᠠᠢᠰᠠᠨ᠎ᠤ ᠳ᠋ᠧᠩ᠎ᠦᠨ ᠬᠡᠷᠡᠯ ᠳᠤᠸᠠᠯᠠᠵᠤ᠂ ᠮᠣᠷᠢᠨ ᠬᠤᠭᠤᠷ᠎ᠤᠨ ᠡᠭᠡᠰᠢᠭ ᠤᠶᠠᠩᠭᠠᠷᠠᠨ᠂ ᠥᠪᠡᠷᠮᠢᠴᠡ ᠤᠨᠴᠠᠯᠢᠬ᠍ᠳᠤ ᠦᠨᠳᠦᠰᠦᠲᠡᠨ᠎ᠦ ᠳᠠᠭᠤᠤ ᠪᠥᠵᠢᠭ ᠵᠠᠯᠭᠠᠭ᠎ᠠ ᠪᠡᠷ ᠲᠠᠢᠰᠠᠨ᠎ᠳᠤ ᠲᠤᠭᠯᠠᠭᠳᠠᠵᠤ᠂ ᠬᠣᠷᠴᠢᠨ᠎ᠤ ᠠᠷᠠᠳ᠎ᠤᠨ ᠵᠠᠩ ᠦᠶ᠋ᠯᠡ᠎ᠶ᠋ᠢᠨ ᠰᠣᠶᠣᠯ᠎ᠤᠨ ᠥᠪᠡᠷᠮᠢᠴᠡ ᠦᠨᠦᠷ ᠠᠮᠲᠠ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠲᠤᠬᠠᠶ᠎ᠶ᠋ᠢᠨ ᠲᠠᠯᠠᠪᠠᠶ᠎ᠶ᠋ᠢᠨ ᠬᠥᠷ ᠬᠥᠭ᠌ᠵᠢᠶᠡᠨᠲᠡᠶ ᠠᠭᠤᠷ ᠠᠮᠢᠰᠭᠤᠯ ᠨᠢ ᠬᠣᠲᠠ᠎ᠶ᠋ᠢᠨ ᠠᠷᠠᠳ ᠪᠤᠯᠤᠨ ᠵᠢᠭᠤᠯᠴᠢᠯᠠᠭ᠍ᠰᠠᠳ ᠲᠤ᠌ ᠭᠦᠨ ᠭᠦᠨᠵᠡᠭᠡᠶ ᠬᠠᠷᠠᠭ᠎ᠠ ᠰᠣᠨᠣᠷ᠎ᠤᠨ ᠲᠠᠭᠠᠱᠢᠶᠠᠯ ᠤᠯᠭᠤᠪᠠ᠃ ᠰᠥᠨᠢ᠎ᠶ᠋ᠢᠨ ᠬᠥᠱᠢᠭᠡ ᠪᠠᠭᠤᠬᠤ᠎ᠳᠤ᠂ ᠥᠩᠭᠡᠲᠦ ᠳ᠋ᠧᠩ ᠳᠤᠸᠠᠯᠠᠵᠤ᠂ ᠵᠢᠯᠣᠭᠣᠴᠢ ᠥᠬᠡᠶ ᠨᠢᠰᠭᠡᠯ᠎ᠦᠨ ᠬᠡᠷᠡᠯ ᠰᠡᠭᠦᠳᠡᠷ ᠎ᠦᠨ ᠲᠣᠭ᠍ᠯᠠᠯᠲᠠ ᠡᠬᠢᠯᠡᠵᠦ ᠬᠡᠷᠡᠯ ᠰᠡᠭᠦᠳᠡᠷ ᠰᠣᠯᠪᠢᠴᠠᠨ᠂ ᠵᠢᠭ᠍ᠰᠠᠭᠠᠯ ᠬᠤᠪᠢᠷᠠᠨ ᠰᠣᠯᠢᠭ᠍ᠳᠠᠵᠤ᠂ ᠰᠥᠨᠢ᠎ᠶ᠋ᠢᠨ ᠣᠭ᠍ᠲᠠᠷᠭᠤᠶ᠎ᠪᠠᠷ ᠬᠥᠱᠢᠭᠡ ᠪᠣᠯᠭᠠᠬᠰᠠᠨ ᠭᠣᠢᠳᠠ ᠰᠠᠢᠬᠠᠨ ᠬᠠᠷᠠᠭᠠᠨ ᠰᠡᠷᠡᠯ᠎ᠦᠨ ᠦᠪᠡᠳᠡᠭ᠌ᠰᠢ ᠨᠠᠢᠷ᠎ᠲᠦ ᠵᠢᠭᠤᠯᠴᠢᠯᠠᠭ᠍ᠰᠠᠳ᠎ᠢ ᠡᠷᠭᠡ ᠦᠭᠡᠢ ᠲᠠᠳᠠᠭᠳᠠᠵᠤ᠂ ᠬᠡᠷᠡᠯ ᠵᠢᠷᠤᠭ ᠲᠠᠲᠠᠭᠤᠯᠤᠨ ᠳᠤᠷᠠᠰᠭᠠᠯ ᠦᠯᠡᠳᠡᠭᠡᠵᠡᠭᠡᠨ᠎ᠡ᠃

ᠤᠨᠴᠠᠯᠢᠭ᠍ᠲᠤ ᠠᠮᠲᠠᠲᠤ ᠢᠳᠡᠭᠡᠨ᠎ᠦ ᠵᠡᠭᠡᠯᠢ ᠲᠣᠭᠣᠷᠢᠭ᠎ᠨᠢ ᠬᠥᠮᠦᠰ᠎ᠦᠨ ᠠᠩᠬᠠᠷᠤᠯ᠎ᠢ ᠲᠠᠲᠠᠵᠤ᠂ ᠬᠤᠸᠠᠷ ᠫᠤᠤᠵᠢᠩ ᠲᠤᠤᠭᠠᠷᠤᠨ᠂ ᠲᠠᠯ᠎ᠠ ᠨᠤᠲᠤᠭ᠎ᠤᠨ ᠴᠠᠭᠠᠨ ᠢᠳᠡᠭᠡᠨ᠂ ᠣᠷᠣᠨ ᠨᠤᠲᠤᠭ᠎ᠤᠨ ᠰᠤᠯᠠ ᠢᠳᠡᠭᠡᠨ᠂ ᠤᠨᠴᠠᠯᠢᠭ᠍ᠲᠤ ᠢᠳᠡᠭᠡᠨ ᠤᠮᠳᠠᠭᠠᠨ᠎ᠤ ᠬᠤᠳᠠᠯᠳᠤᠭᠠᠴᠢᠨ ᠡᠷᠦᠬᠡ᠎ᠨᠦᠭᠦᠳ ᠬᠤᠷᠠᠨ ᠴᠤᠭ᠍ᠯᠠᠷᠠᠵᠤ᠂ ᠢᠳᠡᠭᠡᠨ ᠠᠮᠰᠠᠭᠤᠯᠬᠤ ᠠᠵᠢᠯᠯᠠᠭ᠎ᠠ᠎ᠨᠢ ᠵᠢᠭᠤᠯᠴᠢᠯᠠᠭ᠍ᠰᠠᠳ᠎ᠢ ᠲᠠᠳᠠᠵᠤ᠂  ᠬᠠᠩᠬᠤᠯᠤᠭᠤᠨ ᠦᠨᠦᠷ ᠨᠢ ᠬᠠᠪᠤᠷ ᠎ᠤᠨ ᠦᠵᠡᠮᠵᠢ ᠯᠤᠭᠡ ᠠᠭᠤᠰᠤᠯᠴᠠᠵᠤ᠂ ᠬᠠᠯᠠᠭᠤᠨ ᠳᠤᠯᠠᠭᠠᠨ ᠬᠥᠭ᠌ᠵᠢᠶᠡᠨ ᠨᠠᠷᠭᠢᠶᠠᠨ᠎ᠲᠠᠶ ᠠᠮᠠᠷᠠᠯᠲᠠ᠎ᠶ᠋ᠢᠨ ᠡᠳᠦᠷ᠎ᠦᠨ ᠦᠵᠡᠮᠵᠢ ᠪᠠᠢᠳᠠᠯ᠎ᠢ ᠵᠢᠷᠤᠭ᠍ᠯᠠᠨ᠎ᠠ᠃ ᠵᠡᠭᠡᠯᠢ ᠭᠤᠳᠤᠮᠵᠢ᠎ᠳᠤ᠂ ᠠᠷᠠᠳ᠎ᠤᠨ ᠵᠠᠩ ᠦᠢᠯᠡ᠎ᠶ᠋ᠢᠨ ᠬᠦᠨ ᠠᠭᠤᠰᠤᠯᠴᠠᠯ᠂ ᠤᠨᠴᠠᠯᠢᠬ᠍ᠳᠤ ᠲᠣᠭᠣᠷᠢᠨ ᠵᠢᠭᠤᠯᠴᠢᠯᠠᠵᠤ ᠪᠠᠶᠡᠴᠢᠯᠠᠨ ᠤᠢᠯᠠᠭᠠᠬᠤ ᠠᠵᠢᠯᠯᠠᠭ᠎ᠠ ᠡᠮᠬᠢ ᠴᠡᠭ᠌ᠴᠡ᠎ᠲᠡᠶ ᠶᠠᠪᠤᠭ᠍ᠳᠠᠵᠤ᠂ ᠠᠵᠢᠯᠲᠠᠳ ᠪᠣᠯᠤᠨ ᠵᠢᠭᠤᠯᠴᠢᠯᠠᠭ᠍ᠰᠠᠳ ᠳᠣᠲᠣᠨᠣᠰᠣᠭ ᠬᠠᠷᠢᠯᠴᠠᠵᠤ᠂ ᠠᠭᠤᠰᠤᠯᠴᠠᠯ ᠮᠠᠶᠢᠭ᠎ᠤᠨ ᠲᠣᠭᠣᠷᠢᠨ ᠵᠢᠭᠤᠯᠴᠢᠯᠠᠵᠤ ᠪᠠᠶᠡᠴᠢᠯᠠᠨ ᠤᠢᠯᠠᠭᠠᠬᠤ ᠠᠵᠢᠯᠯᠠᠭ᠎ᠠ ᠨᠢ ᠤᠯᠠᠨ ᠲᠦᠮᠡᠨ᠎ᠳᠦ ᠠᠮᠠᠷᠠᠯᠲᠠ᠎ᠶ᠋ᠢᠨ ᠡᠳᠦᠷ᠎ᠦᠨ ᠬᠠᠪᠤ ᠴᠡᠩᠭᠡᠯ᠎ᠢ ᠡᠳ᠋ᠯᠡᠭᠦᠯᠦᠨ᠎ᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠰᠣᠶᠣᠯ ᠵᠢᠭᠤᠯᠴᠢᠯᠠᠯ᠎ᠤᠨ ᠪᠡᠶᠡᠴᠢᠯᠡᠨ ᠣᠢᠯᠠᠭᠠᠬᠤ ᠦᠵᠡᠭᠦᠯᠭᠡ᠎ᠶ᠋ᠢᠨ ᠲᠣᠭᠣᠷᠢᠭ᠂ ᠬᠣᠲᠠ᠎ᠶ᠋ᠢᠨ ᠬᠡᠷᠡᠯ ᠭᠢᠯᠪᠠᠭ᠎ᠠ ᠭᠤᠤᠯ ᠰᠡᠳᠦᠪᠲᠦ ᠦᠵᠡᠭᠦᠯᠭᠡ᠎ᠶ᠋ᠢᠨ ᠣᠷᠳᠣᠨ᠂ ᠥᠨᠥᠳᠦᠷ ᠎ᠦᠨ ᠬᠡᠪ ᠨᠠᠮᠪᠠᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶ᠋ᠢᠨ ᠣᠷᠳᠣᠨ᠎ᠢ ᠵᠡᠷᠭᠡ᠎ᠪᠡᠷ ᠴᠢᠯᠥᠭᠡᠲᠡᠶ ᠨᠡᠭᠡᠭᠡᠵᠦ᠍᠂ ᠣᠯᠠᠨ ᠡᠱᠢᠲᠦ ᠲᠠᠯᠠᠪᠤᠷ ᠦᠵᠡᠮᠵᠢ᠎ᠶ᠋ᠢ ᠪᠡᠶᠡᠴᠢᠯᠡᠨ ᠣᠢᠯᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠰᠢᠯ᠎ᠦᠨ ᠦᠵᠡᠭᠦᠯᠭᠡ ᠨᠢ ᠠᠳᠠᠯᠢ ᠪᠤᠰᠤ ᠨᠠᠰᠤᠨ᠎ᠤ ᠵᠢᠭᠤᠯᠴᠢᠯᠠᠬᠰᠠᠳ᠎ᠤᠨ ᠤᠨᠴᠠᠯᠢᠭ ᠲᠦ᠍ ᠲᠤᠬᠢᠷᠠᠭᠤᠯᠵᠤ ᠪᠠᠶᠠᠷᠯᠠᠭᠤᠯᠪᠠ᠃

ᠬᠣᠲᠠ᠎ᠶ᠋ᠢᠨ ᠠᠷᠠᠳ ᠵᠠᠩ ᠨᠠᠨ᠄ 《ᠠᠮᠠᠷᠠᠯᠲᠠ᠎ᠶ᠋ᠢᠨ ᠬᠤᠭᠤᠴᠠᠭᠠᠨ᠎ᠳᠤ ᠬᠣᠯᠠ ᠠᠶᠠᠯᠠᠬᠤ ᠬᠡᠷᠡᠭ ᠥᠬᠡᠶ᠂ ᠬᠡᠷ ᠎ᠦᠨ᠎ᠢᠶᠡᠨ ᠡᠭᠦᠳᠡᠨ᠎ᠳᠦ ᠭᠣᠶᠣ ᠦᠵᠡᠮᠵᠢ ᠰᠣᠨᠢᠷᠬᠠᠵᠤ᠂ ᠲᠣᠭ᠍ᠯᠠᠯᠲᠠ ᠦᠵᠡᠵᠦ᠍᠂ ᠠᠮᠲᠠᠲᠤ ᠢᠳᠡᠭᠡᠨ ᠢᠳᠡᠵᠦ᠍᠂ ᠠᠷᠠᠳ᠎ᠤᠨ ᠵᠠᠩ ᠦᠶ᠋ᠯᠡ᠎ᠶ᠋ᠢ ᠪᠡᠶᠡᠴᠢᠯᠡᠨ ᠣᠢᠯᠠᠭᠠᠵᠤ᠂ ᠬᠡᠷ ᠬᠣᠲᠠᠯᠠᠭᠠᠷ᠎ᠢᠶᠠᠨ ᠮᠠᠰᠢ ᠪᠠᠶᠠᠷᠲᠠᠶ ᠨᠠᠭᠠᠳᠴᠤ᠌ ᠪᠣᠯᠤᠨ᠎ᠠ》 ᠬᠡᠵᠤ ᠰᠡᠳᠬᠢᠯ ᠲᠤᠬᠳᠤᠯᠤᠨ ᠬᠡᠯᠡᠪᠡ᠃ ᠶᠠᠪᠠᠭᠠᠨ ᠎ᠢᠶᠠᠷ ᠲᠣᠭᠣᠷᠢᠨ ᠦᠵᠡᠵᠦ᠍᠂ ᠲᠣᠭ᠍ᠯᠠᠯᠲᠠ ᠰᠣᠨᠢᠷᠬᠠᠨ᠂ ᠠᠮᠲᠠᠲᠤ ᠢᠳᠡᠭᠡᠨ ᠠᠮᠲᠠᠯᠠᠵᠤ᠂ ᠪᠡᠶᠡᠴᠢᠯᠡᠨ ᠣᠢᠯᠠᠭᠠᠵᠤ᠂ ᠬᠣᠲᠠ ᠎ᠶ᠋ᠢᠨ ᠠᠷᠠᠳ᠎ᠵᠢᠭᠤᠯᠴᠢᠯᠠᠬᠰᠠᠳ ᠬᠠᠪᠤᠷ᠎ᠤᠨ ᠡᠳᠦᠷ ᠎ᠤᠨ ᠬᠠᠪᠤ ᠲᠠᠢ ᠴᠠᠭ ᠮᠦᠴᠡ᠎ᠶᠢ ᠡᠳ᠋ᠯᠡᠨ᠎ᠡ᠃

 ᠣᠢᠯᠠᠭᠠᠭ᠍ᠰᠠᠨ᠎ᠢᠶᠠᠷ᠂ 《 5·1 》 ᠤ᠋  ᠬᠤᠭᠤᠴᠠᠭᠠᠨ᠎ᠳᠤ᠂ ᠲᠦᠩᠯᠢᠶᠣᠤ ᠬᠣᠲᠠ ᠵᠢᠨ ᠬᠢᠨ ᠨᠠᠷᠢᠨ ᠨᠢᠮᠪᠠᠶ ᠲᠥᠯᠥᠪᠯᠡᠨ ᠪᠠᠢᠷᠢᠯᠠᠭᠤᠯᠵᠤ᠂ ᠤᠷᠠᠨ ᠰᠠᠢᠬᠠᠨ᠎ᠤ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠬᠡᠷ᠎ᠦᠨ ᠭᠠᠳᠠᠨᠠᠬᠢ ᠰᠤᠯᠠ ᠰᠡᠯᠡᠭᠦᠴᠡᠯ᠂ ᠰᠣᠶᠣᠯ᠎ᠤᠨ ᠦᠵᠡᠰᠭᠦᠯᠡᠩ᠂ ᠤᠨᠴᠠᠯᠢᠭ᠍ᠳᠤ ᠵᠠᠬ᠎ᠠ ᠳᠡᠯᠭᠡᠭᠦᠷ᠎ᠦᠨ ᠦᠵᠡᠭᠦᠯᠭᠡ᠂ ᠪᠥᠬᠥ᠌ ᠠᠷᠠᠳ᠎ᠤᠨ ᠤᠩᠱᠢᠯᠭ᠎ᠠ᠂ ᠬᠥᠳᠡᠭᠡ ᠲᠣᠰᠭᠣᠨ᠎ᠤ ᠵᠢᠭᠤᠯᠴᠢᠯᠠᠯ ᠵᠡᠷᠭᠡ ᠲᠤᠯᠤᠭᠠᠨ ᠶᠡᠬᠡ ᠬᠡᠰᠡᠭ᠎ᠦᠨ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠵᠦ᠍᠂ ᠡᠯ᠎ᠡ ᠬᠣᠱᠢᠭᠤ ᠱᠢᠶᠠᠨ ᠬᠣᠲᠠ ᠲᠣᠭᠣᠷᠢᠭ᠂ ᠭᠤᠤᠯᠳᠠᠯᠭ᠎ᠠ᠎ᠲᠠᠶ ᠦᠵᠡᠮᠵᠢ᠎ᠶ᠋ᠢᠨ ᠣᠷᠣᠨ᠂ ᠰᠣᠶᠣᠯ᠎ᠤᠨ ᠲᠠᠯᠠᠪᠠᠶ ᠣᠷᠳᠣᠨ᠂ ᠬᠤᠳᠠᠯᠳᠤᠭᠠᠨ᠎ᠤ ᠵᠡᠭᠡᠯᠢ ᠲᠣᠭᠣᠷᠢᠭ᠎ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃ ᠤᠯᠠᠭᠠᠨᠮᠥ᠋ᠴᠢᠷ ᠦᠨᠳᠦᠰᠦᠨ ᠱᠠᠲᠤᠨ᠎ᠳᠤ ᠭᠦᠨᠵᠡᠭᠡᠢᠷᠡᠨ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠭᠠᠷᠭᠠᠵᠤ᠂ ᠭᠣᠢᠳᠠ ᠰᠠᠢᠬᠠᠨ ᠤᠳᠭ᠎ᠠ ᠤᠷᠠᠯᠢᠭ᠎ᠤᠨ ᠲᠣᠭ᠍ᠯᠠᠯᠲᠠ᠎ᠶ᠋ᠢ ᠣᠯᠠᠨ ᠲᠦᠮᠡᠨ᠎ᠦ ᠳᠡᠷᠭᠡᠳᠡ ᠬᠦᠷᠭᠡᠪᠡ; ᠪᠤᠭᠳᠤ ᠵᠢᠨ ᠡᠯᠡᠰᠦ᠂ ᠶᠢᠨ ᠱᠠ ᠸᠠᠨ ᠵᠡᠷᠭᠡ ᠦᠵᠡᠮᠵᠢ᠎ᠶ᠋ᠢᠨ ᠣᠷᠣᠨ᠎ᠤ ᠵᠢᠭᠤᠯᠴᠢᠯᠠᠨ ᠨᠠᠭᠠᠳᠭᠤ ᠲᠥᠷᠥᠯ ᠵᠦᠢᠯ᠎ᠢ ᠱᠢᠯᠢᠳᠡᠭ᠌ᠵᠢᠭᠦᠯᠵᠦ᠍᠂ ᠰᠥᠨᠢ᠎ᠶ᠋ᠢᠨ ᠰᠡᠯᠡᠭᠦᠴᠡᠯ᠎ᠦᠨ ᠬᠡᠯᠪᠡᠷᠢ᠎ᠶᠢ ᠪᠠᠶᠠᠯᠢᠭ᠍ᠵᠢᠭᠤᠯᠪᠠ;  ᠡᠯ᠎ᠡ ᠱᠠᠲᠤᠨ᠎ᠤ ᠰᠣᠶᠣᠯ᠎ᠤᠨ ᠦᠵᠡᠰᠭᠦᠯᠡᠩ ᠎ᠦᠨ ᠲᠠᠯᠠᠪᠤᠷ ᠣᠷᠳᠣᠨ ᠥᠪᠡᠷᠮᠢᠴᠡ ᠣᠨᠴᠠᠯᠢᠭ ᠎ᠲᠠᠶ ᠦᠵᠡᠭᠦᠯᠭᠡ ᠪᠣᠯᠤᠨ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ ᠴᠢᠯᠥᠭᠡᠲᠡᠶ ᠪᠣᠯᠭᠠᠵᠤ᠂ ᠬᠣᠲᠠ᠎ᠶ᠋ᠢᠨ ᠲᠣᠭᠣᠷᠢᠭ᠎ᠤᠨ ᠬᠤᠳᠠᠯᠳᠤᠭᠠᠨ᠎ᠤ ᠲᠣᠭᠣᠷᠢᠭ᠎ᠲᠤ ᠣᠯᠠᠨ ᠡᠱᠢᠲᠦ ᠰᠡᠯᠡᠭᠦᠴᠡᠯ᠎ᠦᠨ ᠲᠠᠯᠠᠪᠤᠷ᠎ᠢ ᠢᠵᠢ ᠪᠥᠷᠢᠳᠦᠭᠦᠯᠪᠡ; ᠬᠥᠳᠡᠭᠡ ᠲᠣᠰᠭᠣᠨ ᠣᠢᠷ᠎ᠠ ᠲᠡᠭᠦᠷᠭᠡ᠎ᠶ᠋ᠢᠨ᠎ᠬᠢᠨ ᠬᠥᠳᠡᠭᠡ ᠲᠣᠰᠭᠣᠨ᠎ᠳᠤ ᠲᠣᠭᠣᠷᠢᠨ ᠦᠵᠡᠬᠦ᠌᠂ ᠲᠠᠷᠢᠶᠠᠯᠠᠩ᠎ᠤᠨ ᠶᠠᠪᠤᠳᠠᠯ᠎ᠢ ᠪᠡᠶᠡᠴᠢᠯᠡᠨ ᠣᠢᠯᠠᠭᠠᠬᠤ ᠵᠡᠷᠭᠡ ᠰᠡᠯᠡᠭᠦᠴᠡᠯ ᠎ᠦᠨ ᠲᠥᠷᠥᠯ ᠵᠦᠶ᠋ᠯ᠎ᠢ ᠢᠵᠢᠯ ᠠᠯᠬᠤᠮ ᠎ᠢᠶᠠᠷ ᠭᠠᠷᠭᠠᠵᠤ᠂ ᠵᠢᠭᠤᠯᠴᠢᠯᠠᠭ᠍ᠰᠠᠳ ᠎ᠤᠨ ᠣᠯᠠᠨ ᠶᠠᠩᠵᠤᠴᠢᠯᠠᠭ᠍ᠰᠠᠨ᠂ ᠥᠪᠡᠷᠮᠢᠴᠡᠵᠢᠭᠰᠡᠨ ᠣᠨᠴᠠᠯᠢᠭ᠍ᠲᠤ ᠵᠢᠭᠤᠯᠴᠢᠯᠠᠯ ᠎ᠤᠨ ᠬᠡᠷᠡᠭ᠌ᠴᠡᠭᠡ ᠱᠠᠭᠠᠷᠳᠠᠯᠭ᠎ᠠ ᠎ᠶ᠋ᠢ ᠪᠥᠬᠥ᠌ ᠲᠠᠯ᠎ᠠ᠎ᠪᠠᠷ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号