2026 ᠤᠨ᠎ᠤ ᠥᠪᠥᠷ ᠮᠣᠩᠭᠣᠯ᠎ᠤᠨ ᠠᠵᠢᠯᠲᠠᠨ ᠠᠵᠢᠯᠴᠢᠨ ᠤ ᠰᠤᠪᠢᠯᠠᠯᠲᠠ ᠠᠮᠠᠷᠠᠯᠲᠠ᠎ᠶᠢᠨ ᠠᠵᠢᠯᠯᠠᠭ᠎ᠠ ᠨᠢᠭᠡᠨᠲᠡ ᠪᠦᠬᠦ ᠲᠠᠯ᠎ᠠ᠎ᠪᠠᠷ ᠡᠬᠢᠯᠡᠪᠡ᠃ ᠠᠵᠢᠯᠯᠠᠭ᠎ᠠ ᠨᠢ ᠬᠡᠪᠴᠢᠶ᠎ᠡ᠎ᠶᠢ ᠥᠷᠭᠡᠳᠬᠡᠨ ᠶᠠᠰᠤ ᠴᠢᠨᠠᠷ᠎ᠢ ᠴᠢᠨᠠᠬᠰᠢᠲᠠ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠡᠴᠡ ᠲᠣᠰ ᠱᠠᠲᠤᠨ᠎ᠤ ᠡᠮᠴᠢᠯᠡᠭᠡ ᠰᠤᠪᠢᠯᠠᠯᠲᠠ᠎ᠶᠢᠨ ᠲᠤᠰᠬᠠᠢ ᠵᠠᠷᠤᠳᠠᠯ᠎ᠢ 4508 ᠲᠦᠮᠡᠨ ᠲᠥᠭᠥᠷᠢᠭ ᠬᠦᠷᠲᠡᠯ᠎ᠡ ᠨᠡᠮᠡᠭᠳᠡᠭᠦᠯᠵᠦ᠂ 1.2 ᠲᠦᠮᠡ ᠰᠢᠬᠠᠮ ᠬᠥᠳᠡᠯᠮᠦᠷᠢ᠎ᠶᠢᠨ ᠵᠢᠱ᠌ᠢᠶᠡᠴᠢ᠂ ᠠᠵᠢᠯᠲᠠᠨ ᠠᠵᠢᠯᠴᠢᠨ᠎ᠢ ᠡᠮᠴᠢᠯᠡᠭᠡ ᠰᠤᠪᠢᠯᠠᠯᠲᠠ᠎ᠶᠢᠨ ᠠᠵᠢᠯᠯᠠᠭ᠎ᠠ᠎ᠳᠤ ᠣᠷᠣᠯᠴᠠᠭᠤᠯᠬᠤ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠲᠦᠷᠦᠭᠦᠭᠡᠨ《2026 ᠣᠨ᠎ᠤ ᠪᠦᠬᠦ ᠣᠷᠣᠨ᠎ᠤ ᠠᠵᠢᠯᠲᠠᠨ ᠠᠵᠢᠯᠴᠢᠨ᠎ᠤ ᠡᠮᠴᠢᠯᠡᠭᠡ ᠰᠤᠪᠢᠯᠠᠯᠲᠠ᠎ᠶᠢᠨ ᠬᠡᠷᠡᠭᠵᠢᠭᠦᠯᠬᠦ ᠲᠥᠰᠥᠯ 》 ᠢ᠋ ᠳᠠᠷᠤᠮᠠᠯᠯᠠᠨ ᠲᠠᠷᠬᠠᠭᠠᠵᠤ᠂ ᠡᠨᠡ ᠵᠢᠯ ᠡᠮᠴᠢᠯᠡᠭᠡ ᠰᠤᠪᠢᠯᠠᠯᠲᠠ᠎ᠶᠢᠨ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠦ᠂ 6629 ᠨᠡᠷᠡᠰ ᠠᠢᠮᠠᠭ ᠬᠣᠲᠠ᠎ᠶᠢᠨ ᠲᠠᠰ ᠵᠢᠴᠢ ᠲᠡᠭᠦᠨ᠎ᠡᠴᠡ ᠳᠡᠭᠡᠭᠰᠢᠬᠢ ᠠᠵᠢᠯ᠎ᠤᠨ ᠪᠠᠢᠷᠢ᠎ᠳᠤ ᠪᠠᠢᠭ᠎ᠠ ᠬᠥᠳᠡᠯᠮᠦᠷᠢ᠎ᠶᠢᠨ ᠵᠢᠱ᠌ᠢᠶᠡᠴᠢ᠂ ᠲᠡᠷᠢᠭᠦᠨ᠎ᠦ ᠠᠵᠢᠯᠲᠠᠨ ᠪᠠ ᠲᠠᠪᠤᠨ ᠰᠠᠷ᠎ᠠ᠎ᠶᠢᠨ ᠨᠢᠭᠡᠨ᠎ᠦ ᠬᠥᠳᠡᠯᠮᠦᠷᠢ᠎ᠶᠢᠨ ᠱᠠᠩᠨᠠᠯ᠎ᠤᠨ ᠮᠧᠳᠠᠯ ᠬᠦᠷᠲᠡᠭᠴᠢ᠂ ᠰᠢᠯᠢᠳᠡᠭ ᠮᠡᠷᠭᠡᠵᠢᠯ᠎ᠦᠨ ᠠᠵᠢᠯᠴᠢᠨ ᠵᠢᠴᠢ 102 ᠨᠡᠷᠡᠰ ᠠᠵᠢᠯᠴᠢᠨ᠎ᠤ ᠡᠪᠯᠡᠯ᠎ᠦᠨ ᠰᠢᠯᠢᠲᠡᠭ ᠠᠵᠢᠯᠲᠠᠨ᠎ᠢ ᠡᠮᠴᠢᠯᠡᠭᠡ ᠰᠤᠪᠢᠯᠠᠯᠲᠠ ᠢ᠋ᠢᠨ ᠠᠵᠢᠯᠯᠠᠭ᠎ᠠ᠎ᠳᠤ ᠣᠷᠣᠯᠴᠠᠭᠤᠯᠬᠤ᠎ᠪᠠᠷ ᠲᠥᠯᠥᠪᠯᠡᠵᠦ᠂ ᠡᠮᠴᠢᠯᠡᠭᠡ ᠰᠤᠪᠢᠯᠠᠯᠲᠠ ᠢ᠋ᠢᠨ ᠭᠠᠵᠠᠷ᠎ᠢ ᠥᠪᠥᠷ ᠮᠣᠩᠭᠣᠯ᠎ᠤᠨ ᠠᠵᠢᠯᠴᠢᠨ᠎ᠤ ᠰᠤᠪᠢᠯᠠᠯᠲᠠ᠎ᠶᠢᠨ ᠬᠦᠷᠢᠶᠡᠯᠡᠩ᠂ ᠥᠪᠥᠷ ᠮᠣᠩᠭᠣᠯ᠎ᠤᠨ ᠠᠵᠢᠯᠴᠢᠨ᠎ᠤ ᠪᠤᠭᠤᠲᠤ᠎ᠶᠢᠨ ᠡᠮᠴᠢᠯᠡᠭᠡ ᠰᠤᠪᠢᠯᠠᠯᠲᠠ᠎ᠶᠢᠨ ᠬᠦᠷᠢᠶᠡᠯᠡᠩ᠎ᠡᠴᠡ ᠪᠥᠬᠥ ᠤᠯᠤᠰ᠎ᠤᠨ 20 ᠭᠠᠷᠤᠢ ᠠᠵᠢᠯᠴᠢᠨ᠎ᠤ ᠰᠤᠪᠢᠯᠠᠯᠲᠠ᠎ᠶᠢᠨ ᠬᠦᠷᠢᠶᠡᠯᠡᠩ ᠬᠦᠷᠲᠡᠯ᠎ᠡ ᠥᠷᠭᠡᠳᠬᠡᠨ᠎ᠡ᠃
ᠲᠥᠰᠥᠯ᠎ᠳᠦ᠂ ᠵᠢᠱ᠌ᠢᠶ᠎ᠡ ᠦᠵᠡᠭᠦᠯᠬᠦ ᠴᠢᠨᠠᠷᠲᠠᠢ ᠠᠵᠢᠯᠲᠠᠨ ᠠᠵᠢᠯᠴᠢᠨ᠎ᠤ ᠡᠮᠴᠢᠯᠡᠭᠡ ᠰᠤᠪᠢᠯᠠᠯᠲᠠ ᠢ᠋ᠢᠨ ᠠᠵᠢᠯᠯᠠᠭ᠎ᠠ᠎ᠳᠤ 5000 ᠬᠦᠮᠦᠨ ᠡᠴᠡ ᠲᠤᠲᠠᠭᠤ ᠦᠭᠡᠢ ᠤᠷᠤᠯᠴᠠᠭᠤᠯᠬᠤ ᠪᠡᠷ ᠲᠦᠯᠦᠪᠯᠡᠵᠦ᠂ ᠭᠤᠷᠪᠠᠨ ᠶᠡᠬᠡ ᠲᠥᠷᠥᠯ᠎ᠢᠶᠡᠷ ᠥᠷᠨᠢᠭᠦᠯᠦᠨ᠎ᠡ᠂ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠲᠣᠰ ᠱᠠᠲᠤᠨ᠎ᠤ ᠵᠢᠱ᠌ᠢᠶ᠎ᠡ ᠦᠵᠡᠭᠦᠯᠬᠦ ᠴᠢᠨᠠᠷᠲᠠᠢ ᠠᠵᠢᠯᠲᠠᠨ ᠠᠵᠢᠯᠴᠢᠨ᠎ᠤ ᠡᠮᠴᠢᠯᠡᠭᠡ ᠰᠤᠪᠢᠯᠠᠯᠲᠠ ᠢ᠋ᠢᠨ ᠠᠵᠢᠯᠯᠠᠭ᠎ᠠ᠎ᠳᠤ 1125 ᠬᠥᠮᠥᠨ ᠢ᠋ ᠤᠷᠤᠯᠴᠠᠭᠤᠯᠤᠨ᠎ᠠ᠂ ᠡᠯ᠎ᠡ ᠱᠠᠲᠤᠨ᠎ᠤ ᠠᠵᠢᠯᠴᠢᠨ᠎ᠤ ᠡᠪᠯᠡᠯ᠎ᠡᠴᠡ ᠰᠣᠩᠭᠣᠨ ᠲᠣᠮᠢᠯᠠᠭᠰᠠᠨ ᠨᠢᠭᠡᠳᠦᠭᠡᠷ ᠹᠷᠣᠨᠲ ᠤᠨ ᠲᠡᠷᠢᠭᠦᠨ᠎ᠦ ᠠᠵᠢᠯᠲᠠᠨ ᠠᠵᠢᠯᠴᠢᠨ᠂ ᠰᠢᠯᠢᠳᠡᠭ ᠡᠮᠡᠭᠲᠡᠢ ᠠᠵᠢᠯᠲᠠᠨ ᠠᠵᠢᠯᠴᠢᠨ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ ᠵᠢᠴᠢ ᠣᠯᠠᠨ ᠨᠡᠶ᠋ᠢᠲᠡ᠎ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠂ ᠬᠢᠯᠢ᠎ᠶᠢᠨ ᠬᠠᠮᠠᠭᠠᠯᠠᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠬᠦᠷᠢᠶᠡᠨ᠎ᠳᠦ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ ᠢ᠋ ᠪᠠᠬᠲᠠᠭᠠᠨᠠ; ᠠᠢᠮᠠᠭ ᠬᠣᠲᠠ᠎ᠶᠢᠨ ᠠᠵᠢᠯᠴᠢᠨ᠎ᠤ ᠡᠪᠯᠡᠯ᠎ᠦᠨ ᠳᠠᠭᠠᠭᠠᠴᠢᠯᠠᠨ ᠡᠷᠭᠢᠯᠡᠬᠦ 5 ᠪᠦᠯᠦᠭ 《ᠡᠮᠴᠢᠯᠡᠭᠡ ᠰᠤᠪᠢᠯᠠᠯᠲᠠ +》 ᠣᠨᠴᠠᠯᠢᠭ᠍ᠲᠤ ᠲᠤᠰᠬᠠᠢ ᠠᠵᠢᠯᠯᠠᠭ᠎ᠠ᠎ᠳᠤ 260 ᠠᠵᠢᠯᠲᠠᠨ ᠠᠵᠢᠯᠴᠢᠨ ᠢ᠋ ᠤᠷᠤᠯᠴᠠᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠡᠴᠡ ᠨᠥᠬᠥᠪᠦᠷᠢᠯᠡᠬᠦ ᠬᠥᠲᠥᠯᠥᠨ ᠵᠢᠯᠤᠭᠣᠳᠬᠤ ᠴᠢᠨᠠᠷᠲᠠᠢ ᠠᠵᠢᠯᠲᠠᠨ ᠠᠵᠢᠯᠴᠢᠨ᠎ᠤ ᠡᠮᠴᠢᠯᠡᠭᠡ ᠰᠤᠪᠢᠯᠠᠯᠲᠠ ᠢ᠋ᠢᠨ ᠠᠵᠢᠯᠯᠠᠭ᠎ᠠ᠎ᠳᠤ 3615 ᠬᠥᠮᠥᠨ ᠡᠴᠡ ᠳᠤᠲᠠᠭᠤ ᠦᠭᠡᠢ ᠤᠷᠤᠯᠴᠠᠭᠤᠯᠤᠨ᠎ᠠ ᠬᠡᠵᠦ ᠲᠤᠬᠲᠠᠭᠠᠪᠠ᠃
ᠡᠮᠴᠢᠯᠡᠭᠡ ᠰᠤᠪᠢᠯᠠᠯᠲᠠ᠎ᠶᠢᠨ ᠠᠵᠢᠯᠯᠠᠭ᠎ᠠ ᠪᠡᠷ ᠨᠡᠩ ᠣᠯᠠᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠎ᠳᠤ ᠠᠰᠢᠭ᠋ ᠬᠦᠷᠲᠡᠭᠡᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠡᠯ᠎ᠡ ᠠᠢᠮᠠᠭ ᠬᠣᠲᠠ᠎ᠶᠢᠨ ᠠᠵᠢᠯᠴᠢᠨ᠎ᠤ ᠡᠪᠯᠡᠯ᠎ᠳᠦ 350 ᠲᠦᠮᠡᠨ ᠲᠥᠭᠥᠷᠢᠭ᠎ᠦᠨ ᠬᠥᠲᠥᠯᠥᠨ ᠵᠢᠯᠤᠭᠣᠳᠬᠤ ᠴᠢᠨᠠᠷᠲᠠᠢ ᠪᠡᠯᠡ ᠮᠥᠩᠭᠥ ᠨᠥᠬᠥᠪᠦᠷᠢᠯᠡᠵᠦ᠂ ᠡᠯ᠎ᠡ ᠱᠠᠲᠤᠨ᠎ᠤ ᠣᠷᠣᠨ ᠨᠤᠲᠤᠭ᠎ᠤᠨ ᠠᠵᠢᠯᠴᠢᠨ᠎ᠤ ᠡᠪᠯᠡᠯ ᠪᠣᠯᠣᠨ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠥᠪᠡᠰᠦᠪᠡᠨ ᠡᠮᠴᠢᠯᠡᠭᠡ ᠰᠤᠪᠢᠯᠠᠯᠲᠠ ᠢ᠋ᠢᠨ ᠠᠵᠢᠯᠯᠠᠭ᠎ᠠ᠎ᠶᠢ ᠵᠣᠬᠢᠶᠠᠨ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠡᠯ᠎ᠡ ᠭᠠᠵᠠᠷ᠎ᠤᠨ ᠬᠢᠨ 1000 ᠬᠥᠮᠥᠨ᠎ᠡᠴᠡ ᠳᠤᠲᠠᠭᠤ ᠦᠭᠡᠢ ᠰᠢᠨ᠎ᠡ ᠠᠵᠢᠯ ᠤᠯᠭᠤᠯᠲᠠ ᠢ᠋ᠢᠨ ᠬᠡᠯᠪᠡᠷᠢ᠎ᠶᠢᠨ ᠬᠥᠳᠡᠯᠮᠦᠷᠢᠴᠢᠨ᠂ 360 ᠬᠥᠮᠥᠨ᠎ᠡᠴᠡ ᠳᠤᠲᠠᠭᠤ ᠦᠭᠡᠢ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ ᠤᠨ ᠠᠵᠢᠯᠴᠢᠨ᠎ᠢ ᠵᠣᠬᠢᠶᠠᠨ ᠪᠠᠢᠭᠤᠯᠤᠨ ᠣᠷᠣᠯᠴᠠᠭᠤᠯᠬᠤ᠎ᠶᠢ ᠲᠣᠳᠣᠷᠬᠠᠢ ᠲᠤᠬᠲᠠᠭᠠᠵᠦ᠂ ᠪᠥᠬᠥ ᠣᠷᠣᠨ᠎ᠤ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ ᠢᠳᠡᠪᠬᠢᠲᠡᠢ ᠬᠥᠳᠡᠯᠦᠯᠴᠡᠵᠦ᠂ ᠲᠣᠰ ᠨᠢᠭᠡᠴᠢ᠎ᠶᠢᠨ᠎ᠢᠶᠡᠨ ᠪᠣᠳᠠᠲᠤ ᠪᠠᠢᠳᠠᠯ᠎ᠳᠤ ᠨᠡᠢᠴᠡᠬᠦ ᠠᠵᠢᠯᠲᠠᠨ ᠠᠵᠢᠯᠴᠢᠨ᠎ᠤ ᠡᠮᠴᠢᠯᠡᠭᠡ ᠰᠤᠪᠢᠯᠠᠯᠲᠠ ᠢ᠋ᠢᠨ ᠠᠵᠢᠯᠯᠠᠭ᠎ᠠ ᠥᠷᠨᠢᠭᠦᠯᠬᠦ ᠵᠢ ᠤᠷᠢᠶᠠᠯᠠᠪᠠ᠃