《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠥᠪᠥᠷ ᠮᠣᠩᠭᠣᠯ ᠤ᠋ᠨ ᠮᠦᠽᠧᠶ 11 ᠲᠦᠮᠡᠨ ᠦᠵᠡᠭᠴᠢ ᠵᠢ ᠬᠦᠯᠢᠶᠡᠨ ᠠᠪᠴᠠᠢ
2026-05-07 16:41:06
ᠵᠣᠬᠢᠶᠠᠭ᠍ᠴᠢ᠄
ᠬᠦᠬᠵᠢᠯᠳᠦ
ᠣᠩᠱᠢᠭ᠍ᠰᠠᠨ ᠣᠳᠠᠭ᠎ᠠ᠄
★★★☆☆

《5·1》 ᠤ᠋ ᠠᠮᠠᠷᠠᠯᠲᠠ ᠶ᠋ᠢᠨ ᠬᠤᠭᠤᠴᠠᠭᠠᠨ ᠳ᠋ᠦ ᠥᠪᠥᠷ ᠮᠣᠩᠭᠣᠯ ᠤ᠋ᠨ ᠮᠦᠽᠧᠶ ᠨᠡᠢᠳᠡ 57 ᠲᠠᠯᠠᠪᠠᠶ ᠭᠣᠢᠳᠠ ᠰᠠᠢᠬᠠᠨ ᠠᠵᠢᠯᠯᠠᠭ᠎ᠠ ᠥᠷᠨᠢᠭᠦᠯᠵᠦ᠂ ᠤᠯᠤᠰ ᠤ᠋ᠨ ᠳᠤᠳᠤᠭᠠᠳᠦ ᠶ᠋ᠢᠨ ᠵᠢᠭᠤᠯᠴᠢᠯᠠᠭᠴᠢ ᠵᠢ 11 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ 2 ᠶᠡᠬᠡ ᠦᠵᠡᠭᠦᠯᠭᠡ ᠪᠠ ᠪᠠᠶᠠᠯᠢᠭ ᠠᠭᠤᠯᠭ᠎ᠠ ᠲᠠᠢ ᠭᠣᠣᠯ ᠰᠡᠳᠦᠪᠲᠦ ᠠᠵᠢᠯᠯᠠᠭ᠎ᠠ ᠪᠡᠷ ᠢ᠋ᠶ᠋ᠡᠨ ᠦᠵᠡᠭ᠌ᠴᠢᠳ ᠲᠦ᠍ ᠲᠡᠦᠬᠡ ᠪᠣᠯᠤᠨ ᠤᠷᠠᠯᠢᠭ ᠤ᠋ᠨ ᠠᠭᠤᠰᠤᠯᠴᠠᠯ ᠳᠤᠮᠳᠠ᠂ ᠰᠣᠶᠣᠯ ᠪᠣᠯᠤᠨ ᠤᠷᠠᠨ ᠳᠠᠷᠬᠠᠨ ᠤ᠋ ᠰᠤᠯᠪᠢᠴᠠᠯ ᠳᠤᠮᠳᠠ ᠦᠪᠦᠷ ᠮᠤᠨᠭᠭᠤᠯ ᠤ᠋ᠨ ᠰᠣᠶᠣᠯ ᠤ᠋ᠨ ᠦᠪᠡᠷᠮᠢᠴᠡ ᠭᠠᠢᠬᠠᠮᠰᠢᠭ ᠢ᠋ ᠮᠡᠳᠡᠷᠡᠬᠦᠯᠵᠡᠢ᠃

ᠥᠪᠥᠷ ᠮᠣᠩᠭᠣᠯ ᠤ᠋ᠨ ᠮᠦᠽᠧᠶ 5 ᠰᠠᠷ᠎ᠠ ᠶ᠋ᠢᠨ 1— 3  ᠤ᠋ ᠡᠳᠦᠷ ᠪᠣᠯᠲᠠᠯ᠎ᠠ ᠡᠳᠦᠷ ᠪᠤᠯᠭᠠᠨ 2 ᠳᠠᠯᠠᠪᠠᠢ ᠤᠨᠴᠠᠯᠢᠬ᠍ᠳᠤ ᠲᠣᠭ᠍ᠯᠠᠯᠲᠠ ᠭᠠᠷᠭᠠᠨ᠂ ᠮᠤᠷᠢᠨ ᠬᠤᠭᠤᠷ ᠤ᠋ᠨ ᠢᠷᠠᠭᠤ ᠤᠶᠠᠩᠭᠠᠯᠢᠭ ᠬᠦᠭ ᠠᠶᠠᠰ ᠨᠢ ᠥᠪᠥᠷ ᠮᠣᠩᠭᠣᠯ ᠤ᠋ᠨ ᠥᠷᠭᠡᠨ ᠠᠭᠤᠳᠠᠮ ᠪᠠ ᠭᠦᠨ ᠰᠡᠳᠭᠢᠯᠭᠡ ᠵᠢ ᠢᠯᠡᠳᠭᠡᠵᠦ᠍᠂ ᠦᠵᠡᠭ᠌ᠴᠢᠳ ᠲᠦ᠍ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠥᠪᠡᠷᠮᠢᠴᠡ ᠷᠢᠳᠢ ᠱᠢᠳᠢ ᠵᠢ ᠮᠡᠳᠡᠷᠡᠭᠦᠯᠪᠡ᠃ ᠮᠣᠩᠭᠣᠯ ᠦᠨᠳᠦᠰᠦᠲᠡᠨ ᠪᠠ ᠤᠢᠭᠤᠷ ᠦᠨᠳᠦᠰᠦᠲᠡᠨ ᠤ᠋ ᠤᠯᠠᠮᠵᠢᠯᠠᠯᠲᠤ ᠪᠥᠵᠢᠭ ᠢ᠋ ᠡᠭᠡᠯᠵᠢᠯᠡᠨ ᠪᠦᠵᠢᠭᠯᠡᠵᠦ᠂ ᠦᠨᠳᠦᠰᠦᠲᠡᠨ ᠨᠤᠭᠦᠳ ᠤ᠋ᠨ ᠬᠠᠷᠢᠯᠴᠠᠨ ᠣᠢᠯᠠᠭᠠᠯᠴᠠᠵᠤ ᠬᠠᠷᠢᠯᠴᠠᠨ ᠠᠭᠤᠰᠤᠯᠴᠠᠭ᠍ᠰᠠᠨ᠂ ᠰᠡᠳᠭᠢᠯ ᠨᠢᠭᠡᠳᠦᠨ ᠬᠠᠮᠲᠤ ᠪᠠᠷ ᠬᠦᠭᠵᠢᠭᠰᠡᠨ ᠰᠠᠢᠨ ᠰᠠᠢᠬᠠᠨ ᠵᠢᠷᠤᠭ ᠢ᠋ ᠲᠠᠯᠬᠡᠭᠰᠡᠨ ᠪᠦᠬᠡᠳ ᠵᠠᠩ ᠦᠢᠯᠡ ᠶ᠋ᠢᠨ ᠶᠣᠰᠣᠯᠠᠯ ᠢ᠋ ᠪᠡᠶᠡᠴᠢᠯᠡᠨ ᠣᠢᠯᠠᠭᠠᠬᠤ ᠠᠵᠢᠯᠯᠠᠭ᠎ᠠ ᠳ᠋ᠤ ᠵᠢᠭᠤᠯᠴᠢᠯᠠᠭᠰᠠᠳ ᠰᠣᠩᠭᠣᠳᠠᠭ ᠳᠠᠭᠤᠤ᠎ᠵᠢ ᠰᠡᠳᠭᠢᠯ ᠨᠢᠭᠡᠳᠦᠨ ᠳᠠᠭᠤᠯᠠᠵᠤ ᠂ ᠪᠠᠶᠠᠷ ᠪᠠᠶᠠᠰᠭᠤᠯᠠᠩᠲᠤ ᠠᠭᠤᠷ ᠠᠮᠢᠰᠭᠤᠯ ᠳᠤᠮᠳᠠ ᠬᠥᠳᠡᠯᠮᠦᠷᠢ ᠶ᠋ᠢᠨ ᠢᠷᠠᠭᠤ ᠠᠯᠳᠠᠷ ᠢ᠋ ᠮᠠᠭ᠍ᠲᠠᠨ ᠳᠠᠭᠤᠯᠠᠵᠤ᠂ ᠦᠨᠳᠦᠰᠦᠲᠡᠨ ᠤ᠋ ᠪᠦᠯᠬᠦᠮᠳᠡᠯ᠎ᠢ ᠨᠢᠭᠳᠠᠷᠠᠭᠤᠯᠤᠭᠰᠠᠨ ᠪᠠᠢᠨ᠎ᠠ᠃

2 ᠶᠡᠬᠡ ᠦᠵᠡᠭᠦᠯᠭᠡ ᠪᠤᠯᠬᠤ 《ᠪᠠᠷᠠᠭᠤᠨ ᠣᠷᠣᠨ ᠤ᠋ ᠪᠠᠬᠠᠳᠤᠮ᠎ᠠ ᠦᠵᠡᠮᠵᠢ — ᠱᠢᠨᠵᠢᠶᠠᠩ ᠤ᠋ᠨ ᠲᠡᠦᠬᠡ ᠰᠣᠶᠣᠯ ᠤ᠋ᠨ ᠦᠵᠡᠰᠭᠦᠯᠡᠩ》 ᠪᠣᠯᠤᠨ《ᠢᠷᠠᠭᠤ ᠲᠤᠤᠯᠢᠰ — 16 ᠳ᠋ᠤᠭᠠᠷ ᠵᠠᠭᠤᠨ ᠤ᠋ ᠦᠨᠡᠳᠦ ᠡᠷᠳᠡᠨᠢᠰ ᠤᠷᠠᠯᠢᠭ ᠤ᠋ᠨ ᠦᠵᠡᠰᠭᠦᠯᠡᠩ》 ᠨᠢ ᠬᠥᠮᠦᠰ ᠤ᠋ᠨ ᠪᠠᠬᠠᠷᠬᠠᠯ ᠢ᠋ ᠤᠯᠵᠦ᠂ ᠲᠣᠷᠭᠠᠨ ᠵᠠᠮ ᠤ᠋ᠨ ᠪᠣᠯᠪᠠᠰᠤᠨ ᠪᠠ ᠦᠨᠡᠲᠦ ᠡᠷᠳᠡᠨᠢᠰ ᠤ᠋ᠨ ᠤᠷᠠᠯᠢᠭ ᠤ᠋ᠨ ᠬᠡᠷᠡᠯ ᠭᠢᠯᠪᠠᠭ᠎ᠠ ᠵᠢ ᠭᠦᠶ᠋ᠴᠡᠳ ᠬᠠᠷᠠᠭᠤᠯᠵᠠᠢ᠃ ᠳᠠᠭᠠᠯᠳᠤᠭᠤᠯᠤᠨ ᠶᠠᠪᠤᠭᠳᠠᠭᠤᠯᠤᠭᠰᠠᠨ 《ᠬᠣᠪᠣᠷ ᠡᠷᠳᠡᠨᠢ ᠶ᠋ᠢᠨ ᠠᠭᠤᠷᠬᠠᠶ ᠶ᠋ᠢᠨ ᠠᠵᠢᠯᠴᠢᠨ》 ᠬᠠᠢᠨ ᠰᠦᠪᠡᠭ᠌ᠴᠢᠯᠡᠵᠦ᠍ ᠪᠡᠶᠡᠴᠢᠯᠡᠨ ᠣᠢᠯᠠᠭᠠᠬᠤ ᠠᠵᠢᠯᠯᠠᠭ᠎ᠠ ᠳ᠋ᠤ ᠬᠦᠷᠦᠯᠴᠡᠨ ᠢᠷᠡᠭᠰᠡᠨ ᠬᠡᠦᠬᠡᠳ ᠪᠠᠭᠠᠴᠤᠳ ᠡᠷᠳᠡᠨᠢ ᠶ᠋ᠢᠨ ᠴᠢᠯᠠᠭᠤ ᠬᠠᠢᠬᠤ ᠪᠠ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠠᠵᠢᠯᠯᠠᠭ᠎ᠠ ᠳᠤᠮᠳᠠ ᠦᠰᠦᠨ ᠪᠣᠢᠵᠢᠬᠤ ᠶ᠋ᠢᠨ ᠦᠨᠡᠨ ᠶᠣᠰᠣ ᠵᠢ ᠤᠬᠠᠵᠤ᠂ ᠬᠠᠢᠨ ᠰᠦᠪᠡᠭ᠌ᠴᠢᠯᠡᠬᠦ᠌ ᠦᠶ᠋ᠯᠡᠳᠦᠯᠭᠡ ᠶ᠋ᠢᠨ ᠳᠤᠮᠳᠠ ᠬᠠᠷᠠᠭ᠎ᠠ ᠪᠠᠨ ᠥᠷᠭᠡᠳᠭᠡᠨ᠂ ᠮᠡᠳᠡᠯᠭᠡ ᠮᠡᠳᠡᠴᠡ ᠪᠠᠨ ᠨᠡᠮᠡᠭᠳᠡᠬᠦᠯᠵᠡᠢ᠃ ᠡᠬᠦᠨ ᠡᠴᠡ ᠭᠠᠳᠠᠨ᠎ᠠ ᠮᠦᠽᠧᠶ ᠶ᠋ᠢᠨ ᠤᠨᠴᠠᠯᠢᠬ᠍ᠳᠤ ᠨᠡᠢᠬᠡᠮ ᠤ᠋ᠨ ᠰᠤᠷᠭᠠᠨ ᠬᠥᠮᠦᠵᠢᠯ ᠤ᠋ᠨ ᠠᠵᠢᠯᠯᠠᠭ᠎ᠠ ᠳ᠋ᠤ ᠣᠯᠠᠨ ᠲᠠᠯᠠᠪᠠᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠭᠠᠷ ᠤᠷᠠᠯᠠᠯ ᠪᠠ ᠬᠠᠢᠨ ᠰᠦᠪᠡᠭ᠌ᠴᠢᠯᠡᠵᠦ᠍ ᠬᠤᠷᠱᠢᠯᠴᠠᠬᠤ ᠠᠵᠢᠯᠯᠠᠭ᠎ᠠ ᠥᠷᠨᠢᠭᠦᠯᠵᠦ᠍᠂ ᠵᠢᠭᠤᠯᠴᠢᠯᠠᠭᠰᠠᠳ ᠲᠦ᠍ ᠤᠷᠠᠨ ᠳᠠᠷᠬᠠᠨ ᠤ᠋ ᠤᠷ᠎ᠠ ᠴᠢᠳᠠᠪᠤᠷᠢ ᠵᠢ ᠤᠯᠠᠮᠵᠢᠯᠠᠵᠤ᠂ ᠦᠶ᠋ᠯᠡᠳᠦᠯᠭᠡ ᠶ᠋ᠢᠨ ᠳᠤᠮᠳᠠ ᠤᠯᠠᠮᠵᠢᠯᠠᠯᠲᠤ ᠰᠣᠶᠣᠯ ᠤ᠋ᠨ ᠷᠢᠳᠢ ᠱᠢᠳᠢ ᠵᠢ ᠮᠡᠳᠡᠷᠡᠭᠦᠯᠪᠡ᠃ 《ᠬᠥᠳᠡᠯᠮᠦᠷᠢ ᠪᠡᠷ ᠤᠷ᠎ᠠ ᠳᠠᠷᠬ᠎ᠠ ᠵᠢ ᠮᠡᠳᠡᠷᠡᠵᠦ ᠬᠡᠦᠬᠡᠳ ᠤ᠋ᠨ ᠰᠡᠳᠭᠢᠯ ᠢ᠋ ᠤᠮᠳᠠᠯᠠᠬᠤ》 ᠭᠣᠣᠯ ᠰᠡᠳᠦᠪᠲᠦ ᠠᠵᠢᠯᠯᠠᠭ᠎ᠠ ᠴᠦ᠍ ᠬᠦᠭᠵᠢᠶᠡᠨᠳᠡᠢ ᠶᠠᠪᠤᠭ᠍ᠳᠠᠵᠤ᠂ ᠤᠷᠤᠯᠴᠠᠭᠰᠠᠳ ᠰᠡᠳᠬᠢᠯ ᠳᠠᠯᠪᠢᠨ ᠬᠠᠢᠨ ᠰᠦᠪᠡᠭ᠌ᠴᠢᠯᠡᠵᠦ᠍᠂ ᠤᠷᠠᠨ ᠳᠠᠷᠬᠠᠨ ᠤ᠋ ᠵᠤᠷᠢᠭ ᠰᠠᠨᠠᠭ᠎ᠠ ᠵᠢ ᠤᠯᠠᠮᠵᠢᠯᠠᠨ ᠵᠠᠯᠭᠠᠮᠵᠢᠯᠠᠵᠤ᠂ ᠰᠣᠶᠣᠯ ᠤ᠋ᠨ ᠳᠤᠷ᠎ᠠ ᠰᠣᠨᠢᠷᠬᠠᠯ ᠎ᠵᠢᠡᠷ ᠪᠢᠯᠬᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号