《5·1》 ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ 104.4 ᠲᠦᠮᠡᠨ ᠠᠶᠠᠨᠴᠢᠨ ᠵᠦᠭᠡᠭᠡᠪᠦᠷᠢᠯᠡᠪᠠ
2026-05-07 16:39:51
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

《5·1》 ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠵᠦᠬᠡᠬᠡᠪᠤᠷᠢ ᠢ᠋ᠢᠨ ᠡᠬᠢ ᠪᠠᠶᠠᠯᠢᠭ ᠢ᠋ ᠨᠢᠭᠡᠳᠦᠯᠲᠡᠶ ᠲᠥᠯᠥᠪᠯᠡᠨ᠂ ᠲᠡᠮᠦᠷ ᠵᠠᠮ ᠤ᠋ᠨ 12306 ᠲᠣᠮᠣ ᠳ᠋ᠠᠢᠲ᠋ᠠ ᠪᠡᠷ ᠠᠶᠠᠨᠴᠢᠳ ᠤ᠋ᠨ ᠶᠠᠪᠤᠵᠤ ᠰᠠᠭᠤᠬᠤ ᠪᠠᠢᠳᠠᠯ ᠢ᠋ ᠴᠠᠭ ᠲᠤᠬᠠᠶ ᠳ᠋ᠤᠨᠢ ᠮᠥᠷᠳᠡᠵᠦ᠍᠂ 5 ᠡᠳᠤᠷ ᠲᠦ᠍ ᠨᠡᠢᠲᠡ 104.4 ᠲᠦᠮᠡᠨ ᠠᠶᠠᠨᠴᠢᠨ(ᠤᠳᠠᠭ᠎ᠠ)ᠵᠦᠭᠡᠭᠡᠪᠦᠷᠢᠯᠡᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.2% ᠢ᠋ᠢᠡᠷ ᠨᠡᠮᠡᠭ᠌ᠳᠡᠪᠡ᠃

《5·1》 ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠠᠶᠠᠨᠴᠢᠳ ᠤ᠋ᠨ ᠭᠠᠯᠲᠤ ᠲᠡᠷᠭᠡ ᠢ᠋ᠢᠨ ᠵᠦᠬᠡᠬᠡᠪᠤᠷᠢ ᠵᠢᠨ ᠲᠥᠰᠦᠯ ᠢ᠋ ᠱᠢᠯᠢᠳᠡᠭ᠌ᠵᠢᠭᠦᠯᠦᠨ᠂ ᠪᠡᠭᠡᠵᠢᠩ ᠬᠦᠷᠬᠦ ᠠᠶᠠᠨᠴᠢᠳ ᠤ᠋ᠨ ᠵᠦᠭᠡᠭᠡᠪᠦᠷᠢ ᠢ᠋ᠢᠨ ᠲᠤᠰᠭᠠᠶ ᠱᠤᠭᠤᠮ᠂ ᠵᠢᠨᠢᠡᠭ — ᠳ᠋ᠠᠲ᠋ᠦ᠋ᠡᠭ — ᠶᠤᠸᠠᠨᠫᠢᠡᠭ ᠬᠦᠷᠬᠦ ᠲᠦᠷᠭᠡᠨ ᠤ᠋ ᠲᠡᠮᠦᠷ ᠵᠠᠮ᠂ ᠪᠤᠭᠤᠲᠤ — ᠢᠷᠭᠠᠶ᠎ᠬᠦᠷᠬᠦ ᠲᠦᠷᠭᠡᠨ ᠤ᠋ ᠲᠡᠮᠦᠷ ᠵᠠᠮ ᠵᠡᠷᠭᠡ ᠬᠠᠯᠠᠮᠱᠢᠯ ᠵᠠᠮ ᠱᠤᠭᠤᠮ ᠵᠢᠴᠢ ᠪᠡᠭᠡᠵᠢᠩ᠂ ᠰᠢ ᠠᠨ᠂ ᠪᠤᠭᠤᠲᠤ᠂ ᠪᠠᠶᠠᠨᠨᠠᠭᠤᠷ᠂ ᠦᠬᠠᠶ᠂ ᠣᠷᠳᠣᠰ᠂ ᠰᠢᠯᠢᠡᠭᠬᠤᠲᠠ᠂ ᠤᠯᠠᠭᠠᠨᠬᠠᠳᠠ᠂ ᠲᠦᠩᠯᠢᠶᠣᠤ ᠵᠡᠷᠭᠡ ᠬᠠᠯᠠᠮᠱᠢᠯ ᠵᠠᠮ ᠱᠤᠭᠤᠮ ᠢ᠋ ᠱᠢᠯᠢᠳᠡᠭ᠌ᠵᠢᠭᠦᠯᠵᠦ᠍᠂ ᠰᠥᠨᠢ ᠢ᠋ᠢᠨ ᠲᠦᠷᠭᠡᠨ ᠤ᠋ ᠭᠠᠯᠳᠤ ᠲᠡᠷᠬᠡ ᠪᠤᠯᠤᠨ ᠬᠦᠳᠡᠯᠭᠡᠬᠦ ᠬᠦᠴᠦᠨᠲᠤ ᠭᠠᠯᠲᠤ ᠲᠡᠷᠭᠡ ᠢ᠋ᠢ ᠳᠠᠬᠢᠨ ᠬᠣᠯᠪᠣᠨ ᠠᠵᠢᠯᠯᠠᠭᠤᠯᠵᠤ᠂ ᠲᠦᠷ ᠴᠠᠭ ᠤ᠋ᠨ ᠠᠶᠠᠨᠴᠢᠳ ᠤ᠋ᠨ ᠭᠠᠯᠲᠤ ᠲᠡᠷᠭᠡ᠂ ᠡᠩ ᠤ᠋ᠨ ᠬᠤᠷᠳᠤᠴᠠᠲᠤ ᠭᠠᠯᠲᠤ ᠲᠡᠷᠭᠡ ᠢ᠋ᠢ ᠨᠡᠮᠡᠭᠳᠡᠭᠦᠯᠪᠠ᠃ ᠠᠮᠠᠷᠠᠯᠲᠠ ᠢ᠋ᠢᠨ 5 ᠡᠳᠤᠷ ᠲᠦ᠍ ᠡᠳᠦᠷ ᠪᠦᠷᠢ ᠳᠤᠮᠳᠠᠴᠢ ᠪᠠᠷ 184 ᠡᠭᠡᠯᠵᠢ ᠠᠶᠠᠨᠴᠢᠳ ᠤ᠋ᠨ ᠭᠠᠯᠲᠤ ᠲᠡᠷᠭᠡ ᠶᠠᠪᠤᠭᠤᠯᠵᠤ᠂ ᠠᠶᠠᠨᠴᠢᠳ ᠤ᠋ᠨ ᠶᠠᠪᠤᠵᠤ ᠰᠠᠭᠤᠬᠤ ᠬᠡᠷᠡᠭ᠌ᠴᠡᠭᠡ ᠢ᠋ᠢ ᠬᠠᠮᠤᠭ ᠤ᠋ᠨ ᠶᠡᠬᠡ ᠬᠡᠮᠵᠢᠶ᠎ᠡ ᠪᠡᠷ ᠬᠠᠩᠭᠠᠵᠠᠢ ᠃

ᠠᠶᠠᠨᠴᠢᠳ ᠤ᠋ᠨ 《5·1》 ᠤ᠋ ᠠᠮᠠᠷᠠᠯᠲᠠ ᠢ᠋ᠢᠨ ᠬᠤᠭᠤᠴᠠᠭᠠᠨ ᠤ᠋ ᠶᠠᠪᠤᠵᠤ ᠰᠠᠭᠤᠬᠤ ᠪᠡᠶᠡᠴᠢ ᠣᠢᠯᠠᠭᠠᠯᠲᠠ ᠢ᠋ᠢ ᠳᠡᠭᠡᠭ᠌ᠰᠢᠯᠡᠭᠦᠯᠬᠦ᠌ ᠢ᠋ᠢᠨ ᠲᠥᠯᠥᠭᠡ᠂ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠢ᠋ᠢᠨ ᠬᠠᠮᠢᠶᠠᠷᠤᠯᠲᠠ ᠢ᠋ᠢᠨ ᠬᠠᠷᠢᠶᠠᠨ ᠳ᠋ᠡᠬᠢ ᠡᠯ᠎ᠡ ᠶᠡᠬᠡ ᠭᠠᠯᠲᠤ ᠲᠡᠷᠭᠡᠨ ᠥᠷᠲᠡᠭᠡ ᠨᠢ ᠦᠶ᠋ᠯᠡᠴᠢᠯᠡᠭᠡ ᠪᠡᠨ ᠦᠷᠭᠦᠯᠵᠢᠯᠡᠨ ᠱᠢᠯᠢᠳᠡᠭ᠌ᠵᠢᠭᠦᠯᠵᠦ᠍᠂ ᠨᠠᠰᠤᠲᠠᠶ ᠨᠢᠯᠬ᠎ᠠ ᠵᠡᠮᠳᠡᠭ ᠵᠢᠷᠮᠦᠰᠦᠨ ᠵᠡᠷᠭᠡ ᠭᠤᠤᠯᠳᠠᠯᠭ᠎ᠠ ᠲᠠᠢ ᠠᠶᠠᠨᠴᠢᠳ ᠲᠦ᠍ ᠴᠢᠭ᠌ᠯᠡᠭᠦᠯᠦᠨ ᠬᠠᠢᠷ᠎ᠠ ᠬᠠᠯᠠᠮᠵᠢ ᠢ᠋ᠢᠨ ᠵᠠᠮ ᠨᠡᠭᠡᠭᠡᠵᠦ᠍᠂ ᠪᠥᠬᠥ᠌ ᠶᠠᠪᠤᠴᠠ ᠢ᠋ᠢᠨ ᠬᠥᠲᠥᠯᠥᠨ ᠵᠢᠯᠣᠭᠣᠳᠭᠤ ᠦᠶ᠋ᠯᠡᠴᠢᠯᠡᠭᠡ ᠬᠠᠡᠭᠭᠠᠪᠠ; ᠠᠶᠠᠨᠴᠢᠳ ᠤ᠋ᠨ ᠤᠷᠤᠰᠬᠠᠯ ᠨᠡᠯᠢᠶᠡᠳ ᠶᠡᠬᠡ ᠲᠡᠷᠭᠡᠨ ᠥᠷᠲᠡᠭᠡᠨ ᠳ᠋ᠤ ᠠᠶᠤᠯᠭᠦᠢ ᠢ᠋ᠢᠨ ᠪᠠᠢᠴᠠᠭᠠᠯᠲᠠ ᠢ᠋ᠢᠨ ᠨᠡᠪᠲᠡᠷᠡᠬᠦ᠌ ᠵᠠᠮ ᠢ᠋ ᠨᠡᠮᠡᠵᠦ᠍ ᠨᠡᠭᠡᠭᠡᠨ᠂ ᠰᠣᠯᠢᠵᠤ ᠰᠠᠭᠤᠬᠤ ᠳᠡᠰ ᠳᠠᠷᠠᠭᠠᠯᠠᠯ ᠢ᠋ ᠱᠢᠯᠢᠳᠡᠭ᠌ᠵᠢᠭᠦᠯᠵᠤ᠂ ᠠᠶᠠᠨᠴᠢᠳ ᠲᠤ᠌ ᠠᠮᠤᠷ ᠲᠦᠪᠱᠢᠨ ᠪᠦᠭᠡᠳ ᠳᠥᠭᠥᠮ ᠳᠥᠲᠡ ᠶᠠᠪᠤᠵᠤ ᠰᠠᠭᠤᠬᠤ ᠦᠢᠯᠡᠴᠢᠯᠡᠭᠡ ᠬᠠᠡᠭᠭᠠᠪᠠ᠃ ᠪᠠᠰᠠ ᠣᠷᠣᠨ ᠨᠤᠲᠤᠭ ᠤ᠋ᠨ ᠵᠢᠡᠨ ᠵᠠᠮ ᠬᠠᠷᠢᠯᠴᠠᠭᠠᠨ ᠤ᠋ ᠰᠠᠯᠠᠭ᠎ᠠ ᠮᠥᠴᠢᠷ ᠯᠤᠭᠡ ᠨᠢᠭ᠍ᠲᠠ ᠬᠠᠮᠵᠢᠯᠴᠠᠨ ᠨᠡᠢᠲᠡ ᠢ᠋ᠢᠨ ᠵᠠᠮ ᠬᠠᠷᠢᠯᠴᠠᠭ᠎ᠠ᠂ ᠲᠦᠷᠢᠶᠡᠰᠦᠨ ᠮᠠᠱᠢᠨ ᠲᠡᠷᠭᠡ ᠵᠡᠷᠭᠡ ᠵᠠᠮ ᠬᠠᠷᠢᠯᠴᠠᠭᠠᠨ ᠤ᠋ ᠠᠷᠭ᠎ᠠ ᠬᠡᠯᠪᠡᠷᠢ ᠯᠤᠬᠡ ᠬᠣᠯᠪᠣᠭᠠᠯᠠᠨ ᠬᠥᠳᠡᠯᠦᠯᠴᠡᠬᠦ᠌ ᠢ᠋ᠢ ᠴᠢᠩᠭᠠᠳᠭᠠᠵᠤ᠂ ᠠᠶᠠᠨᠴᠢᠳ ᠤ᠋ᠨ ᠶᠠᠪᠤᠵᠤ ᠰᠠᠭᠤᠬᠤ ᠳ᠋ᠤ ᠲᠥᠬᠥᠮ ᠦᠵᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号