ᠡᠸᠡᠩᠬᠢ ᠠᠷᠠᠳ᠎ᠤᠨ ᠬᠤᠪᠴᠠᠰᠤ ᠵᠠᠰᠠᠯ᠂ ᠳᠠᠭᠤᠷ ᠮᠣᠳᠣᠨ ᠰᠡᠢᠯᠦᠮᠡᠯ᠂ ᠪᠤᠷᠢᠶᠠᠳ᠎ᠤᠨ ᠠᠮᠲᠠᠲᠤ ᠢᠳᠡᠭᠡᠨ᠂ ᠮᠤᠨᠭᠭᠤᠯ ᠬᠢᠳᠤᠭ᠎ᠠ ᠵᠢᠨ ᠤᠷᠠᠯᠠᠯ ᠁ ᠥᠨᠢ ᠤᠳᠠᠭᠠᠨ ᠦᠨᠳᠦᠰᠦᠲᠡᠨ᠎ᠦ ᠰᠤᠶᠤᠯ ᠨᠢ ᠬᠥᠮᠥᠰ᠎ᠦᠨ ᠠᠩᠬᠠᠷᠤᠯ᠎ᠢ ᠲᠠᠲᠠᠭᠰᠠᠭᠠᠷ ᠢᠷᠡᠭᠰᠡᠨ ᠶᠤᠮ᠃
《ᠡᠸᠡᠩᠬᠢ ᠦᠨᠳᠦᠰᠦᠲᠡᠨ᠎ᠦ ᠰᠣᠶᠣᠯ᠎ᠤᠨ ᠠᠵᠤ ᠦᠢᠯᠡᠰ᠎ᠦᠨ ᠦᠢᠯᠡᠰ ᠪᠣᠰᠬᠠᠬᠤ ᠬᠦᠷᠢᠶᠡᠯᠡᠩ》 ᠨᠢ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠪᠠ ᠦᠢᠯᠡᠴᠢᠯᠡᠭᠡᠨ᠎ᠦ ᠪᠠᠲᠤᠯᠠᠭ᠎ᠠ᠎ᠪᠠᠷ ᠭᠠᠷᠳᠠᠴᠠ ᠪᠣᠯᠭᠠᠵᠤ᠂ ᠦᠢᠯᠡᠰ ᠪᠤᠰᠬᠠᠬᠤ ᠣᠷᠴᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠡᠯ᠎ᠡ ᠲᠥᠷᠥᠯ᠎ᠦᠨ ᠦᠢᠯᠡᠰ ᠪᠤᠰᠬᠠᠭᠴᠢ᠂ ᠵᠢᠵᠢᠭ ᠠᠵᠤ ᠠᠬᠤᠢᠯᠠᠯ᠎ᠢ ᠲᠡᠳᠡᠨ ᠣᠷᠣᠭᠤᠯᠵᠤ ᠬᠥᠭᠵᠢᠭᠦᠯᠦᠨ᠂ ᠦᠨᠳᠦᠰᠦᠲᠡᠨ᠎ᠦ ᠤᠷᠡᠯᠡᠯ ᠰᠣᠶᠣᠯ᠎ᠤᠨ ᠦᠢᠯᠡᠰ ᠪᠤᠰᠬᠠᠬᠤ᠂ ᠣᠨᠴᠠᠯᠢᠭ᠍ᠲᠤ ᠠᠵᠤ ᠦᠢᠯᠡᠰ ᠵᠡᠷᠭᠡ ᠬᠦᠷᠢᠶᠡᠨ᠎ᠦ ᠥᠷᠨᠢᠩᠭᠦᠢ ᠬᠥᠭᠵᠢᠯᠲᠡ᠎ᠶᠢ ᠪᠦᠲᠦᠮᠵᠢᠲᠡᠶ ᠳᠠᠶ᠋ᠢᠴᠢᠯᠠᠵᠤ᠂ ᠣᠯᠠᠨ ᠲᠦᠮᠡᠨ᠎ᠦ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠠᠬᠢᠭᠤᠯᠬᠤ᠂ ᠦᠨᠳᠦᠰᠦᠲᠡᠨ᠎ᠦ ᠰᠣᠶᠣᠯ᠎ᠢ ᠤᠯᠠᠮᠵᠢᠯᠠᠨ ᠪᠠᠳᠠᠷᠠᠭᠤᠯᠬᠤ᠎ᠶᠢᠨ ᠬᠠᠮᠲᠤ ᠣᠷᠣᠨ ᠨᠤᠲᠤᠭ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃
ᠳᠤᠰ ᠬᠦᠷᠢᠶᠡᠯᠡᠨᠭ᠎ᠳᠤ ᠠᠪᠴᠤ ᠬᠡᠯᠡᠪᠡᠯ᠂ ᠲᠦᠷᠦ᠎ᠶᠢᠨ ᠪᠣᠳᠣᠯᠭ᠎ᠠ ᠪᠣᠯᠣᠨ ᠦᠢᠯᠡᠴᠢᠯᠡᠭᠡ ᠪᠣᠯ ᠬᠦᠷᠢᠶᠡᠯᠡᠩ᠎ᠤᠨ《ᠶᠠᠰᠤ ᠰᠢᠷᠪᠦᠰᠦ》᠂ ᠰᠣᠶᠣᠯ ᠵᠢᠭᠤᠯᠴᠢᠯᠡᠯ᠎ᠤᠨ ᠠᠭᠤᠰᠤᠯᠴᠠᠯ ᠪᠣᠯ ᠲᠡᠭᠦᠨ᠎ᠦ ᠬᠦᠭᠵᠢᠯᠲᠡ ᠵᠢᠨ 《ᠴᠢᠰᠤᠨ ᠰᠤᠳᠠᠯ》 ᠪᠣᠯᠣᠨ᠎ᠠ᠃ ᠦᠢᠯᠡᠰ ᠪᠤᠰᠬᠠᠬᠤ ᠬᠦᠷᠢᠶᠡᠯᠡᠩ ᠨᠢ ᠤᠯᠤᠰ᠎ᠤᠨ 2A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠢᠶᠠᠷ ᠦᠨᠡᠯᠡᠭᠲᠡᠭᠰᠡᠨ ᠨᠢ ᠡᠨᠡ ᠨᠤᠲᠤᠭ ᠤ᠋ᠨ ᠰᠣᠶᠣᠯ᠎ᠢ ᠣᠢᠯᠠᠭᠠᠭᠤᠯᠵᠤ᠂ ᠠᠵᠤ ᠦᠢᠯᠡᠰ᠎ᠢ ᠰᠣᠨᠢᠷᠬᠠᠭᠤᠯᠵᠤ᠂ ᠬᠡᠷᠡᠭᠯᠡᠭᠡ᠎ᠶᠢ ᠦᠷᠭᠡᠳᠭᠡᠬᠦ ᠣᠷᠣᠨ ᠵᠠᠢ᠎ᠶᠢ ᠨᠡᠭᠡᠭᠡᠭᠰᠡᠨ ᠪᠠᠢᠨ᠎ᠠ᠃
ᠦᠢᠯᠡᠰ ᠪᠤᠰᠬᠠᠭᠴᠢᠳ ᠨᠢ ᠬᠢᠲᠠᠳ᠂ ᠡᠸᠡᠩᠬᠢ᠂ ᠳᠠᠭᠤᠷ᠂ ᠣᠷᠴᠣᠨ᠂ ᠣᠷᠣᠰ᠂ ᠮᠠᠨᠵᠤ ᠵᠡᠷᠭᠡ ᠣᠯᠠᠨ ᠦᠨᠳᠦᠰᠦᠲᠡᠨ᠎ᠢ ᠬᠠᠮᠤᠷᠴᠤ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠠᠮᠲᠤ᠎ᠶᠢᠨ ᠦᠢᠯᠡᠰ ᠪᠤᠰᠬᠠᠬᠤ ᠥᠯᠥᠭᠡᠢ ᠪᠣᠯᠤᠭᠰᠠᠨ ᠪᠠᠢᠨ᠎ᠠ᠃ 16 ᠪᠣᠳᠠᠰ᠎ᠤᠨ ᠪᠤᠰᠤ ᠰᠣᠶᠣᠯ᠎ᠤᠨ ᠥᠪ᠎ᠦᠨ ᠠᠵᠤ ᠠᠬᠤᠢᠯᠠᠯ ᠡᠨᠳᠡ ᠰᠠᠭᠤᠷᠢᠰᠢᠵᠤ᠂ 29 ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠲᠦᠷᠦᠯ ᠵᠦᠢᠯ᠎ᠢ ᠪᠠᠭᠲᠠᠭᠠᠪᠠ᠃ ᠡᠬᠦᠨ᠎ᠳᠤ 5 《ᠤᠷ᠎ᠠ ᠮᠡᠷᠭᠡᠵᠢᠯ᠎ᠦᠨ ᠶᠡᠬᠡ ᠮᠠᠰᠲᠧᠷ᠎ᠦᠨ ᠠᠵᠢᠯᠯᠠᠬᠤ ᠲᠠᠰᠤᠭ》 ᠤ᠋ᠨ ᠳᠣᠲᠣᠷᠠᠬᠢ 1 ᠨᠢ ᠤᠯᠤᠰ᠎ᠤᠨ ᠲᠠᠰ᠎ᠤᠨ ᠡᠩᠨᠡᠭᠡᠨ᠎ᠳᠦ ᠣᠷᠣᠵᠠᠢ᠃
ᠡᠸᠨᠨᠭᠬᠢ ᠬᠣᠰᠢᠭᠤ ᠨᠢ ᠳᠤᠰ ᠬᠦᠷᠢᠶᠡᠯᠡᠩ ᠵᠢᠡᠨ ᠤᠨᠴᠠᠯᠠᠬᠤ ᠲᠥᠷᠥᠯ ᠵᠦᠢᠯ ᠪᠣᠯᠭᠠᠨ ᠪᠣᠢᠵᠢᠭᠤᠯᠬᠤ᠎ᠪᠠᠷ ᠭᠠᠷᠳᠠᠴᠠ ᠪᠤᠯᠭᠠᠵᠤ᠂ ᠠᠵᠢᠯᠯᠠᠭ᠎ᠠ᠎ᠶᠢᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠠᠭᠤᠯᠭ᠎ᠠ᠎ᠶᠢ ᠪᠠᠶᠠᠯᠢᠭ᠍ᠵᠢᠭᠤᠯᠵᠤ᠂ ᠦᠢᠯᠡᠴᠢᠯᠡᠭᠡᠨ᠎ᠦ ᠪᠠᠲᠤᠯᠠᠭ᠎ᠠ᠎ᠶᠢ ᠰᠢᠯᠢᠳᠡᠭᠵᠢᠭᠦᠯᠵᠦ᠂ ᠨᠡᠭᠦᠳᠡᠯ ᠮᠠᠯᠵᠢᠯ ᠰᠣᠶᠣᠯ᠎ᠤᠨ ᠤᠯᠠᠮᠵᠢᠯᠠᠯᠲᠤ ᠵᠠᠩ ᠦᠶ᠋ᠯᠡ᠎ᠶᠢ ᠠᠬᠢᠭᠤᠯᠵᠤ᠂ ᠠᠯᠬᠤᠮ ᠠᠯᠬᠤᠮ᠎ᠢᠶᠠᠷ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠬᠤ᠂ ᠰᠣᠶᠣᠯ᠎ᠢ ᠣᠢᠯᠠᠭᠠᠬᠤ᠂ ᠵᠢᠭᠤᠯᠴᠢᠯᠠᠯ᠎ᠤᠨ ᠬᠡᠷᠡᠭᠯᠡᠭᠡ᠎ᠶᠢ ᠨᠢᠭᠡ ᠴᠣᠭᠴᠠᠵᠢᠭᠤᠯᠤᠭᠰᠠᠨ ᠣᠨᠴᠠᠯᠢᠭ᠍ᠲᠤ ᠰᠣᠶᠣᠯ ᠵᠢᠭᠤᠯᠴᠢᠯᠠᠯ᠎ᠤᠨ IP ᠪᠣᠯᠭᠠᠨ ᠬᠥᠭᠵᠢᠭᠦᠯᠵᠦ᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠥᠭᠵᠢᠭᠡᠬᠦ ᠴᠢᠬᠤᠯᠠ ᠠᠴᠢᠶᠠᠯᠠᠪᠤᠷᠢ ᠪᠣᠯᠭᠠᠵᠦ ᠪᠠᠢᠭ᠎ᠠ ᠠᠵᠢ᠃ ᠡᠸᠡᠩᠬᠢ ᠬᠣᠰᠢᠭᠤᠨ᠎ᠤ ᠦᠨᠳᠦᠰᠦᠲᠡᠨ᠎ᠦ ᠰᠣᠶᠣᠯ᠎ᠤᠨ ᠠᠵᠤ ᠦᠢᠯᠡᠰ᠎ᠦᠨ ᠦᠢᠯᠡᠰ ᠪᠤᠰᠬᠠᠬᠤ ᠬᠦᠷᠢᠶᠡᠯᠡᠩ ᠪᠤᠲᠠᠰ ᠤ᠋ᠨ ᠪᠤᠰᠤ ᠦᠪ ᠰᠣᠶᠣᠯ ᠢ᠋ ᠲᠡᠭᠡᠲᠦᠯᠡᠨ ᠬᠦᠭᠵᠢᠬᠦᠯᠵᠦ ᠵᠠᠬ᠎ᠠ ᠳᠡᠯᠭᠡᠭᠦᠷ ᠵᠢᠡᠷ ᠤᠲᠤᠷᠢᠲᠤᠮᠵᠢ ᠪᠤᠯᠭᠠᠭᠰᠠᠨ ᠵᠢᠡᠷ ᠲᠦᠷᠭᠡᠨ ᠬᠦᠭᠵᠢᠯᠲᠡ ᠵᠢᠨ ᠱᠠᠲᠤᠨ ᠳ᠋ᠠᠭᠠᠨ ᠤᠷᠤᠵᠤ᠂ ᠦᠢᠯᠡᠰ ᠪᠤᠰᠬᠠᠭ᠍ᠴᠢᠳ ᠤ᠋ᠨ ᠪᠠᠶᠠᠵᠢᠨ ᠴᠢᠨᠡᠭᠡᠯᠢᠭᠵᠢᠬᠦ ᠰᠢᠨ᠎ᠠ ᠲᠠᠪᠴᠠᠩ ᠪᠤᠯᠤᠭᠠᠳ ᠪᠠᠢᠭ᠎ᠠ ᠪᠢᠯᠡ᠃