ᠬᠥᠬᠡᠬᠣᠲᠠ ᠳᠠᠯᠠᠢ ᠎ᠶᠢᠨ ᠴᠡᠷᠢᠭ᠎ᠦᠨ ᠪᠠᠶᠠᠷ᠎ᠲᠤ 《ᠬᠣᠶᠠᠷ᠎ᠢ ᠬᠦᠷᠢᠶᠡᠯᠡᠬᠦ 》 ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠵᠡᠢ
2026-05-07 11:24:15
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠠᠷᠠᠳ᠎ᠤᠨ ᠲᠡᠯᠡᠶ᠎ᠶᠢᠨ ᠴᠡᠷᠢᠭ ᠪᠠᠢᠭᠤᠯᠤᠭᠳᠠᠭᠰᠠᠨ 77 ᠵᠢᠯ᠎ᠦᠨ ᠣᠶ᠎ᠶᠢ ᠪᠡᠯᠭᠡᠯᠡᠵᠦ᠂ ᠬᠣᠲᠠ᠎ᠶᠢᠨ ᠠᠷᠠᠳ᠎ᠤᠨ ᠲᠡᠯᠡᠶ᠎ᠶᠢᠨ ᠴᠡᠷᠢᠭ᠎ᠦᠨ ᠪᠦᠲᠦᠭᠡᠨ ᠪᠠᠢᠭᠤᠯᠤᠯᠲᠠ᠎ᠳᠠᠬᠢ ᠠᠩᠬᠠᠷᠤᠯ ᠳᠡᠮᠵᠢᠯᠭᠡ ᠎ᠶᠢ ᠨᠡᠮᠡᠭᠳᠡᠭᠦᠯᠬᠦ᠎ᠶᠢᠨ ᠲᠥᠯᠥᠭᠡ᠂ ᠬᠥᠬᠡᠬᠣᠲᠠ᠎ᠶᠢᠨ ᠴᠡᠷᠢᠭ᠎ᠦᠨ ᠠᠯᠪᠠ᠎ᠡᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠲᠡᠯᠡᠶ᠎ᠶᠢᠨ ᠴᠡᠷᠢᠭ᠎ᠦᠨ ᠪᠠᠶᠠᠷ᠎ᠤᠨ ᠡᠳᠦᠷ᠎ᠦᠨ ᠬᠤᠭᠤᠴᠠᠭᠠᠨ ᠳ᠋ᠤ᠂ ᠪᠥᠬᠥ ᠬᠣᠲᠠ᠎ᠶᠢᠨ ᠬᠡᠪᠴᠢᠶᠡᠨ᠎ᠳᠦ ᠭᠡᠷ᠎ᠦᠨ ᠭᠠᠳᠠᠨᠠᠬᠢ LED ᠳᠡᠯᠭᠡᠴᠡ᠂ ᠭᠠᠵᠠᠷ ᠳᠣᠣᠷᠠᠬᠢ ᠲᠡᠮᠦᠷ ᠵᠠᠮ᠎ᠤᠨ ᠥᠷᠲᠡᠭᠡ᠂ ᠦᠢᠯᠡᠴᠢᠯᠡᠭᠡᠨ᠎ᠦ ᠴᠣᠩᠬᠣᠪᠴᠢ ᠵᠡᠷᠭᠡ ᠠᠴᠢᠶᠠᠯᠠᠪᠤᠷᠢ᠎ᠪᠠᠷ ᠲᠡᠯᠡᠶ᠎ᠶᠢᠨ ᠴᠡᠷᠢᠭ᠎ᠦᠨ ᠪᠠᠶᠠᠷ᠎ᠤᠨ ᠡᠳᠦᠷ᠎ᠦᠨ ᠭᠣᠣᠯ ᠰᠡᠳᠦᠪᠲᠦ ᠤᠬᠠᠭᠤᠯᠭ᠎ᠠ᠎ᠶᠢᠨ ᠹᠢᠯᠢᠮ ᠢ᠋ ᠨᠠᠪᠲᠠᠷᠡᠭᠦᠯᠵᠦ᠂ ᠠᠷᠠᠳ᠎ᠤᠨ ᠲᠡᠯᠡᠶ᠎ᠶᠢᠨ ᠴᠡᠷᠢᠭ᠎ᠲᠦ ᠬᠦᠨᠳᠦᠳᠬᠡᠯ ᠳᠡᠪᠰᠢᠭᠦᠯᠪᠡ᠃

ᠲᠣᠰ ᠤᠳᠠᠭᠠᠨ᠎ᠤ ᠤᠬᠠᠭᠤᠯᠭ᠎ᠠ᠎ᠶᠢᠨ ᠠᠵᠢᠯᠯᠠᠭ᠎ᠠ ᠨᠢ ᠲᠡᠯᠡᠶ᠎ᠶᠢᠨ ᠴᠡᠷᠢᠭ᠎ᠢ ᠬᠠᠯᠠᠮᠵᠢᠯᠠᠬᠤ᠂ ᠲᠡᠯᠡᠶ᠎ᠶᠢᠨ ᠴᠡᠷᠢᠭ᠎ᠢ ᠬᠠᠢᠷᠠᠯᠠᠬᠤ᠂ ᠲᠡᠯᠡᠶ᠎ᠶᠢᠨ ᠴᠡᠷᠢᠭ ᠎ᠢ ᠳᠡᠮᠵᠢᠬᠦ ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠵᠤ᠂ ᠬᠣᠲᠠ᠎ᠶᠢᠨ ᠠᠷᠠᠳ ᠎ᠤᠨ ᠬᠥᠬᠡᠬᠣᠲᠠ ᠨᠡᠷᠡᠮᠵᠢᠳᠤ ᠬᠥᠯᠭᠡ ᠣᠩᠭᠣᠴᠠ᠂ ᠳᠠᠯᠠᠨ ᠬᠠᠷ᠎ᠠ ᠠᠭᠤᠯᠠ᠎ᠨᠡᠷᠡᠮᠵᠢᠳᠤ ᠬᠥᠯᠭᠡ ᠣᠩᠭᠣᠴᠠ᠎ᠶᠢᠨ ᠲᠤᠬᠠᠢ  ᠲᠠᠨᠢᠯᠳᠠ ᠵᠢ  ᠤᠯᠠᠮ ᠨᠢᠭᠡ  ᠠᠯᠬᠤᠮ ᠭᠦᠨᠵᠡᠭᠡᠢᠷᠡᠭᠦᠯᠪᠡ᠃

ᠲᠠᠷᠠᠭᠠᠴᠢ᠎ᠪᠡᠷ᠂ ᠬᠦᠬᠡᠬᠣᠲᠠ᠎ᠶᠢᠨ ᠴᠡᠷᠢᠭ᠎ᠦᠨ ᠠᠯᠪᠠ᠎ᠡᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ 《ᠬᠢᠯᠢ᠎ᠶᠢᠨ ᠬᠠᠮᠠᠭᠠᠯᠠᠯᠲᠠ ᠲᠡᠯᠡᠶ᠎ᠶᠢᠨ ᠬᠠᠮᠠᠭᠠᠯᠠᠯᠲᠠ ᠵᠢ ᠬᠠᠯᠠᠮᠵᠢᠯᠠᠬᠤ 》 ᠂ 《ᠬᠣᠶᠠᠷ᠎ᠢ ᠬᠦᠷᠢᠶᠡᠯᠡᠬᠦ ᠵᠢ ᠦᠨᠳᠦᠰᠦᠨ ᠱᠠᠲᠤᠨ᠎ᠳᠤ ᠬᠦᠷᠭᠡᠭᠦ》 ᠵᠡᠷᠭᠡ 《ᠬᠣᠶᠠᠷ᠎ᠢ ᠬᠦᠷᠢᠶᠡᠯᠡᠬᠦ 》 ᠠᠵᠢᠯ᠎ᠤᠨ ᠭᠣᠣᠯ ᠰᠡᠳᠦᠪ᠎ᠦᠨ ᠲᠣᠭᠣᠷᠢᠨ᠎ᠳᠤ᠂ ᠭᠤᠤᠯᠳᠠᠯᠭ᠎ᠠ ᠲᠠᠢ ᠴᠠᠭ ᠬᠤᠭᠤᠴᠠᠭᠠᠨ ᠳ᠋ᠤ ᠲᠦᠷᠢᠶᠡᠰᠦᠨ ᠮᠠᠰᠢᠨ ᠲᠡᠷᠭᠡ᠂ ᠨᠡᠶ᠋ᠢᠲᠡ᠎ᠶᠢᠨ ᠮᠠᠰᠢᠨ ᠲᠡᠷᠭᠡ᠂ ᠵᠡᠭᠡᠯᠢ ᠭᠤᠳᠤᠮᠵᠢ᠎ᠶᠢᠨ LED ᠳᠡᠯᠭᠡᠴᠡ᠂ 《 ᠬᠣᠶᠠᠷ᠎ᠢ ᠬᠦᠷᠢᠶᠡᠯᠡᠬᠦ》 ᠴᠡᠴᠡᠷᠯᠢᠭ᠂ 《ᠬᠣᠶᠠᠷ ᠎ᠢ  ᠬᠦᠷᠢᠶᠡᠯᠡᠬᠦ 》ᠵᠢᠱ᠌ᠢᠶ᠎ᠡ ᠦᠵᠡᠭᠦᠯᠬᠦ ᠵᠡᠭᠡᠯᠢ ᠵᠡᠷᠭᠡ ᠵᠢᠭ᠍ᠰᠠᠭᠠᠯ᠎ᠤᠨ ᠭᠠᠵᠠᠷ᠎ᠢ ᠠᠰᠢᠭ᠍ᠯᠠᠵᠤ᠂ ᠭᠣᠣᠯ ᠰᠡᠳᠦᠪ ᠨᠢ ᠢᠯᠡ ᠲᠣᠳᠣ᠂ ᠬᠡᠯᠪᠡᠷᠢ ᠶᠠᠩᠵᠤ᠎ᠨᠢ ᠪᠠᠶᠠᠯᠢᠭ ᠣᠯᠠᠨ ᠲᠦᠮᠡᠨᠴᠢ ᠴᠢᠨᠠᠷᠲᠠᠢ 《 ᠬᠣᠶᠠᠷ᠎ᠢ ᠬᠦᠷᠢᠶᠡᠯᠡᠬᠦ 》 ᠦᠢᠯᠡᠳᠦᠯᠭᠡ᠎ᠶᠢᠨ ᠠᠵᠢᠯᠯᠠᠭ᠎ᠠ᠎ᠶᠢ ᠵᠣᠬᠢᠶᠠᠨ ᠪᠠᠢᠭᠤᠯᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ ᠎ᠢ  ᠪᠡᠬᠢᠵᠢᠭᠦᠯᠵᠦ᠂ ᠣᠷᠣᠨ᠎ᠤ ᠲᠥᠪ᠎ᠦᠨ 《ᠬᠣᠶᠠᠷ᠎ᠢ ᠬᠦᠷᠢᠶᠡᠯᠡᠬᠦ》 ᠠᠵᠢᠯ ᠎ᠤᠨ ᠰᠠᠭᠤᠷᠢ᠎ᠶᠢ ᠴᠢᠨᠠᠬᠰᠢᠳᠠ ᠪᠠᠳᠤᠳᠬᠠᠨ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号